ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠪᠠ
ᠨᠡᠶ᠋ᠢᠲᠡᠯᠡᠭᠰᠡᠨ ᠴᠠᠭ᠄ 2025-02-10

      ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ

ᠲᠢᠩᠬᠢᠮ᠎ᠠᠴᠠ ᠣᠢ᠌ᠯᠠᠭ᠋ᠠᠭᠰᠠᠨ ᠵᠢᠡᠷ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢ ᠤᠯᠠᠮ ᠵᠢᠷᠤᠮᠵᠢᠭᠤᠯᠵᠤ᠂ ᠡᠷᠬᠡ ᠲᠡᠭᠰᠢ ᠲᠥᠪ ᠭᠤᠤᠯᠴᠢ ᠡᠮᠬᠢ ᠵᠢᠷᠤᠮ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠲᠣᠭᠣᠷᠢᠨ᠎ᠢ ᠪᠤᠶ ᠪᠤᠯᠭ᠋ᠠᠬᠤ ᠵᠢᠨ ᠲᠥᠯᠥᠭᠡ᠂ ᠣᠢ᠌ᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ)᠎ᠳᠤ ᠵᠠᠰᠠᠪᠤᠷᠢ ᠣᠷᠣᠭᠤᠯᠤᠨ ᠨᠡᠢ᠌ᠲᠡᠯᠡᠪᠡ᠃

      《ᠬᠠᠮᠢᠶᠠᠷᠤᠯᠲᠠ ᠵᠢᠨ ᠠᠷᠭ᠎ᠠ》 ᠵᠢ ᠶᠡᠷᠦᠩᠬᠡᠢ ᠳᠦᠷᠢᠮ᠂ ᠲᠤᠰᠢᠶᠠᠯ ᠬᠠᠷᠢᠭᠤᠴᠠᠯᠭ᠎ᠠ ᠵᠢᠨ ᠬᠤᠪᠢᠶᠠᠷᠢᠯᠠᠯ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ᠂ ᠢᠲᠡᠭᠡᠮᠵᠢ ᠵᠢᠨ ᠦᠨᠡᠯᠡᠯᠲᠡ ᠪᠠ ᠰᠡᠷᠭᠦᠭᠡᠯᠲᠡ᠂ ᠳᠠᠭ᠋ᠠᠯᠳᠤᠭᠤᠯᠤᠭᠰᠠᠨ ᠳᠦᠷᠢᠮ ᠵᠡᠷᠭᠡ ᠲᠠᠪᠤᠨ ᠪᠦᠯᠦᠭ᠂ 19 ᠵᠤᠷᠪᠤᠰ ᠬᠤᠪᠢᠶᠠᠵᠠᠢ᠃ 《ᠬᠠᠮᠢᠶᠠᠷᠤᠯᠲᠠ ᠵᠢᠨ ᠠᠷᠭ᠎ᠠ》᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠬᠡᠷᠡᠭᠯᠡᠬᠦ ᠬᠡᠪᠴᠢᠶ᠎ᠡ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠬᠠᠮᠢᠶᠠᠷᠴᠤ ᠪᠠᠢ᠌ᠭ᠎ᠠ ᠪᠤᠰᠤᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ᠎ᠠᠴᠠ ᠡᠯ᠎ᠡ ᠠᠵᠢᠯ ᠲᠥᠷᠥᠯ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ᠎ᠳᠤ ᠭᠦᠷᠲᠡᠯ᠎ᠡ ᠥᠷᠭᠡᠳᠬᠡᠭᠰᠡᠨ ᠪᠥᠭᠡᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠨ

ᠲᠣᠳᠣᠷᠬᠠᠢ᠌ᠯᠠᠪᠠ᠃

      《ᠬᠠᠮᠢᠶᠠᠷᠤᠯᠲᠠ ᠵᠢᠨ ᠠᠷᠭ᠎ᠠ》᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢ ᠨᠠᠷᠢᠨ ᠵᠠᠭ᠋ᠠᠭᠯᠠᠨ ᠲᠣᠭᠲᠠᠭ᠋ᠠᠵᠤ᠂ ᠪᠠᠢ᠌ᠴᠠᠭ᠋ᠠᠨ ᠰᠢᠢ᠍ᠳᠪᠦᠷᠢᠯᠡᠬᠦ ᠡᠷᠬᠡ ᠬᠠᠷᠢᠭᠤᠴᠠᠯᠭ᠎ᠠ ᠵᠢᠴᠢ ᠳᠦᠷᠢᠮ᠎ᠢ ᠲᠣᠳᠣᠷᠬᠠᠢ᠌ᠯᠠᠵᠤ᠂ ᠪᠤᠷᠤᠭᠤ ᠵᠢ ᠠᠭᠤᠴᠢᠯᠠᠵᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠱᠠᠭ᠋ᠠᠷᠳᠠᠯᠭ᠎ᠠ ᠵᠢ ᠲᠣᠭᠲᠠᠭ᠋ᠠᠪᠠ᠃ ᠢᠲᠡᠭᠡᠮᠵᠢ ᠵᠢᠨ ᠦᠨᠡᠯᠡᠯᠲᠡ ᠪᠠ ᠰᠡᠷᠭᠦᠭᠡᠯᠲᠡ ᠬᠢᠬᠦ᠎ᠳᠤ ᠴᠢᠭᠯᠡᠭᠦᠯᠦᠨ᠂ ᠦᠨᠡᠨᠴᠢ ᠢᠲᠡᠭᠡᠮᠵᠢ ᠵᠢ ᠵᠢᠷᠤᠮᠯᠠᠭᠰᠠᠨ ᠦᠢᠯᠡ ᠠᠵᠢᠯᠯᠠᠭ᠎ᠠ ᠵᠢ ᠵᠣᠷᠢᠭᠵᠢᠭᠤᠯᠵᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠦᠨ᠎ᠡ᠃ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠴᠢᠭᠯᠡᠭᠦᠯᠦᠨ᠂ ᠬᠠᠷᠢᠭᠤᠴᠠᠯᠭ᠎ᠠ ᠵᠢᠨ ᠭᠣᠣᠯ ᠴᠣᠭᠴᠠ ᠨᠢᠭᠡᠨᠲᠡ ᠡᠭᠦᠷᠭᠡ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠭᠰᠡᠨ ᠪᠤᠯᠪᠠᠴᠤ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ ᠵᠢᠨ ᠬᠠᠷᠠᠯᠲᠠ ᠡᠭᠦᠷᠭᠡ ᠵᠢ ᠮᠥᠨ ᠬᠦ᠌ ᠪᠡᠶᠡᠯᠡᠭᠦᠯᠵᠦ ᠳᠡᠢ᠌ᠯᠦᠭᠰᠡᠨ ᠦᠭᠡᠢ ᠪᠠᠢ᠌ᠪᠠᠯ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭ᠋ᠠᠳ ᠬᠠᠷᠢᠭᠤᠴᠠᠯᠭ᠎ᠠ᠎ᠠᠴᠠ ᠬᠡᠯᠲᠦᠷᠢᠭᠦᠯᠦᠨ᠎ᠡ ᠭᠡᠵᠦ ᠳᠤᠷᠠᠳᠴᠠᠢ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            