ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠵᠢᠨ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2025-02-19

      ᠤᠯᠤᠰ᠎ᠤᠨ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ ᠣᠢ᠌ᠷ᠎ᠠ᠎ᠳᠤ 《ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠵᠢᠨ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠪᠡ᠂ ᠡᠭᠦᠨ᠎ᠤ ᠵᠣᠷᠢᠯᠭ᠎ᠠ᠎ᠨᠢ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠭᠴᠢ᠎ᠠᠴᠠ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠥᠷᠨᠢᠭᠦᠯᠬᠦ᠎ᠳᠤ ᠰᠢᠰᠲ᠋ᠧᠮᠲᠦ ᠴᠢᠨᠠᠷᠲᠠᠢ᠂ ᠬᠠᠨᠳᠤᠯᠭ᠋ᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠢ᠌ᠴᠠ ᠴᠢᠨᠠᠷᠲᠠᠢ ᠵᠢᠷᠤᠮᠵᠢᠯ ᠬᠠᠩᠭ᠋ᠠᠵᠤ᠂ ᠬᠤᠪᠢ ᠬᠥᠮᠥᠨ᠎ᠤ ᠮᠡᠳᠡᠭᠡ ᠵᠠᠩᠭᠢ ᠵᠢᠨ ᠰᠢᠢ᠍ᠳᠪᠦᠷᠢᠯᠡᠯᠲᠡ ᠵᠢᠨ ᠠᠵᠢᠯᠯᠠᠭ᠎ᠠ ᠵᠢᠨ ᠬᠠᠤᠯᠢ᠎ᠳᠤ ᠨᠡᠢ᠌ᠴᠡᠬᠦ ᠲᠣᠭᠲᠠᠭ᠋ᠠᠯ᠎ᠳᠤ ᠨᠡᠢ᠌ᠴᠡᠬᠦ ᠲᠦᠪᠰᠢᠨ᠎ᠢ ᠳᠡᠭᠡᠭᠰᠢᠯᠡᠭᠦᠯᠦᠨ᠂ ᠬᠤᠪᠢ ᠬᠥᠮᠥᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠶᠤᠮ᠃

      ᠤᠯᠤᠰ᠎ᠤᠨ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠂ ᠣᠳᠣᠬᠠᠨ᠎ᠳᠤ᠂ ᠬᠤᠪᠢ ᠬᠥᠮᠥᠨ᠎ᠤ ᠮᠡᠳᠡᠭᠡ ᠵᠠᠩᠭᠢ ᠵᠢ ᠠᠵᠤ ᠠᠬᠤᠢ᠌ᠯᠠᠯ᠂ ᠪᠠᠢ᠌ᠭᠤᠯᠤᠮᠵᠢ ᠴᠢᠨᠠᠭᠰᠢᠯᠠᠪᠠᠯ ᠬᠤᠪᠢ ᠬᠥᠮᠥᠨ ᠥᠷᠭᠡᠨ ᠵᠶ᠋ᠡᠷ ᠴᠤᠭᠯᠠᠭᠤᠯᠤᠨ ᠬᠡᠷᠡᠭᠯᠡᠵᠦ᠂ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠪᠠ ᠬᠤᠪᠢ ᠬᠥᠮᠥᠨ᠎ᠤ ᠮᠡᠳᠡᠭᠡ ᠵᠠᠩᠭᠢ ᠵᠢ ᠠᠰᠢᠭᠯᠠᠬᠤ ᠵᠢᠨ ᠬᠤᠭᠤᠷᠤᠨᠳᠤᠭᠢ ᠵᠥᠷᠢᠴᠡᠯ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ᠃ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ ᠵᠢᠨ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠠᠵᠢᠯᠯᠠᠭ᠎ᠠ ᠵᠢᠨ ᠠᠶᠤᠯ ᠲᠦᠭᠰᠢᠭᠦᠷᠢ ᠵᠢ ᠡᠵᠡᠮᠳᠡᠬᠦ ᠪᠠ ᠬᠢᠨᠠᠯᠲᠠ ᠲᠠᠯᠪᠢᠬᠤ ᠵᠢ ᠴᠢᠩᠭ᠋ᠠᠳᠬᠠᠬᠤ ᠵᠢᠨ ᠲᠥᠯᠥᠭᠡ᠂ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ᠂ ᠰᠦᠯᠵᠢᠶᠡᠨ᠎ᠤ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠳᠤ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠭᠴᠢ ᠵᠢᠨ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠥᠷᠨᠢᠭᠦᠯᠬᠦ ᠲᠤᠬᠠᠢ ᠲᠣᠭᠲᠠᠭ᠋ᠠᠯ ᠭᠠᠷᠭ᠋ᠠᠪᠠ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢᠨ ᠲᠥᠯᠥᠭᠡ᠂ ᠤᠯᠤᠰ᠎ᠤᠨ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ ᠠᠷᠭ᠎ᠠ ᠲᠣᠭᠲᠠᠭ᠋ᠠᠵᠤ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠤᠳᠤᠬᠤ ᠠᠵᠢᠯᠯᠠᠭ᠎ᠠ ᠵᠢ ᠥᠷᠨᠢᠭᠦᠯᠬᠦ᠂ ᠲᠣᠭᠲᠠᠭ᠋ᠠᠯ᠎ᠳᠤ ᠨᠡᠢ᠌ᠴᠡᠬᠦ ᠬᠢᠨᠠᠨ ᠪᠤᠳᠤᠬᠤ ᠪᠠᠢ᠌ᠭᠤᠯᠤᠮᠵᠢ ᠵᠢ ᠰᠣᠩᠭᠣᠬᠤ᠂ ᠲᠣᠭᠲᠠᠭ᠋ᠠᠯ᠎ᠳᠤ ᠨᠡᠢ᠌ᠴᠡᠬᠦ ᠬᠢᠨᠠᠨ ᠪᠤᠳᠤᠬᠤ ᠳᠠᠪᠲᠠᠮᠵᠢ ᠤᠳᠠᠭ᠎ᠠ᠂ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ ᠪᠠ ᠲᠤᠰᠬᠠᠢ ᠪᠠᠢ᠌ᠭᠤᠯᠤᠮᠵᠢ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ᠎ᠳᠠᠬᠢ ᠡᠭᠦᠷᠭᠡ ᠵᠡᠷᠭᠡ᠎ᠳᠤ ᠨᠠᠷᠢᠯᠢᠭᠵᠢᠭᠤᠯᠤᠭᠰᠠᠨ ᠲᠣᠭᠲᠠᠭ᠋ᠠᠯ ᠭᠠᠷᠭ᠋ᠠᠵᠠᠢ ᠭᠡᠵᠦ ᠢᠯᠡᠳᠬᠡᠪᠡ᠃

      ᠠᠷᠭ᠎ᠠ᠎ᠳᠤ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠬᠢᠬᠦ ᠬᠣᠶᠠᠷ ᠵᠦᠢ᠍ᠯ᠎ᠤᠨ ᠪᠠᠢ᠌ᠳᠠᠯ᠎ᠢ ᠲᠣᠳᠣᠷᠬᠠᠢ ᠲᠣᠭᠲᠠᠭ᠋ᠠᠪᠠ᠃ ᠨᠢᠭᠡ᠎ᠳᠤ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠭᠴᠢ ᠥᠪᠡᠰᠦᠪᠡᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠬᠢᠭᠰᠡᠨ ᠪᠠᠢ᠌ᠪᠠᠯ᠂ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ ᠵᠢᠨ ᠳᠣᠲᠣᠭ᠋ᠠᠳᠤ ᠵᠢᠨ ᠪᠠᠢ᠌ᠭᠤᠯᠤᠮᠵᠢ ᠪᠤᠶᠤ ᠨᠠᠢ᠌ᠳᠠᠭᠰᠠᠨ ᠲᠤᠰᠬᠠᠢ ᠪᠠᠢ᠌ᠭᠤᠯᠤᠮᠵᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠲᠡᠭᠦᠨ᠎ᠤ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠭᠰᠡᠨ᠎ᠳᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠢᠷᠤᠮᠯᠠᠭᠰᠠᠨ ᠪᠠᠢ᠌ᠳᠠᠯ᠎ᠳᠤ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠬᠢᠬᠦ ᠬᠡᠷᠡᠭᠲᠡᠢ᠃ 1000 ᠲᠦᠮᠡᠨ ᠬᠥᠮᠥᠨ᠎ᠢ ᠳᠠᠪᠠᠭᠰᠠᠨ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠭᠰᠡᠨ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ᠎ᠳᠤ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠵᠢ ᠬᠣᠶᠠᠷ ᠵᠢᠯ᠎ᠳᠤ ᠠᠳᠠᠭ᠎ᠲᠠᠭᠠᠨ ᠨᠢᠭᠡ ᠤᠳᠠᠭ᠎ᠠ ᠥᠷᠨᠢᠭᠦᠯᠬᠦ ᠬᠡᠷᠡᠭᠲᠡᠢ᠃ ᠬᠣᠶᠠᠷ᠎ᠲᠤ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠰᠠᠯᠠᠭ᠎ᠠ ᠮᠥᠴᠢᠷ᠎ᠨᠢ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠠᠵᠢᠯᠯᠠᠭ᠎ᠠ᠎ᠳᠤ ᠨᠡᠯᠢᠶᠡᠳ ᠶᠡᠬᠡ ᠠᠶᠤᠯ ᠲᠦᠭᠰᠢᠭᠦᠷᠢ᠂ ᠦᠢ ᠣᠯᠠᠨ ᠬᠤᠪᠢ ᠬᠥᠮᠥᠨ᠎ᠤ ᠡᠷᠬᠡ ᠠᠰᠢᠭ᠎ᠲᠤ ᠬᠠᠯᠳᠠᠵᠤ ᠮᠡᠳᠡᠬᠦ ᠪᠤᠶᠤ ᠬᠤᠪᠢ ᠬᠥᠮᠥᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠡᠷᠡᠭ ᠭᠠᠷᠤᠭᠰᠠᠨ᠎ᠢ ᠣᠯᠵᠤ ᠮᠡᠳᠡᠪᠡᠯ᠂ ᠬᠤᠪᠢ ᠬᠥᠮᠥᠨ᠎ᠤ ᠮᠡᠳᠡᠭᠡ ᠵᠠᠩᠭᠢ ᠰᠢᠢ᠍ᠳᠪᠦᠷᠢᠯᠡᠭᠴᠢ᠎ᠠᠴᠠ ᠲᠤᠰᠬᠠᠢ ᠪᠠᠢ᠌ᠭᠤᠯᠤᠮᠵᠢ᠎ᠳᠤ ᠨᠠᠢ᠌ᠳᠠᠵᠤ ᠬᠤᠪᠢ ᠬᠥᠮᠥᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠠᠵᠢᠯᠯᠠᠭ᠎ᠠ᠎ᠳᠤ ᠲᠣᠭᠲᠠᠭ᠋ᠠᠯ᠎ᠳᠤ ᠨᠡᠢ᠌ᠴᠡᠬᠦ ᠬᠢᠨᠠᠨ ᠪᠣᠳᠣᠯᠲᠠ ᠬᠢᠯᠭᠡᠬᠦ᠎ᠪᠠᠷ ᠱᠠᠭ᠋ᠠᠷᠳᠠᠵᠤ ᠪᠣᠯᠣᠨ᠎ᠠ᠃

      ᠲᠣᠰ ᠠᠷᠭ᠎ᠠ ᠵᠢ 2025 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 14᠎ᠤ ᠡᠳᠦᠷ᠎ᠤᠨ ᠮᠡᠳᠡᠭᠡ) 

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            