(2025 ᠣᠨ᠎ᠤ 2 ᠰᠠᠷ᠎ᠠ ᠵᠢᠨ 13᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠲᠠᠪᠤᠳᠤᠭ᠋ᠠᠷ ᠬᠤᠷᠠᠯ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠲᠥᠪ ᠭᠣᠣᠯᠴᠢ᠎ᠪᠠᠷ ᠬᠠᠤᠯᠢ ᠪᠠᠷᠢᠬᠤ ᠵᠢ ᠠᠬᠢᠭᠤᠯᠬᠤ ᠵᠢᠨ ᠲᠥᠯᠥᠭᠡ 《ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠠᠰᠠᠭᠤᠳᠠᠯ᠎ᠤᠨ ᠲᠤᠬᠠᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠣᠭᠲᠠᠭ᠋ᠠᠯ》 ᠪᠠ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠠᠴᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠬᠢᠬᠦ ᠵᠢᠴᠢ ᠲᠡᠭᠦᠨ᠎ᠳᠤ ᠬᠢᠨᠠᠯᠲᠠ ᠲᠠᠯᠪᠢᠵᠤ ᠬᠠᠮᠢᠶᠠᠷᠬᠤ᠎ᠳᠤ ᠲᠤᠰ ᠳᠦᠷᠢᠮ ᠲᠣᠬᠢᠷᠠᠨ᠎ᠠ᠃
ᠲᠤᠰ ᠳᠦᠷᠢᠮ᠎ᠳᠤ ᠬᠡᠯᠡᠵᠦ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠭᠡᠳᠡᠭ᠎ᠨᠢ ᠵᠠᠷᠭᠤᠯᠳᠤᠭ᠋ᠠᠨᠤ ᠠᠵᠢᠯᠯᠠᠭ᠎ᠠ ᠵᠢᠨ ᠳᠤᠮᠳᠠ ᠬᠢᠨᠠᠨ ᠲᠣᠭᠲᠠᠭ᠋ᠠᠯᠲᠠ ᠬᠢᠬᠦ ᠬᠥᠮᠥᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ ᠪᠤᠶᠤ ᠲᠤᠰᠬᠠᠢ ᠮᠡᠳᠡᠯᠭᠡ ᠵᠢ ᠬᠡᠷᠡᠭᠯᠡᠨ ᠵᠠᠷᠭᠤᠯᠳᠤᠭ᠋ᠠᠨᠳᠤ ᠬᠣᠯᠪᠣᠭᠳᠠᠭᠰᠠᠨ ᠲᠤᠰᠬᠠᠢ ᠴᠢᠨᠠᠷᠲᠠᠢ ᠠᠰᠠᠭᠤᠳᠠᠯ᠎ᠢ ᠢᠯᠭ᠋ᠠᠨ ᠲᠣᠳᠣᠯᠠᠬᠤ ᠪᠠ ᠮᠠᠭ᠋ᠠᠳᠯᠠᠬᠤ ᠵᠢᠨ ᠬᠠᠮᠲᠤ ᠬᠢᠨᠠᠨ ᠲᠣᠭᠲᠠᠭ᠋ᠠᠯᠲᠠ ᠵᠢᠨ ᠰᠠᠨᠠᠯ ᠬᠠᠩᠭ᠋ᠠᠬᠤ ᠠᠵᠢᠯᠯᠠᠭ᠎ᠠ ᠵᠢ ᠵᠢᠭ᠋ᠠᠵᠤ ᠪᠠᠢ᠌ᠨ᠎ᠠ᠃
ᠲᠣᠰ ᠳᠦᠷᠢᠮ᠎ᠳᠤ ᠬᠡᠯᠡᠵᠦ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠭᠡᠳᠡᠭ᠎ᠨᠢ ᠬᠠᠤᠯᠢ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠡᠷᠭᠢᠯᠡᠵᠦ ᠪᠠᠢ᠌ᠭ᠎ᠠ ᠪᠠᠢ᠌ᠭᠤᠯᠤᠮᠵᠢ ᠪᠠ ᠠᠵᠢᠯᠲᠠᠨ᠎ᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠪᠡᠶ᠎ᠡ᠎ᠪᠠᠨ ᠳᠠᠭ᠋ᠠᠭ᠋ᠠᠬᠤ᠂ ᠪᠤᠰᠤᠳᠴᠢ᠂ ᠰᠢᠨᠵᠢᠯᠡᠬᠦ ᠤᠬᠠᠭ᠋ᠠᠨᠴᠢ᠂ ᠲᠥᠪ ᠭᠣᠣᠯᠴᠢ ᠪᠠᠢ᠌ᠬᠤ ᠵᠠᠷᠴᠢᠮ᠎ᠢ ᠵᠢᠷᠤᠮᠯᠠᠵᠤ᠂ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠢᠯᠡᠷᠡᠭᠦᠯᠬᠦ ᠬᠡᠷᠡᠭᠲᠡᠢ᠃
ᠳᠥᠷᠪᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠨᠡᠢ᠌ᠭᠡᠮ ᠨᠡᠶ᠋ᠢᠲᠡ ᠵᠢᠨ ᠶᠣᠰᠣ ᠮᠣᠷᠠᠯ᠎ᠢ ᠵᠢᠷᠤᠮᠯᠠᠨ ᠰᠠᠬᠢᠵᠤ᠂ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠭᠢᠯᠡᠭᠦ ᠰᠠᠬᠢᠯᠭ᠎ᠠ ᠪᠠᠲᠤ ᠵᠢ ᠬᠢᠴᠢᠶᠡᠩᠭᠦᠢ᠌ᠯᠡᠨ ᠰᠠᠬᠢᠵᠤ᠂ ᠮᠡᠷᠭᠡᠵᠢᠯ᠎ᠤᠨ ᠪᠠᠷᠢᠮᠵᠢᠶ᠎ᠠ ᠪᠠ ᠠᠵᠢᠯᠯᠠᠬᠤ ᠵᠢᠷᠤᠮᠵᠢᠯ᠎ᠢ ᠬᠡᠷᠡᠭᠵᠢᠭᠦᠯᠵᠦ᠂ ᠠᠵᠢᠯ ᠡᠷᠭᠢᠯᠡᠭᠦ ᠠᠵᠢᠯᠯᠠᠭ᠎ᠠ ᠵᠢᠨ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠬᠤᠪᠢ ᠬᠥᠮᠥᠨ᠎ᠤ ᠨᠢᠭᠤᠴᠠ ᠵᠢ ᠬᠠᠮᠠᠭ᠋ᠠᠯᠠᠵᠤ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠥᠷᠨᠢᠭᠦᠯᠬᠦ ᠵᠢ ᠬᠠᠤᠯᠢ᠎ᠪᠠᠷ ᠬᠠᠮᠠᠭ᠋ᠠᠯᠠᠨ᠎ᠠ᠂ ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠭᠠᠷ ᠳᠦᠷᠦᠵᠦ ᠪᠤᠯᠬᠤ ᠦᠭᠡᠢ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠦᠢ᠍ᠯᠡᠰ᠎ᠤᠨ ᠬᠥᠭᠵᠢᠯᠲᠡ ᠵᠢ ᠲᠡᠮᠵᠢᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠠᠵᠢᠯ᠎ᠤᠨ ᠵᠠᠷᠤᠳᠠᠯ᠎ᠢ ᠪᠠᠲᠤᠯᠠᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠭᠦ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠡᠷᠭᠢᠯᠡᠭᠦ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ᠎ᠠ᠃
ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠡᠷᠭᠢᠯᠡᠭᠦ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠂ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠠᠮᠢ ᠠᠬᠤᠢ ᠣᠷᠴᠢᠨ ᠲᠣᠭᠣᠷᠢᠨ᠂ ᠪᠠᠢ᠌ᠭ᠋ᠠᠯᠢ ᠵᠢᠨ ᠡᠬᠢ ᠪᠠᠶᠠᠯᠢᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠠᠵᠢᠯ᠎ᠢ ᠰᠠᠢ᠌ᠲᠤᠷ ᠬᠢᠨ᠎ᠡ᠃
ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠵᠢᠴᠢ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠮᠡᠳᠡᠭᠡ ᠵᠠᠩᠭᠢ ᠰᠣᠯᠢᠯᠴᠠᠬᠤ ᠪᠠ ᠪᠠᠢ᠌ᠳᠠᠯ ᠵᠶ᠋ᠠᠨ ᠮᠡᠳᠡᠭᠳᠡᠵᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠤᠨ ᠪᠠᠲᠤᠯᠠᠨ᠎ᠠ᠃
ᠨᠠᠢ᠍ᠮᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠡᠢ᠌ᠭᠡᠮᠯᠢᠭ᠎ᠨᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ᠂ ᠬᠢᠨᠠᠯᠲᠠ ᠲᠠᠯᠪᠢᠯᠲᠠ ᠳᠣᠣᠷ᠎ᠠ᠂ ᠨᠡᠢ᠌ᠭᠡᠮᠯᠢᠭ᠎ᠤᠨ ᠳᠦᠷᠢᠮ ᠶᠣᠰᠣᠭ᠋ᠠᠷ ᠠᠵᠢᠯ ᠮᠡᠷᠭᠡᠵᠢᠯ᠎ᠤᠨ ᠶᠣᠰᠣ ᠰᠤᠷᠲᠠᠬᠤᠨ᠂ ᠲᠤᠬᠠᠢ᠌ᠯᠠᠭᠰᠠᠨ ᠠᠵᠢᠯ ᠡᠷᠭᠢᠯᠡᠭᠦ ᠰᠠᠬᠢᠯᠭ᠎ᠠ ᠪᠠᠲᠤ ᠪᠠ ᠠᠵᠢᠯ ᠲᠦᠷᠦᠯ᠎ᠤᠨ ᠵᠢᠷᠤᠮᠵᠢᠯ ᠵᠡᠷᠭᠡ ᠬᠥᠮᠦᠵᠢᠯ ᠪᠣᠯᠪᠠᠰᠤᠷᠠᠯ ᠪᠠ ᠬᠠᠮᠢᠶᠠᠷᠤᠯᠲᠠ ᠵᠢ ᠥᠷᠨᠢᠭᠦᠯᠵᠦ᠂ ᠵᠠᠭ᠋ᠠᠯᠳᠤᠯᠭ᠎ᠠ ᠪᠠ ᠭᠡᠰᠢᠭᠦᠳ᠎ᠤᠨ ᠭᠣᠮᠣᠳᠠᠯ ᠲᠣᠭ᠋ᠠᠴᠢᠯᠲᠠ ᠵᠢ ᠭᠥᠯᠢᠶᠡᠨ ᠠᠪᠴᠤ ᠰᠢᠢ᠍ᠳᠪᠦᠷᠢᠯᠡᠨ᠂ ᠠᠵᠢᠯ ᠡᠷᠭᠢᠯᠡᠭᠦ ᠵᠠᠭᠤᠷᠠᠯᠳᠤᠭ᠋ᠠᠨ᠎ᠢ ᠡᠶᠡᠳᠡᠭᠦᠯᠵᠦ᠂ ᠠᠵᠢᠯ ᠲᠦᠷᠦᠯ᠎ᠤᠨ ᠵᠠᠯᠬᠠᠭ᠋ᠠᠯ ᠴᠡᠭᠡᠷᠯᠡᠯᠢ ᠬᠡᠷᠡᠭᠵᠢᠭᠦᠯᠦᠨ᠂ ᠭᠡᠰᠢᠭᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ᠃
ᠶᠢᠰᠦᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠠᠮᠢᠶ᠎ᠠ ᠪᠦᠬᠦᠢ ᠤᠨᠤᠯ᠎ᠤᠨ ᠰᠤᠳᠤᠯᠭ᠋ᠠᠨ ᠪᠠ ᠮᠡᠷᠭᠡᠵᠢᠯ᠎ᠤᠨ ᠰᠤᠳᠤᠯᠤᠨ ᠨᠡᠭᠡᠭᠡᠯᠲᠡ ᠬᠢᠬᠦ ᠵᠢ ᠵᠣᠷᠢᠭᠵᠢᠭᠤᠯᠤᠨ᠎ᠠ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠠ ᠡᠮᠴᠢᠯᠡᠭᠡᠨ᠎ᠤ ᠪᠠᠢ᠌ᠭᠤᠯᠤᠮᠵᠢ ᠵᠡᠷᠭᠡ ᠵᠢᠨ ᠴᠢᠨᠠᠷ ᠰᠠᠢ᠌ᠲᠠᠢ᠂ ᠥᠨᠳᠥᠷ ᠲᠦᠪᠰᠢᠨ᠂ ᠲᠤᠰᠬᠠᠢ ᠮᠡᠷᠭᠡᠵᠢᠯ᠎ᠤᠨ ᠣᠨᠴᠠᠯᠢᠭ᠎ᠲᠠᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠᠢ᠌ᠭᠤᠯᠬᠤ ᠵᠢ ᠵᠣᠷᠢᠭᠵᠢᠭᠤᠯᠤᠨ ᠳᠡᠮᠵᠢᠨ᠎ᠡ᠃
ᠬᠣᠶᠠᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠳᠣᠣᠷᠠᠬᠢ ᠮᠡᠲᠦ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠡᠷᠭᠢᠯᠡᠵᠦ ᠪᠠᠢ᠌ᠭ᠎ᠠ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠳᠠᠩᠰᠠᠯᠠᠨ ᠬᠠᠮᠢᠶᠠᠷᠬᠤ ᠳᠦᠷᠢᠮ᠎ᠢ ᠬᠡᠷᠡᠭᠵᠢᠭᠦᠯᠦᠨ᠎ᠡ᠄
(ᠨᠢᠭᠡ) ᠬᠠᠤᠯᠢ ᠵᠢᠨ ᠡᠮᠴᠢ ᠵᠢᠨ ᠲᠦᠷᠦᠯ᠎ᠤᠨ ᠬᠢᠨᠠᠨ ᠲᠣᠬᠲᠠᠭ᠋ᠠᠯᠲᠠ;
(ᠬᠣᠶᠠᠷ) ᠪᠣᠳᠠᠰ᠎ᠤᠨ ᠭᠡᠷᠡᠴᠢ ᠵᠢᠨ ᠲᠦᠷᠦᠯ᠎ᠤᠨ ᠬᠢᠨᠠᠨ ᠲᠣᠬᠲᠠᠭ᠋ᠠᠯᠲᠠ;
(ᠭᠤᠷᠪᠠ) ᠳᠠᠭᠤᠤ ᠳᠦᠷᠰᠦ ᠵᠢᠨ ᠮᠠᠲ᠋ᠧᠷᠢᠶᠠᠯ᠎ᠤᠨ ᠬᠢᠨᠠᠨ ᠲᠣᠬᠲᠠᠭ᠋ᠠᠯᠳᠠ;
(ᠳᠥᠷᠪᠡ) ᠣᠷᠴᠢᠨ ᠲᠣᠭᠣᠷᠢᠨ᠎ᠤ ᠬᠣᠬᠢᠷᠠᠯ᠎ᠤᠨ ᠬᠢᠨᠠᠨ ᠲᠣᠬᠲᠠᠭ᠋ᠠᠯᠲᠠ;
(ᠲᠠᠪᠤ) ᠵᠠᠷᠭᠤ ᠵᠢᠨ ᠬᠡᠷᠡᠭᠴᠡᠭᠡ ᠵᠢ ᠦᠨᠳᠦᠰᠦᠯᠡᠨ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ᠎ᠲᠠᠢ ᠵᠥᠪᠳᠡᠯᠴᠡᠨ ᠲᠣᠭᠲᠠᠭ᠋ᠠᠭᠰᠠᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠲᠠᠨᠭ᠌ᠰᠠᠯᠠᠨ ᠬᠠᠮᠢᠶᠠᠷᠬᠤ ᠴᠢᠬᠤᠯᠠᠲᠠᠢ ᠪᠤᠰᠤᠳ ᠬᠢᠨᠠᠨ ᠲᠣᠭᠲᠠᠭ᠋ᠠᠬᠤ ᠵᠦᠢ᠍ᠯᠡᠰ᠃
ᠬᠠᠤᠯᠢ ᠶᠣᠰᠣᠭ᠋ᠠᠷ ᠳᠠᠩᠰᠠᠯᠠᠭᠤᠯᠤᠭᠰᠠᠨ ᠦᠭᠡᠢ ᠪᠣᠯ ᠡᠮᠦᠨᠡᠬᠢ ᠬᠡᠰᠡᠭ᠎ᠲᠤ ᠲᠣᠭᠲᠠᠭ᠋ᠠᠭᠰᠠᠨ ᠬᠠᠤᠯᠢ
ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠡᠷᠭᠢᠯᠡᠵᠦ ᠪᠤᠯᠬᠤ ᠦᠭᠡᠢ᠃
ᠠᠷᠪᠠᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠢ᠌ᠷᠢᠯᠠᠭᠤᠯᠬᠤ᠂ ᠪᠦᠲᠦᠴᠡ ᠵᠢ ᠰᠢᠯᠢᠳᠡᠭᠵᠢᠭᠦᠯᠬᠦ᠂ ᠡᠮᠬᠢ ᠵᠢᠷᠤᠮ᠎ᠲᠠᠢ᠎ᠪᠠᠷ ᠬᠥᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠨᠡᠷᠡᠢ᠌ᠳᠦᠯ᠂ ᠣᠷᠣᠨ ᠰᠠᠭᠤᠴᠠ ᠪᠠ ᠲᠣᠭᠲᠠᠭ᠋ᠠᠭᠰᠠᠨ ᠲᠣᠭ᠎ᠠ᠎ᠳᠤ ᠨᠡᠢ᠌ᠴᠡᠬᠦ ᠪᠡᠯᠡ ᠮᠥᠩᠭᠥ᠎ᠲᠠᠢ ᠪᠠᠢ᠌ᠬᠤ;
(ᠬᠣᠶᠠᠷ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠤᠨ ᠲᠣᠳᠣᠷᠬᠠᠢ ᠬᠡᠪᠴᠢᠶ᠎ᠡ᠎ᠲᠠᠢ ᠪᠠᠢ᠌ᠬᠤ;
(ᠭᠤᠷᠪᠠ) ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠡᠭᠡᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠎ᠳᠤ ᠵᠠᠪᠠᠯ ᠬᠡᠷᠡᠭᠰᠡᠬᠦ ᠬᠡᠮᠵᠢᠭᠦᠷᠯᠢᠭ᠂ ᠲᠥᠬᠦᠭᠡᠷᠦᠮᠵᠢ᠎ᠲᠠᠢ ᠪᠠᠢ᠌ᠬᠤ;
(ᠳᠥᠷᠪᠡ) ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠡᠭᠡᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠎ᠳᠤ ᠡᠷᠬᠡᠪᠰᠢ ᠱᠠᠭ᠋ᠠᠷᠳᠠᠭᠳᠠᠬᠤ ᠬᠠᠤᠯᠢ ᠶᠣᠰᠣᠭ᠋ᠠᠷ ᠬᠡᠮᠵᠢᠯᠲᠡ ᠵᠢᠨ ᠭᠡᠷᠡᠴᠢᠯᠡᠯ ᠪᠤᠶᠤ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠯ᠎ᠢ ᠣᠯᠣᠭᠰᠠᠨ ᠪᠠᠢ᠌ᠴᠠᠭ᠋ᠠᠨ ᠰᠢᠯᠭ᠋ᠠᠬᠤ ᠲᠤᠷᠰᠢᠯᠲᠠ ᠵᠢᠨ ᠲᠠᠰᠤᠭ᠎ᠲᠠᠢ ᠪᠠᠢ᠌ᠬᠤ;
(ᠲᠠᠪᠤ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠨᠢᠭᠡᠪᠦᠷᠢ᠎ᠳᠤ ᠭᠤᠷᠪᠠ᠎ᠠᠴᠠ ᠳᠡᠭᠡᠭᠰᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠲᠠᠢ ᠪᠠᠢ᠌ᠬᠤ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠦ᠎ᠪᠠᠷ
ᠭᠤᠶᠤᠴᠢᠯᠠᠭᠰᠠᠨ᠎ᠨᠢ ᠬᠣᠯᠪᠣᠭᠳᠠᠯ ᠪᠦᠬᠦᠢ ᠠᠵᠢᠯ ᠲᠦᠷᠦᠯ᠎ᠤᠨ ᠣᠨᠴᠠᠭ᠋ᠠᠢ ᠱᠠᠭ᠋ᠠᠷᠳᠠᠯᠭ᠎ᠠ᠎ᠳᠤ ᠬᠣᠯᠪᠣᠭᠳᠠᠭᠰᠠᠨ ᠪᠠᠢ᠌ᠪᠠᠯ᠂ ᠡᠮᠦᠨᠡᠬᠢ ᠬᠡᠰᠡᠭ᠎ᠲᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠬᠦ᠎ᠠᠴᠠ ᠭᠠᠳᠠᠨ᠎ᠠ ᠪᠠᠰᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠠᠵᠢᠯ ᠲᠦᠷᠦᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠠᠭᠠᠨ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭ᠋ᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠵᠶ᠋ᠠᠷ ᠮᠡᠬᠡᠯᠡᠨ ᠳᠠᠩᠰᠠᠯᠠᠭᠤᠯᠵᠤ ᠪᠤᠯᠬᠤ ᠦᠭᠡᠢ᠃
ᠠᠷᠪᠠᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠳᠠᠩᠰᠠᠯᠠᠭᠤᠯᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠨᠥᠬᠥᠴᠡᠯ᠎ᠤᠳ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠢ ᠬᠦᠷᠢᠶᠡᠯᠡᠵᠦ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠨᠡᠢ᠌ᠭᠡᠮ ᠨᠡᠢ᠌ᠲᠡ ᠵᠢᠨ ᠶᠣᠰᠣ ᠮᠣᠷᠠᠯ᠎ᠢ ᠵᠢᠷᠤᠮᠯᠠᠨ ᠰᠠᠬᠢᠳᠠᠭ ᠮᠣᠷᠠᠯ ᠰᠤᠷᠲᠠᠯ ᠰᠠᠢ᠌ᠲᠠᠢ ᠠᠷᠠᠳ ᠢᠷᠭᠡᠨ;
(ᠬᠣᠶᠠᠷ) ᠡᠷᠭᠢᠯᠡᠭᠦ᠎ᠪᠠᠷ ᠭᠤᠶᠤᠴᠢᠯᠠᠵᠤ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠴᠣᠯᠠ᠎ᠲᠠᠢ ᠪᠠᠢ᠌ᠬᠤ; ᠡᠰᠡᠭᠦᠯ᠎ᠡ ᠡᠷᠭᠢᠯᠡᠭᠦ᠎ᠪᠠᠷ ᠭᠤᠶᠤᠴᠢᠯᠠᠵᠤ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠲᠤᠰᠬᠠᠢ ᠮᠡᠷᠭᠡᠵᠢᠯ᠎ᠤᠨ ᠠᠵᠢᠯ ᠡᠷᠭᠢᠯᠡᠭᠦ ᠬᠢᠷᠢ ᠭᠡᠮ ᠪᠤᠶᠤ ᠶᠡᠬᠡ ᠳᠡᠭᠡᠳᠦ ᠰᠤᠷᠭ᠋ᠠᠭᠤᠯᠢ ᠵᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠢ᠌ᠵᠤ᠂ ᠬᠣᠯᠪᠣᠭᠳᠠᠯ ᠪᠦᠬᠦᠢ ᠠᠵᠢᠯ᠎ᠢ ᠲᠠᠪᠤᠨ ᠵᠢᠯ᠎ᠠᠴᠠ ᠳᠡᠭᠡᠭᠰᠢ ᠬᠢᠭᠰᠡᠨ ᠪᠠᠢ᠌ᠬᠤ; ᠡᠰᠡᠬᠦᠯ᠎ᠡ ᠡᠷᠭᠢᠯᠡᠭᠦ᠎ᠪᠠᠷ ᠭᠤᠶᠤᠴᠢᠯᠠᠭᠰᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠠᠵᠢᠯ᠎ᠢ ᠠᠷᠪᠠᠨ ᠵᠢᠯ᠎ᠠᠴᠠ ᠳᠡᠭᠡᠭᠰᠢ ᠬᠢᠭᠰᠡᠨ ᠥᠩᠭᠡᠷᠡᠯᠲᠡ᠎ᠲᠠᠢ᠂ ᠨᠡᠯᠢᠶᠡᠳ ᠴᠢᠩᠭ᠎ᠠ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ᠎ᠲᠠᠢ ᠪᠠᠢ᠌ᠬᠤ;
(ᠭᠤᠷᠪᠠ) ᠪᠡᠶ᠎ᠡ ᠮᠠᠬᠠᠪᠤᠳ ᠡᠷᠡᠭᠦᠯ ᠴᠢᠭᠢᠷᠠᠭ ᠪᠠᠢ᠌ᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ᠎ᠤᠨ ᠬᠡᠷᠡᠭᠴᠡᠭᠡ᠎ᠳᠤ ᠵᠣᠬᠢᠴᠠᠵᠤ ᠴᠢᠳᠠᠬᠤ;
(ᠳᠥᠷᠪᠡ) ᠠᠵᠢᠯ ᠡᠷᠭᠢᠯᠡᠭᠦ᠎ᠪᠠᠷ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠤᠶᠤ 《ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ》᠎ᠢ ᠨᠢᠭᠡᠨᠲᠡ ᠣᠯᠣᠭᠰᠠᠨ ᠪᠤᠶᠤ ᠶᠠᠭ ᠭᠤᠶᠤᠴᠢᠯᠠᠵᠤ ᠪᠠᠢ᠌ᠬᠤ᠃
ᠡᠷᠭᠢᠯᠡᠭᠦ᠎ᠪᠠᠷ ᠭᠤᠶᠤᠴᠢᠯᠠᠭᠰᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ
ᠠᠵᠢᠯ᠎ᠨᠢ ᠠᠵᠢᠯ ᠲᠦᠷᠦᠯ᠎ᠤᠨ ᠣᠨᠴᠠᠭ᠋ᠠᠢ ᠱᠠᠭ᠋ᠠᠷᠳᠠᠯᠭ᠎ᠠ᠎ᠳᠤ ᠬᠣᠯᠪᠣᠭᠳᠠᠭᠰᠠᠨ ᠪᠠᠢ᠌ᠪᠠᠯ᠂ ᠡᠮᠦᠨᠡᠬᠢ ᠬᠡᠰᠡᠭ᠎ᠲᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠬᠦ᠎ᠠᠴᠠ ᠭᠠᠳᠠᠨ᠎ᠠ ᠪᠠᠰᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠠᠵᠢᠯ ᠲᠦᠷᠦᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠢᠡᠷ ᠳᠠᠩᠰᠠᠯᠠᠭᠤᠯᠬᠤ᠎ᠪᠠᠷ ᠭᠤᠶᠤᠴᠢᠯᠠᠬᠤ᠎ᠳᠠᠭᠠᠨ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭ᠋ᠠᠬᠤ ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠵᠶ᠋ᠠᠷ ᠮᠡᠬᠡᠯᠡᠨ ᠳᠠᠩᠰᠠᠯᠠᠭᠤᠯᠵᠤ ᠪᠤᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠤᠯᠢ
ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠢᠡᠷ ᠳᠠᠩᠰᠠᠯᠠᠭᠤᠯᠬᠤ ᠵᠢ ᠭᠤᠶᠤᠴᠢᠯᠠᠵᠤ ᠪᠤᠯᠬᠤ ᠦᠭᠡᠢ᠄
(ᠨᠢᠭᠡ) ᠵᠣᠷᠢᠭᠤᠳᠠ ᠶᠠᠯ᠎ᠠ ᠬᠢᠭᠰᠡᠨ ᠪᠤᠶᠤ ᠲᠤᠰᠢᠶᠠᠯ᠎ᠤᠨ ᠡᠨᠳᠡᠯ᠎ᠠᠴᠠ ᠪᠣᠯᠵᠤ ᠶᠠᠯ᠎ᠠ ᠬᠢᠭᠡᠳ ᠡᠷᠡᠭᠦᠦ ᠵᠢᠨ ᠰᠢᠢ᠍ᠳᠬᠡᠯ ᠣᠯᠵᠤ ᠥᠩᠭᠡᠷᠡᠭᠰᠡᠨ;
(ᠬᠣᠶᠠᠷ) ᠠᠯᠪᠠᠨ ᠲᠤᠰᠢᠶᠠᠯ᠎ᠠᠴᠠ᠎ᠨᠢ ᠬᠥᠭᠡᠭᠡᠬᠦ ᠰᠢᠢ᠍ᠳᠬᠡᠯ ᠣᠯᠵᠤ ᠥᠩᠭᠡᠷᠡᠭᠰᠡᠨ;
(ᠭᠤᠷᠪᠠ) ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠳᠠᠩᠰᠠᠯᠠᠯᠲᠠ ᠵᠢ ᠬᠦᠴᠦᠨ ᠦᠭᠡᠢ ᠪᠤᠯᠭ᠋ᠠᠬᠰᠠᠨ;
(ᠳᠥᠷᠪᠡ) ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠨᠢ ᠠᠵᠢᠯ᠎ᠢ᠎ᠨᠢ ᠵᠣᠭᠰᠤᠭ᠋ᠠᠬᠤ ᠰᠢᠢ᠍ᠳᠬᠡᠯ ᠣᠯᠵᠤ᠂ ᠰᠢᠢ᠍ᠳᠬᠡᠯ᠎ᠤᠨ ᠬᠤᠭᠤᠴᠠᠭ᠎ᠠ᠎ᠨᠢ ᠳᠠᠭᠤᠰᠤᠭ᠋ᠠᠳᠤᠢ ᠪᠠᠢ᠌ᠬᠤ;
(ᠲᠠᠪᠤ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠦᠭᠡᠢ ᠪᠤᠶᠤ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠴᠢᠳᠠᠪᠤᠷᠢ ᠵᠢ᠎ᠨᠢ ᠭᠢᠵᠠᠭ᠋ᠠᠷᠯᠠᠬᠰᠠᠨ;
(ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠠᠷᠪᠠᠨ ᠲᠠᠪᠤᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠨᠢᠭᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠠᠵᠢᠯ ᠡᠷᠭᠢᠯᠡᠭᠦ ᠬᠡᠷᠡᠭᠲᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠲᠤᠰᠢᠶᠠᠯ ᠬᠠᠪᠰᠤᠷᠭ᠋ᠠᠨ ᠬᠢᠬᠦ᠎ᠳᠤ ᠭᠦᠷᠪᠡᠯ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠪᠥᠭᠡᠳ ᠪᠠᠢ᠌ᠭ᠎ᠠ ᠨᠢᠭᠡᠴᠢ ᠵᠢᠨ ᠬᠢᠨᠢ ᠵᠥᠪᠰᠢᠶᠡᠷᠡᠭᠰᠡᠨ ᠪᠢᠴᠢᠭ᠎ᠤᠨ ᠰᠠᠨᠠᠯ᠎ᠢ ᠬᠠᠩᠭ᠋ᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠦ᠎ᠪᠠᠷ ᠳᠠᠩᠰᠠᠯᠠᠭᠤᠯᠬᠤ ᠵᠢ ᠭᠤᠶᠤᠴᠢᠯᠠᠬᠤ᠎ᠳᠤ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ; ᠬᠤᠪᠢ ᠬᠥᠮᠥᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠦ᠎ᠪᠠᠷ ᠭᠤᠶᠤᠴᠢᠯᠠᠭᠰᠠᠨ ᠮᠠᠲ᠋ᠧᠷᠢᠶᠠᠯ᠎ᠢ ᠠᠵᠢᠯ ᠡᠷᠭᠢᠯᠡᠭᠦ᠎ᠪᠠᠷ ᠭᠤᠶᠤᠴᠢᠯᠠᠬᠤ ᠭᠡᠵᠦ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠲᠤᠰᠢᠶᠠᠬᠤ ᠬᠡᠷᠡᠭᠲᠡᠢ᠃ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠭᠤᠶᠤᠴᠢᠯᠠᠯ᠎ᠤᠨ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠵᠤ᠂ ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠭᠥᠯᠢᠶᠡᠨ ᠠᠪᠴᠤ ᠰᠢᠢ᠍ᠳᠪᠦᠷᠢᠯᠡᠬᠦ ᠡᠳᠦᠷ᠎ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠢᠨᠠᠵᠤ ᠳᠠᠭᠤᠰᠬᠠᠬᠤ ᠬᠡᠷᠡᠭᠲᠡᠢ᠃ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠳᠠᠩᠰᠠᠯᠠᠭᠤᠯᠬᠤ ᠵᠢ ᠵᠥᠪᠰᠢᠶᠡᠷᠡᠬᠦ ᠵᠢᠨ ᠬᠠᠮᠲᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠡᠷᠭᠢᠯᠡᠭᠦ ᠦᠨᠡᠮᠯᠡᠯ ᠣᠯᠭᠣᠨ᠎ᠠ;ᠨᠥᠭᠦᠴᠡᠯ᠎ᠳᠤ ᠨᠡᠢ᠌ᠴᠡᠬᠦ ᠦᠭᠡᠢ ᠪᠠᠢ᠌ᠪᠠᠯ᠂ ᠲᠠᠡᠭᠰᠠᠯᠠᠵᠤ ᠥᠭᠬᠦ ᠦᠭᠡᠢ ᠪᠥᠭᠡᠳ ᠤᠴᠢᠷ ᠰᠢᠯᠲᠠᠭ᠋ᠠᠨ ᠵᠶ᠋ᠠᠨ ᠪᠢᠴᠢᠭ ᠵᠶ᠋ᠡᠷ ᠲᠣᠳᠣᠷᠬᠠᠢ᠌ᠯᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠠᠵᠢᠯ ᠡᠷᠭᠢᠯᠡᠭᠦ ᠪᠠᠢ᠌ᠭᠤᠯᠤᠮᠵᠢ ᠵᠢᠨ ᠠᠵᠢᠯ ᠡᠷᠭᠢᠯᠡᠭᠦ ᠲᠠᠯᠠᠪᠤᠷ᠂ ᠪᠠᠢ᠌ᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ᠂ ᠬᠡᠮᠵᠢᠭᠦᠷᠯᠢᠭ᠂ ᠲᠥᠬᠦᠭᠡᠷᠦᠮᠵᠢ ᠵᠡᠷᠭᠡ ᠵᠢ ᠬᠢᠨᠠᠨ ᠰᠢᠯᠭ᠋ᠠᠵᠤ᠂ ᠠᠵᠢᠯ ᠡᠷᠭᠢᠯᠡᠭᠦ᠎ᠪᠠᠷ ᠪᠠᠢ᠌ᠭ᠎ᠠ ᠬᠥᠮᠥᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠮᠡᠳᠡᠯᠭᠡ᠂ ᠬᠢᠨᠠᠨ ᠲᠣᠭᠲᠠᠭ᠋ᠠᠯᠲᠠ ᠵᠢᠨ ᠮᠡᠷᠭᠡᠵᠢᠯ᠎ᠤᠨ ᠮᠡᠳᠡᠯᠭᠡ ᠪᠣᠯᠣᠨ ᠬᠢᠨᠠᠨ ᠲᠣᠭᠲᠠᠭ᠋ᠠᠯᠲᠠ ᠵᠢᠨ ᠪᠣᠳᠠᠲᠠᠢ ᠠᠵᠢᠯᠯᠠᠬᠤ ᠴᠢᠳᠠᠪᠤᠷᠢ ᠵᠡᠷᠭᠡ ᠵᠢ ᠬᠢᠨᠠᠨ ᠰᠢᠯᠭ᠋ᠠᠵᠤ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠰᠢᠯᠭ᠋ᠠᠭᠰᠠᠨ ᠴᠦ᠍ ᠪᠣᠯᠣᠨ᠎ᠠ᠃ ᠬᠢᠨᠠᠨ ᠰᠢᠯᠭ᠋ᠠᠬᠤ ᠴᠠᠭ᠎ᠢ ᠬᠢᠨᠠᠨ ᠬᠠᠷᠭᠤᠭᠤᠯᠬᠤ ᠴᠠᠭ ᠬᠤᠭᠤᠴᠠᠭ᠎ᠠ᠎ᠳᠤ ᠪᠤᠳᠤᠵᠤ ᠣᠷᠣᠭᠤᠯᠬᠤ ᠦᠭᠡᠢ᠃
ᠠᠷᠪᠠᠨ ᠳᠣᠯᠣᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠡᠷᠭᠢᠯᠡᠭᠦ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠣᠨ᠎ᠠ᠃ ᠬᠦᠴᠦᠨ᠎ᠲᠠᠢ ᠬᠤᠭᠤᠴᠠᠭ᠎ᠠ᠎ᠨᠢ ᠳᠠᠭᠤᠰᠤᠭ᠋ᠠᠳ ᠦᠷᠭᠦᠯᠵᠢᠯᠡᠭᠦᠯᠬᠦ ᠴᠢᠬᠤᠯᠠᠲᠠᠢ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ ᠡᠮᠦᠨ᠎ᠡ ᠭᠤᠴᠢᠨ ᠡᠳᠦᠷ ᠦᠷᠭᠦᠯᠵᠢᠯᠡᠭᠦᠯᠬᠦ ᠭᠤᠶᠤᠴᠢᠯᠠᠯ ᠭᠠᠷᠭ᠋ᠠᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠳᠠᠩᠰᠠᠯᠠᠯᠲᠠ ᠵᠢᠨ ᠵᠦᠢ᠍ᠯᠡᠰ᠎ᠲᠤ ᠬᠤᠪᠢᠷᠠᠯᠲᠠ ᠭᠠᠷᠤᠭᠰᠠᠨ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠨᠢ ᠬᠤᠪᠢᠷᠠᠯᠲᠠ ᠭᠠᠷᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠤᠪᠢᠷᠠᠭᠤᠯᠬᠤ ᠭᠤᠶᠤᠴᠢᠯᠠᠯ ᠭᠠᠷᠭ᠋ᠠᠬᠤ ᠬᠡᠷᠡᠭᠲᠡᠢ᠃
ᠬᠦᠴᠦᠨ᠎ᠲᠠᠢ ᠬᠤᠭᠤᠴᠠᠭ᠎ᠠ᠎ᠪᠠᠨ ᠤᠷᠲᠤᠳᠬᠠᠬᠤ᠎ᠳᠤ᠂ ᠳᠠᠩᠰᠠᠯᠠᠭᠤᠯᠤᠭᠰᠠᠨ ᠵᠦᠢ᠍ᠯᠡᠰ ᠵᠶ᠋ᠡᠨ ᠬᠤᠪᠢᠷᠠᠭᠤᠯᠬᠤ᠎ᠳᠤ ᠲᠣᠰ ᠳᠦᠷᠢᠮ᠎ᠤᠨ ᠠᠷᠪᠠᠨ ᠬᠣᠶᠠᠳᠤᠭ᠋ᠠᠷ ᠵᠦᠢ᠍ᠯ᠂ ᠠᠷᠪᠠᠨ ᠭᠤᠷᠪᠠᠳᠤᠭ᠋ᠠᠷ ᠵᠦᠢ᠍ᠯ᠂ ᠠᠷᠪᠠᠨ ᠲᠠᠪᠤᠳᠤᠭ᠋ᠠᠷ ᠵᠦᠢ᠍ᠯ᠂ ᠠᠷᠪᠠᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠠᠤᠯᠢ ᠪᠠᠷᠢᠬᠤ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠡᠷᠭᠢᠯᠡᠭᠦ ᠦᠨᠡᠮᠯᠡᠯ᠎ᠢ ᠲᠣᠬᠢᠲᠠᠢ ᠬᠠᠳᠠᠭ᠋ᠠᠯᠠᠨ ᠬᠠᠮᠢᠶᠠᠷᠬᠤ ᠬᠡᠷᠡᠭᠲᠡᠢ᠂ ᠪᠠᠯᠠᠯᠤᠨ ᠥᠭᠡᠷᠡᠲᠦᠭᠦᠯᠵᠦ᠂ ᠰᠢᠯᠵᠢᠭᠦᠯᠦᠨ ᠥᠭᠴᠦ᠂ ᠲᠦᠷᠢᠶᠡᠰᠦᠯᠡᠭᠦᠯᠵᠦ᠂ ᠵᠢᠭᠡᠯᠡᠭᠦᠯᠵᠦ ᠪᠤᠯᠬᠤ ᠦᠭᠡᠢ᠃
ᠠᠷᠪᠠ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠦᠭᠦ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠨᠡᠷᠡᠰ᠎ᠤᠨ ᠳᠡᠪᠲᠡᠷ᠎ᠢ ᠨᠠᠢ᠌ᠷᠠᠭᠤᠯᠤᠨ ᠵᠣᠬᠢᠶᠠᠵᠤ᠂ ᠨᠡᠢ᠌ᠭᠡᠮ ᠨᠡᠢ᠌ᠲᠡ᠎ᠳᠤ ᠵᠠᠷᠯᠠᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠢ᠃
ᠬᠣᠷᠢᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠎ᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ᠎ᠠᠴᠠ ᠭᠠᠳᠠᠨ᠎ᠠ ᠪᠠᠰᠠ ᠲᠤᠰ ᠪᠠᠢ᠌ᠭᠤᠯᠤᠮᠵᠢ ᠵᠢᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠪᠠᠢ᠌ᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ ᠶᠣᠰᠣᠭ᠋ᠠᠷ ᠬᠦᠴᠦᠨ ᠦᠭᠡᠢ ᠪᠤᠯᠭ᠋ᠠᠬᠤ ᠳᠠᠩᠰᠠᠯᠠᠯᠲᠠ ᠵᠢ ᠭᠦᠢ᠍ᠴᠡᠳᠬᠡᠬᠦ ᠵᠢᠨ ᠬᠠᠮᠲᠤ ᠨᠡᠢ᠌ᠭᠡᠮ ᠨᠡᠢ᠌ᠲᠡ᠎ᠳᠤ ᠵᠠᠷᠯᠠᠨ ᠨᠡᠢ᠌ᠲᠡᠯᠡᠬᠦ ᠬᠡᠷᠡᠭᠲᠡᠢ᠄
(ᠨᠢᠭᠡ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ᠎ᠪᠠᠨ ᠵᠣᠭᠰᠤᠭ᠋ᠠᠬᠤ᠎ᠪᠠᠷ ᠬᠠᠤᠯᠢ ᠶᠣᠰᠣᠭ᠋ᠠᠷ ᠭᠤᠶᠤᠴᠢᠯᠠᠬᠰᠠᠨ;
(ᠬᠣᠶᠠᠷ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠬᠢᠵᠦ ᠪᠠᠢ᠌ᠭ᠎ᠠ ᠬᠠᠤᠯᠢ ᠵᠢᠨ ᠡᠷᠬᠡᠲᠡᠨ ᠪᠤᠶᠤ ᠬᠠᠤᠯᠢ ᠵᠢᠨ ᠡᠷᠬᠡᠲᠡᠨ᠎ᠤ ᠪᠤᠰᠤ ᠵᠣᠬᠢᠶᠠᠨ ᠪᠠᠢ᠌ᠭᠤᠯᠤᠯᠲᠠ ᠵᠢ ᠵᠤᠬᠰᠤᠭ᠋ᠠᠬᠰᠠᠨ;
(ᠭᠤᠷᠪᠠ) ᠰᠠᠢ᠌ᠨ ᠳᠤᠷ᠎ᠠ᠎ᠠᠴᠠ᠎ᠪᠠᠨ ᠲᠠᠷᠬᠠᠭᠰᠠᠨ ᠪᠤᠶᠤ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠠᠵᠢᠯ ᠡᠷᠭᠢᠯᠡᠭᠦ ᠵᠢ᠎ᠨᠢ ᠵᠣᠭᠰᠣᠭ᠋ᠠᠭ᠋ᠠᠳ ᠨᠢᠭᠡ ᠵᠢᠯ᠎ᠠᠴᠠ ᠭᠡᠲᠦᠷᠡᠭᠰᠡᠨ;
(ᠳᠥᠷᠪᠡ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠤᠭᠰᠠᠨ ᠪᠠᠢ᠌ᠲᠠᠯ᠎ᠠ ᠦᠷᠭᠦᠯᠵᠢᠯᠡᠭᠦᠯᠬᠦ᠎ᠪᠠᠷ ᠭᠤᠶᠤᠴᠢᠯᠠᠭᠰᠠᠨ ᠦᠭᠡᠢ ᠪᠤᠶᠤ ᠦᠷᠭᠦᠯᠵᠢᠯᠡᠨ ᠬᠢᠨᠠᠨ ᠬᠠᠷᠭᠤᠭᠤᠯᠤᠭᠰᠠᠨ᠎ᠨᠢ ᠪᠠᠲᠤᠯᠠᠭᠳᠠᠭᠰᠠᠨ ᠦᠭᠡᠢ;
(ᠲᠠᠪᠤ) ᠬᠠᠤᠯᠢ ᠶᠣᠰᠣᠭ᠋ᠠᠷ ᠳᠠᠩᠰᠠᠯᠠᠯᠲᠠ ᠵᠢ᠎ᠨᠢ ᠬᠦᠴᠦᠨ ᠦᠭᠡᠢ ᠪᠤᠯᠭ᠋ᠠᠬᠰᠠᠨ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠳᠠᠩᠰᠠᠯᠠᠭᠤᠯᠤᠭᠰᠠᠨ ᠵᠦᠢ᠍ᠯᠡᠰ᠎ᠲᠤ ᠬᠤᠪᠢᠷᠠᠯᠲᠠ ᠭᠠᠷᠤᠭ᠋ᠠᠳ ᠳᠠᠩᠰᠠᠯᠠᠭᠤᠯᠬᠤ ᠨᠥᠬᠥᠴᠡᠯ᠎ᠳᠤ ᠨᠡᠢ᠌ᠴᠡᠬᠦ ᠦᠭᠡᠢ ᠪᠠᠢ᠌ᠪᠠᠯ᠂ ᠵᠢᠷᠭᠤᠭ᠋ᠠᠨ ᠰᠠᠷ᠎ᠠ ᠵᠢᠨ ᠳᠣᠲᠣᠷ᠎ᠠ ᠨᠥᠬᠥᠵᠦ ᠭᠦᠢ᠍ᠴᠡᠳᠬᠡᠬᠦ ᠭᠡᠷᠡᠭᠲᠡᠢ; ᠬᠤᠭᠤᠴᠠᠭ᠎ᠠ᠎ᠨᠢ ᠥᠩᠭᠡᠷᠡᠲᠡᠯ᠎ᠡ ᠨᠥᠬᠥᠵᠦ ᠭᠦᠢ᠍ᠴᠡᠳᠬᠡᠭᠡᠳᠦᠢ ᠪᠣᠯ ᠬᠦᠴᠦᠨ ᠦᠭᠡᠢ ᠪᠤᠯᠭ᠋ᠠᠬᠤ ᠳᠠᠩᠰᠠᠯᠠᠯᠲᠠ ᠵᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃ ᠭᠦᠢ᠍ᠴᠡᠳ ᠨᠥᠬᠥᠪᠦᠷᠢᠯᠡᠬᠦ᠎ᠠᠴᠠ ᠡᠮᠦᠨ᠎ᠡ ᠠᠵᠢᠯ ᠡᠷᠭᠢᠯᠡᠭᠦ ᠠᠵᠢᠯᠯᠠᠭ᠎ᠠ ᠥᠷᠨᠢᠭᠦᠯᠵᠦ ᠪᠤᠯᠬᠤ ᠦᠭᠡᠢ᠃
ᠬᠣᠷᠢᠨ ᠬᠣᠶᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠦᠴᠦᠨ ᠦᠭᠡᠢ ᠪᠤᠯᠭ᠋ᠠᠬᠤ ᠳᠠᠩᠰᠠᠯᠠᠯᠲᠠ ᠬᠢᠬᠦ ᠵᠢᠨ ᠬᠠᠮᠲᠤ ᠨᠡᠢ᠌ᠭᠡᠮ᠎ᠳᠤ ᠵᠠᠷᠯᠠᠨ ᠨᠡᠢ᠌ᠲᠡᠯᠡᠬᠦ ᠬᠡᠷᠡᠭᠲᠡᠢ᠄
(ᠨᠢᠭᠡ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠵᠢ ᠵᠣᠭᠰᠤᠭ᠋ᠠᠬᠤ᠎ᠪᠠᠷ ᠬᠠᠤᠯᠢ ᠶᠣᠰᠣᠭ᠋ᠠᠷ ᠭᠤᠶᠤᠴᠢᠯᠠᠬᠰᠠᠨ;
(ᠬᠣᠶᠠᠷ) ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠠᠵᠢᠯ ᠡᠷᠭᠢᠯᠡᠭᠦ ᠵᠢ᠎ᠨᠢ ᠵᠣᠭᠰᠣᠭ᠋ᠠᠭ᠋ᠠᠳ ᠨᠢᠭᠡ ᠵᠢᠯ᠎ᠠᠴᠠ ᠭᠡᠲᠦᠷᠡᠭᠰᠡᠨ;
(ᠭᠤᠷᠪᠠ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠡᠷᠭᠢᠯᠡᠭᠦ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠤᠭᠰᠠᠨ ᠪᠠᠢ᠌ᠲᠠᠯ᠎ᠠ ᠦᠷᠭᠦᠯᠵᠢᠯᠡᠭᠦᠯᠬᠦ᠎ᠪᠠᠷ ᠭᠤᠶᠤᠴᠢᠯᠠᠭᠰᠠᠨ ᠦᠭᠡᠢ ᠪᠤᠶᠤ ᠦᠷᠭᠦᠯᠵᠢᠯᠡᠨ ᠬᠢᠨᠠᠨ ᠬᠠᠷᠭᠤᠭᠤᠯᠤᠭᠰᠠᠨ᠎ᠨᠢ ᠪᠠᠲᠤᠯᠠᠭᠳᠠᠭᠰᠠᠨ ᠦᠭᠡᠢ;
(ᠳᠥᠷᠪᠡ) ᠦᠬᠦᠭᠰᠡᠨ ᠪᠤᠶᠤ ᠠᠵᠢᠯᠯᠠᠭ᠎ᠠ ᠵᠢᠨ ᠴᠢᠳᠠᠪᠤᠷᠢ᠎ᠪᠠᠨ ᠠᠯᠳᠠᠬᠰᠠᠨ;
(ᠲᠠᠪᠤ) ᠵᠣᠷᠢᠭᠤᠳᠠ ᠶᠠᠯ᠎ᠠ ᠬᠢᠭᠰᠡᠨ ᠪᠤᠶᠤ ᠲᠤᠰᠢᠶᠠᠯ᠎ᠤᠨ ᠡᠨᠳᠡᠯ᠎ᠠᠴᠠ ᠪᠣᠯᠵᠤ ᠶᠠᠯ᠎ᠠ ᠬᠢᠵᠦ ᠡᠷᠡᠭᠦᠦ ᠵᠢᠨ ᠰᠢᠢ᠍ᠳᠬᠡᠯ ᠣᠯᠤᠬᠰᠠᠨ;
(ᠵᠢᠷᠭᠤᠭ᠎ᠠ) ᠠᠯᠪᠠᠨ ᠲᠤᠰᠢᠶᠠᠯ᠎ᠠᠴᠠ᠎ᠨᠢ ᠬᠥᠭᠡᠭᠡᠬᠦ ᠰᠢᠢ᠍ᠳᠬᠡᠯ ᠣᠯᠤᠬᠰᠠᠨ;
(ᠳᠣᠯᠣᠭ᠎ᠠ) ᠬᠠᠤᠯᠢ ᠶᠣᠰᠣᠭ᠋ᠠᠷ ᠳᠠᠩᠰᠠᠯᠠᠯᠲᠠ ᠵᠢ᠎ᠨᠢ ᠬᠦᠴᠦᠨ ᠦᠭᠡᠢ ᠪᠤᠯᠭ᠋ᠠᠬᠰᠠᠨ;
(ᠨᠠᠢ᠍ᠮᠠ) ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠠᠵᠢᠯ ᠡᠷᠭᠢᠯᠡᠭᠦ ᠬᠢᠷᠢ ᠭᠡᠮ᠎ᠢ᠎ᠨᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠦᠴᠦᠨ ᠦᠭᠡᠢ ᠪᠤᠯᠭ᠋ᠠᠬᠰᠠᠨ;
(ᠶᠢᠰᠦ) ᠪᠠᠢ᠌ᠭ᠎ᠠ ᠨᠢᠭᠡᠴᠢ᠎ᠨᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠬᠠᠪᠰᠤᠷᠭ᠋ᠠᠨ ᠬᠢᠬᠦ ᠵᠢ᠎ᠨᠢ ᠵᠥᠪᠰᠢᠶᠡᠷᠡᠭᠰᠡᠨ ᠦᠭᠡᠢ;
(ᠠᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠨᠢ ᠳᠠᠩᠰᠠᠯᠠᠯᠲᠠ᠎ᠪᠠᠨ ᠬᠦᠴᠦᠨ ᠦᠭᠡᠢ ᠪᠤᠯᠭ᠋ᠠᠬᠳᠠᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠨᠢ ᠵᠦᠢ ᠶᠣᠰᠣᠨ᠎ᠤ ᠰᠢᠯᠲᠠᠭ᠋ᠠᠨ ᠦᠭᠡᠢ᠎ᠪᠠᠷ ᠵᠢᠷᠭᠤᠭ᠋ᠠᠨ ᠰᠠᠷ᠎ᠠ ᠵᠢᠨ ᠳᠣᠲᠣᠷ᠎ᠠ ᠪᠤᠰᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠰᠢᠯᠵᠢᠭᠦᠯᠦᠭᠰᠡᠨ ᠦᠭᠡᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ
ᠳᠠᠩᠰᠠᠯᠠᠯᠲᠠ ᠵᠢ ᠬᠦᠴᠦᠨ ᠦᠭᠡᠢ ᠪᠤᠯᠭ᠋ᠠᠬᠤ ᠭᠠᠷᠳᠠᠮ ᠭᠦᠢ᠍ᠴᠡᠳᠬᠡᠬᠦ ᠬᠡᠷᠡᠭᠲᠡᠢ᠃
ᠬᠣᠷᠢᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠲᠣᠰ ᠳᠦᠷᠢᠮ᠎ᠤᠨ ᠬᠣᠷᠢᠨ ᠨᠢᠭᠡᠳᠦᠭᠡᠷ ᠵᠦᠢ᠍ᠯ᠂ ᠬᠣᠷᠢᠨ ᠬᠣᠶᠠᠳᠤᠭ᠋ᠠᠷ ᠵᠦᠢ᠍ᠯ᠎ᠳᠤ ᠵᠢᠭᠰᠠᠭ᠋ᠠᠭᠳᠠᠭᠰᠠᠨ ᠪᠠᠢ᠌ᠳᠠᠯ᠎ᠤᠨ ᠨᠢᠭᠡ᠎ᠨᠢ ᠪᠠᠢ᠌ᠬᠤ ᠮᠥᠷᠲᠡᠭᠡᠨ ᠠᠷᠪᠠᠨ ᠠᠵᠢᠯᠯᠠᠬᠤ ᠡᠳᠦᠷ᠎ᠠᠴᠠ ᠬᠡᠲᠦᠷᠡᠭᠰᠡᠨ ᠪᠠᠢ᠌ᠲᠠᠯ᠎ᠠ ᠬᠦᠴᠦᠨ ᠦᠭᠡᠢ ᠪᠤᠯᠭ᠋ᠠᠬᠤ᠎ᠪᠠᠷ ᠭᠤᠶᠤᠴᠢᠯᠠᠭᠰᠠᠨ ᠦᠭᠡᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠦᠴᠦᠨ ᠦᠭᠡᠢ ᠪᠤᠯᠭ᠋ᠠᠬᠤ ᠤᠷᠢᠳᠴᠢᠯᠠᠨ ᠮᠡᠳᠡᠭᠳᠡᠬᠦ ᠪᠢᠴᠢᠭ ᠶᠠᠪᠤᠭᠤᠯᠵᠤ᠂ ᠬᠦᠴᠦᠨ ᠦᠭᠡᠢ ᠪᠤᠯᠭ᠋ᠠᠬᠤ᠎ᠪᠠᠷ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠤᠶᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠨᠢ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠲᠣᠭ᠋ᠠᠴᠢᠯᠲᠠ ᠬᠢᠵᠦ ᠵᠥᠪᠲᠥᠭᠡᠨ ᠲᠣᠳᠣᠷᠬᠠᠢ᠌ᠯᠠᠬᠤ ᠡᠷᠬᠡ᠎ᠲᠠᠢ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠳᠤᠷᠠᠳᠤᠭᠰᠠᠨ ᠦᠭᠡᠢ ᠪᠤᠶᠤ ᠰᠢᠯᠲᠠᠭ᠋ᠠᠨ᠎ᠨᠢ ᠲᠣᠭᠲᠠᠵᠤ ᠳᠡᠢ᠌ᠯᠭᠦ ᠦᠭᠡᠢ ᠪᠠᠢ᠌ᠪᠠᠯ ᠬᠦᠴᠦᠨ ᠦᠭᠡᠢ ᠪᠤᠯᠭ᠋ᠠᠬᠤ ᠳᠠᠩᠰᠠᠯᠠᠯᠲᠠ ᠵᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
ᠭᠤᠷᠪᠠᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ
ᠬᠣᠷᠢᠨ ᠳᠥᠷᠪᠡᠳᠦᠭᠡᠷ ᠵᠦᠢ᠍ᠯ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ᠂ ᠪᠤᠰᠤᠳ ᠨᠢᠭᠡᠴᠢ ᠪᠠ ᠬᠤᠪᠢ ᠬᠥᠮᠥᠨ ᠲᠤᠰ ᠳᠦᠷᠢᠮ᠎ᠤᠨ ᠠᠷᠪᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠲᠤᠬᠠᠢ᠌ᠯᠠᠭᠰᠠᠨ ᠠᠵᠢᠯ᠎ᠳᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠴᠢᠬᠤᠯᠠᠲᠠᠢ ᠪᠠᠢ᠌ᠪᠠᠯ᠂ ᠤᠯᠤᠰ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠨᠡᠷᠡᠰ᠎ᠤᠨ ᠳᠡᠪᠲᠡᠷᠲᠠᠬᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠨᠠᠢ᠌ᠳᠠᠵᠤ ᠬᠢᠨᠠᠨ ᠲᠣᠭᠲᠠᠭ᠋ᠠᠯᠲᠠ ᠬᠢᠯᠭᠡᠬᠦ ᠬᠡᠷᠡᠭᠲᠡᠢ᠃
ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠪᠠ ᠪᠤᠰᠤᠳ ᠨᠢᠭᠡᠴᠢ ᠢᠯᠡ ᠲᠣᠳᠣ᠂ ᠲᠥᠪ ᠭᠣᠣᠯᠴᠢ᠂ ᠡᠷᠬᠡ ᠲᠡᠭᠰᠢ᠂ ᠠᠷᠠᠳ᠎ᠲᠤ ᠲᠦᠭᠦᠮ ᠦᠵᠡᠭᠦᠯᠭᠦ ᠵᠠᠷᠴᠢᠮ᠎ᠢ ᠵᠢᠷᠤᠮᠯᠠᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠠᠢ᠌ᠳᠠᠭᠰᠠᠨ ᠳᠣᠲᠣᠭ᠋ᠠᠳᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠰᠣᠩᠭᠣᠬᠤ᠂ ᠨᠠᠢ᠌ᠳᠠᠬᠤ᠂ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠰᠢᠯᠵᠢᠭᠦᠯᠦᠨ ᠬᠦᠷᠭᠡᠬᠦ ᠵᠡᠷᠭᠡ ᠵᠢᠷᠤᠮ᠎ᠢ ᠨᠢᠭᠡᠳᠦᠯᠲᠡᠢ ᠵᠢᠷᠤᠮᠵᠢᠭᠤᠯᠤᠨ᠂ ᠨᠠᠢ᠌ᠳᠠᠬᠤ ᠶᠠᠪᠤᠴᠠ ᠵᠢᠨ ᠪᠦᠭᠦ ᠶᠠᠪᠤᠴᠠ ᠵᠢ ᠢᠯᠡ ᠲᠣᠳᠣ ᠪᠠᠢ᠌ᠯᠭ᠋ᠠᠬᠤ ᠵᠢᠨ ᠬᠠᠮᠲᠤ ᠬᠢᠨᠠᠯᠲᠠ ᠵᠢ ᠬᠦᠯᠢᠶᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠨᠠᠢ᠌ᠳᠠᠭᠴᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠯᠭᠡᠬᠦ᠎ᠪᠠᠷ ᠨᠠᠢ᠌ᠳᠠᠬᠤ᠎ᠳᠠᠭᠠᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠦᠨᠡᠨ ᠪᠣᠳᠠᠲᠠᠢ᠂ ᠪᠦᠷᠢᠨ ᠪᠦᠲᠦᠨ᠂ ᠪᠦᠷᠢᠨ ᠭᠦᠢ᠍ᠴᠡᠳ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ ᠪᠥᠭᠡᠳ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠨ᠎ᠤ ᠴᠢᠨᠠᠷ᠎ᠲᠤ ᠬᠠᠷᠢᠭᠤᠴᠠᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠭᠥᠯᠢᠶᠡᠨ ᠠᠪᠤᠭᠰᠠᠨ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠨᠠᠢ᠌ᠳᠠᠭᠴᠢ᠎ᠠᠴᠠ ᠪᠢᠴᠢᠭ ᠵᠶ᠋ᠡᠷ ᠨᠤᠲᠠᠯᠠᠭᠤᠯᠬᠤ ᠬᠡᠷᠡᠭᠲᠡᠢ᠃ ᠤᠯᠠᠨ
ᠲᠠᠯ᠎ᠠ ᠵᠢᠨ᠎ᠬᠢᠨ ᠬᠠᠮᠲᠤ᠎ᠪᠠᠷ ᠨᠠᠢ᠌ᠳᠠᠭᠰᠠᠨ ᠪᠠᠢ᠌ᠪᠠᠯ᠂ ᠡᠯ᠎ᠡ ᠲᠠᠯ᠎ᠠ ᠵᠢᠨ ᠨᠠᠢ᠌ᠳᠠᠭᠴᠢ᠎ᠠᠴᠠ ᠬᠠᠮᠲᠤ᠎ᠪᠠᠷ ᠨᠤᠲᠠᠯᠠᠭᠤᠯᠬᠤ ᠬᠡᠷᠡᠭᠲᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠢᠨᠠᠨ ᠲᠣᠭᠲᠠᠭ᠋ᠠᠭᠰᠠᠨ ᠮᠠᠲ᠋ᠧᠷᠢᠶᠠᠯ᠎ᠤᠨ ᠨᠡᠷᠡᠢ᠌ᠳᠦᠯ᠂ ᠲᠦᠷᠦᠯ ᠵᠦᠢ᠍ᠯ᠂ ᠲᠣᠭ᠎ᠠ ᠬᠡᠮᠵᠢᠶ᠎ᠡ᠂ ᠰᠢᠨᠵᠢ ᠪᠠᠢ᠌ᠳᠠᠯ᠂ ᠬᠠᠳᠠᠭ᠋ᠠᠯᠠᠵᠤ ᠪᠠᠢ᠌ᠭ᠎ᠠ ᠪᠠᠢ᠌ᠳᠠᠯ᠂ ᠬᠤᠷᠢᠶᠠᠵᠤ ᠣᠯᠣᠭᠰᠠᠨ ᠴᠠᠭ ᠵᠡᠷᠭᠡ ᠵᠢ ᠬᠠᠷᠭᠤᠭᠤᠯᠬᠤ ᠵᠢᠨ ᠬᠠᠮᠲᠤ ᠲᠡᠮᠳᠡᠭᠯᠡᠬᠦ ᠬᠡᠷᠡᠭᠲᠡᠢ ᠪᠥᠭᠡᠳ ᠨᠠᠢ᠌ᠳᠠᠭᠴᠢ᠎ᠳᠤ ᠮᠠᠲ᠋ᠧᠷᠢᠶᠠᠯ ᠲᠤᠰᠢᠶᠠᠵᠤ ᠭᠥᠯᠢᠶᠡᠨ ᠠᠪᠤᠭᠰᠠᠨ ᠭᠡᠷᠡᠴᠢ ᠪᠠᠷᠢᠮᠲᠠ ᠭᠠᠷᠭ᠋ᠠᠵᠤ ᠥᠭᠬᠦ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠢᠨᠠᠨ ᠲᠣᠭᠲᠠᠭ᠋ᠠᠭᠰᠠᠨ ᠮᠠᠲ᠋ᠧᠷᠢᠶᠠᠯ ᠵᠶ᠋ᠠᠨ ᠲᠣᠬᠢᠲᠠᠢ ᠬᠠᠳᠠᠭ᠋ᠠᠯᠠᠬᠤ ᠬᠡᠷᠡᠭᠲᠡᠢ᠃
ᠬᠣᠷᠢᠨ ᠵᠢᠷᠭᠤᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠨᠠᠶ᠋ᠢᠳᠠᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠵᠦ ᠪᠤᠯᠬᠤ ᠦᠭᠡᠢ᠄
(ᠨᠢᠭᠡ) ᠨᠠᠢ᠌ᠳᠠᠭᠰᠠᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠨᠢ ᠲᠤᠰ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠠᠴᠠ ᠭᠡᠲᠦᠷᠡᠭᠰᠡᠨ;
(ᠬᠣᠶᠠᠷ) ᠬᠢᠨᠠᠨ ᠲᠣᠭᠲᠠᠭ᠋ᠠᠭᠰᠠᠨ ᠮᠠᠲ᠋ᠧᠷᠢᠶᠠᠯ᠎ᠨᠢ ᠦᠨᠡᠨ ᠪᠣᠳᠠᠲᠠᠢ ᠪᠢᠰᠢ᠂ ᠪᠦᠷᠢᠨ ᠭᠦᠢ᠍ᠴᠡᠳ ᠪᠤᠰᠤ᠂ ᠭᠦᠢ᠍ᠴᠡᠳ ᠪᠤᠰᠤ ᠪᠤᠶᠤ ᠣᠯᠣᠭᠰᠠᠨ ᠠᠷᠭ᠎ᠠ ᠮᠠᠶᠢᠭ᠎ᠨᠢ ᠬᠠᠤᠯᠢ᠎ᠳᠤ ᠨᠡᠢ᠌ᠴᠡᠬᠦ ᠦᠭᠡᠢ ᠪᠠᠢ᠌ᠬᠤ;
(ᠭᠤᠷᠪᠠ) ᠬᠢᠨᠠᠨ ᠲᠣᠭᠲᠠᠭ᠋ᠠᠯᠲᠠ ᠵᠢᠨ ᠬᠡᠷᠡᠭᠴᠡᠭᠡ᠎ᠨᠢ ᠬᠠᠤᠯᠢ᠎ᠳᠤ ᠨᠡᠢ᠌ᠴᠡᠬᠦ ᠦᠭᠡᠢ ᠪᠤᠶᠤ ᠨᠡᠶ᠋ᠢᠲᠡ ᠵᠢᠨ ᠡᠮᠬᠢ ᠵᠢᠷᠤᠮ ᠪᠠ ᠰᠠᠢ᠌ᠨ ᠰᠠᠢ᠌ᠬᠠᠨ ᠬᠡᠪ ᠵᠠᠩᠰᠢᠯ᠎ᠢ ᠵᠥᠷᠢᠴᠡᠭᠰᠡᠨ;
(ᠳᠥᠷᠪᠡ) ᠬᠢᠨᠠᠨ ᠲᠣᠭᠲᠠᠭ᠋ᠠᠯᠲᠠ ᠵᠢᠨ ᠱᠠᠭ᠋ᠠᠷᠳᠠᠯᠭ᠎ᠠ᠎ᠨᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠡᠷᠭᠢᠯᠡᠭᠦ ᠳᠦᠷᠢᠮ ᠪᠤᠶᠤ ᠮᠡᠷᠭᠡᠵᠢᠯ᠎ᠤᠨ ᠵᠢᠷᠤᠮᠵᠢᠯᠳᠤ ᠨᠡᠢ᠌ᠴᠡᠬᠦ ᠦᠭᠡᠢ ᠪᠠᠢ᠌ᠬᠤ;
(ᠲᠠᠪᠤ) ᠨᠠᠢ᠌ᠳᠠᠭᠰᠠᠨ ᠬᠢᠨᠠᠨ ᠲᠣᠭᠲᠠᠭ᠋ᠠᠯᠲᠠ ᠵᠢᠨ ᠳᠡᠰ ᠳᠠᠷᠠᠭ᠋ᠠᠯᠠᠯ᠎ᠢ ᠵᠥᠷᠢᠴᠡᠭᠰᠡᠨ;
(ᠵᠢᠷᠭᠤᠭ᠎ᠠ) ᠬᠢᠨᠠᠨ ᠲᠣᠭᠲᠠᠭ᠋ᠠᠯᠲᠠ ᠵᠢᠨ ᠱᠠᠭ᠋ᠠᠷᠳᠠᠯᠭ᠎ᠠ᠎ᠨᠢ ᠲᠤᠰ ᠪᠠᠢ᠌ᠭᠤᠯᠤᠮᠵᠢ ᠵᠢᠨ ᠮᠡᠷᠭᠡᠵᠢᠯ᠎ᠤᠨ ᠨᠥᠬᠥᠴᠡᠯ ᠪᠤᠶᠤ ᠬᠢᠨᠠᠨ ᠲᠣᠭᠲᠠᠭ᠋ᠠᠯᠲᠠ ᠵᠢᠨ ᠴᠢᠳᠠᠪᠤᠷᠢ᠎ᠠᠴᠠ ᠭᠡᠲᠦᠷᠡᠭᠰᠡᠨ;
(ᠲᠤᠯᠤᠭ᠎ᠠ) ᠨᠠᠢ᠌ᠳᠠᠭᠴᠢ ᠠᠳᠠᠯᠢ ᠨᠢᠭᠡᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠢ ᠪᠤᠰᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠵᠡᠷᠭᠡ᠎ᠪᠡᠷ ᠨᠠᠢ᠌ᠳᠠᠵᠤ ᠬᠢᠨᠠᠨ ᠲᠣᠭᠲᠠᠭ᠋ᠠᠯᠲᠠ
ᠭᠢᠯᠭᠡᠭᠰᠡᠨ;
(ᠨᠠᠢ᠍ᠮᠠ) ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠢᠭᠡᠳ ᠨᠠᠢ᠌ᠳᠠᠭᠰᠠᠨ ᠬᠢᠨᠠᠨ ᠲᠣᠭᠲᠠᠭ᠋ᠠᠯᠲᠠ ᠵᠢᠨ ᠵᠦᠢ᠍ᠯᠡᠰᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠵᠤ᠂ ᠪᠤᠰᠤᠳᠴᠢ᠂ ᠲᠥᠪ ᠭᠣᠣᠯᠴᠢ ᠬᠢᠨᠠᠨ ᠲᠣᠭᠲᠠᠭ᠋ᠠᠯᠲᠠ ᠬᠢᠬᠦ ᠵᠢ ᠨᠥᠯᠥᠭᠡᠯᠡᠵᠦ ᠮᠡᠳᠡᠭᠦ;
(ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠬᠣᠷᠢᠨ ᠳᠣᠯᠣᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠠᠶ᠋ᠢᠳᠠᠯᠭ᠎ᠠ ᠵᠢ ᠨᠢᠭᠡᠳᠦᠯᠲᠡᠢ ᠭᠥᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠢ᠂ ᠶᠠᠮᠠᠷᠪᠠ ᠭᠡᠯᠪᠡᠷᠢ᠎ᠪᠠᠷ ᠪᠤᠰᠤᠳ ᠪᠠᠢ᠌ᠭᠤᠯᠤᠮᠵᠢ᠎ᠳᠤ ᠰᠢᠯᠵᠢᠭᠦᠯᠦᠨ ᠨᠠᠢ᠌ᠳᠠᠵᠤ ᠳᠠᠭ᠋ᠠᠭ᠋ᠠᠨ ᠭᠢᠯᠭᠡᠵᠦ ᠪᠤᠯᠬᠤ ᠦᠭᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠨᠢ ᠨᠠᠶ᠋ᠢᠳᠠᠯᠭ᠎ᠠ ᠵᠢ ᠳᠤᠷ᠎ᠠ᠎ᠪᠠᠷ ᠵᠶ᠋ᠠᠨ ᠭᠥᠯᠢᠶᠡᠨ ᠠᠪᠴᠤ ᠪᠤᠯᠬᠤ ᠦᠭᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠨᠠᠶ᠋ᠢᠳᠠᠯᠭ᠎ᠠ ᠵᠢ ᠣᠯᠣᠭᠰᠠᠨ ᠡᠳᠦᠷ᠎ᠠᠴᠠ ᠡᠬᠢᠯᠡᠨ ᠲᠤᠯᠤᠭ᠋ᠠᠨ ᠠᠵᠢᠯᠯᠠᠬᠤ ᠡᠳᠦᠷ᠎ᠤᠨ ᠳᠣᠲᠣᠷ᠎ᠠ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ ᠲᠤᠬᠠᠢ ᠲᠣᠭᠲᠠᠭ᠋ᠠᠯ ᠭᠠᠷᠭ᠋ᠠᠬᠤ ᠬᠡᠷᠡᠭᠲᠡᠢ᠃ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ ᠪᠤᠶᠤ ᠣᠨᠴᠠᠭ᠋ᠠᠢ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠤᠨ ᠨᠠᠶ᠋ᠢᠳᠠᠯᠭ᠎ᠠ ᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠢᠭᠡᠳ ᠨᠠᠢ᠌ᠳᠠᠭᠴᠢ᠎ᠲᠠᠢ ᠰᠢᠢ᠍ᠳᠪᠦᠷᠢᠯᠡᠬᠦ᠎ᠪᠠᠷ ᠭᠥᠯᠢᠶᠡᠨ ᠠᠪᠬᠤ ᠴᠠᠭ ᠵᠶ᠋ᠠᠨ ᠵᠥᠪᠳᠡᠯᠴᠡᠨ ᠲᠣᠭᠲᠠᠭ᠋ᠠᠵᠤ ᠪᠣᠯᠣᠨ᠎ᠠ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠨᠠᠶ᠋ᠢᠳᠠᠯᠭ᠎ᠠ ᠵᠢ ᠭᠥᠯᠢᠶᠡᠨ ᠠᠪᠤᠭᠰᠠᠨ ᠪᠠᠢ᠌ᠪᠠᠯ᠂ ᠨᠠᠢ᠌ᠳᠠᠭᠴᠢ᠎ᠲᠠᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠠᠶ᠋ᠢᠳᠠᠯᠭ᠎ᠠ ᠵᠢᠨ ᠪᠢᠴᠢᠭ ᠲᠣᠬᠲᠠᠭ᠋ᠠᠨ᠎ᠠ; ᠨᠠᠶ᠋ᠢᠳᠠᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠦᠭᠡᠢ ᠪᠣᠯ᠂ ᠤᠴᠢᠷ ᠰᠢᠯᠲᠠᠭ᠋ᠠᠨ ᠵᠶ᠋ᠠᠨ ᠨᠠᠢ᠌ᠳᠠᠭᠴᠢ᠎ᠳᠤ ᠪᠢᠴᠢᠭ ᠵᠶ᠋ᠡᠷ ᠲᠣᠳᠣᠷᠬᠠᠢ᠌ᠯᠠᠵᠤ᠂ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠪᠤᠴᠠᠭ᠋ᠠᠨ᠎ᠠ᠃
ᠬᠣᠷᠢᠨ ᠨᠠᠢ᠍ᠮᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠠᠶ᠋ᠢᠳᠠᠯᠭ᠎ᠠ ᠵᠢ ᠭᠥᠯᠢᠶᠡᠨ ᠠᠪᠤᠭᠰᠠᠨ᠎ᠤ ᠳᠠᠷᠠᠭ᠎ᠠ᠂ ᠲᠤᠰ ᠪᠠᠢ᠌ᠭᠤᠯᠤᠮᠵᠢ ᠵᠢᠨ ᠲᠤᠰ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠤᠨ ᠠᠵᠢᠯ ᠡᠷᠭᠢᠯᠡᠭᠦ ᠬᠢᠷᠢ ᠭᠡᠮ ᠪᠦᠬᠦᠢ ᠬᠣᠶᠠᠷ᠎ᠠᠴᠠ ᠳᠡᠭᠡᠭᠰᠢᠬᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠵᠢᠭ᠋ᠠᠨ ᠲᠣᠭᠲᠠᠭ᠋ᠠᠵᠤ ᠬᠢᠨᠠᠨ ᠲᠣᠭᠲᠠᠭ᠋ᠠᠯᠲᠠ ᠬᠢᠯᠭᠡᠬᠦ ᠬᠡᠷᠡᠭᠲᠡᠢ᠃
ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭ᠋ᠠᠢ ᠮᠡᠷᠭᠡᠵᠢᠯ᠎ᠤᠨ ᠠᠰᠠᠭᠤᠳᠠᠯ᠎ᠳᠤ ᠬᠣᠯᠪᠣᠭᠳᠠᠭᠰᠠᠨ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠲᠤᠰ ᠪᠠᠢ᠌ᠭᠤᠯᠤᠮᠵᠢ᠎ᠠᠴᠠ ᠭᠠᠳᠠᠨᠠᠬᠢ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ᠎ᠠᠴᠠ ᠵᠥᠪᠯᠡᠯᠭᠡ ᠠᠪᠴᠤ ᠪᠣᠯᠣᠨ᠎ᠠ᠃
ᠬᠣᠷᠢ ᠶᠢᠰᠦᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ ᠵᠠᠢ᠌ᠯᠠᠰᠬᠢᠬᠦ ᠬᠡᠷᠡᠭᠲᠡᠢ᠄
(ᠨᠢᠭᠡ) ᠲᠤᠬᠠᠢ ᠵᠢᠨ ᠬᠥᠮᠥᠨ ᠪᠤᠶᠤ ᠲᠤᠬᠠᠢ ᠵᠢᠨ ᠬᠥᠮᠥᠨ᠂ ᠥᠮᠥᠭᠯᠡᠭᠴᠢ᠂ ᠵᠠᠷᠭᠤ ᠵᠢᠨ ᠣᠷᠣᠯᠠᠭᠴᠢ ᠵᠢᠨ ᠣᠢ᠌ᠷ᠎ᠠ ᠲᠦᠷᠦᠯ ᠰᠠᠳᠤᠨ ᠪᠤᠯᠬᠤ;
(ᠬᠣᠶᠠᠷ) ᠲᠤᠰ ᠬᠥᠮᠥᠨ ᠪᠤᠶᠤ ᠲᠡᠭᠦᠨ᠎ᠤ ᠣᠢ᠌ᠷ᠎ᠠ ᠲᠦᠷᠦᠯ ᠰᠠᠳᠤᠨ᠎ᠨᠢ ᠲᠤᠬᠠᠢ ᠵᠢᠨ ᠬᠥᠮᠥᠨ᠂ ᠥᠮᠥᠭᠯᠡᠭᠴᠢ᠂ ᠵᠠᠷᠭᠤ ᠵᠢᠨ ᠣᠷᠣᠯᠠᠭᠴᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠲᠤ ᠬᠣᠯᠪᠣᠭᠳᠠᠭᠰᠠᠨ ᠬᠡᠷᠡᠭ᠎ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠪᠠᠢ᠌ᠬᠤ;
(ᠭᠤᠷᠪᠠ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠲᠤ ᠬᠣᠯᠪᠣᠭᠳᠠᠭᠰᠠᠨ ᠬᠡᠷᠡᠭ᠎ᠤᠨ ᠬᠠᠪᠰᠤᠷᠤᠨ ᠰᠢᠭᠦᠭᠴᠢ᠂ ᠥᠮᠥᠭᠯᠡᠭᠴᠢ᠂ ᠵᠠᠷᠭᠤ ᠵᠢᠨ ᠣᠷᠣᠯᠠᠭᠴᠢ᠂ ᠭᠡᠷᠡᠴᠢᠯᠡᠭᠴᠢ᠂ ᠣᠷᠴᠢᠭᠤᠯᠤᠭᠴᠢ ᠪᠣᠯᠵᠤ ᠥᠩᠭᠡᠷᠡᠭᠰᠡᠨ;
(ᠳᠥᠷᠪᠡ) ᠠᠳᠠᠯᠢ ᠨᠢᠭᠡᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠲᠤ ᠯᠠᠪᠯᠠᠨ ᠠᠰᠠᠭᠤᠭᠰᠠᠨ ᠰᠠᠨᠠᠯ ᠬᠠᠩᠭ᠋ᠠᠵᠤ᠂ ᠠᠳᠠᠯᠢ ᠨᠢᠭᠡᠨ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠤᠨ ᠬᠢᠨᠠᠨ ᠲᠣᠭᠲᠠᠭ᠋ᠠᠯᠲᠠ ᠪᠤᠶᠤ ᠲᠤᠯᠭ᠋ᠠᠨ ᠭᠡᠷᠡᠴᠢᠯᠡᠯᠲᠡ᠎ᠳᠤ ᠣᠷᠣᠯᠴᠠᠬᠰᠠᠨ;
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠎ᠤᠳ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠵᠠᠢ᠌ᠯᠠᠰᠬᠢᠬᠦ ᠵᠢ ᠲᠡᠭᠦᠨ᠎ᠤ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠲᠣᠭᠲᠠᠭ᠋ᠠᠨ᠎ᠠ᠃
ᠨᠠᠢ᠌ᠳᠠᠭᠴᠢ᠎ᠨᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠭᠠᠷᠭ᠋ᠠᠭᠰᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠵᠠᠢ᠌ᠯᠠᠰᠬᠢᠬᠦ ᠡᠰᠡᠬᠦ ᠲᠤᠬᠠᠢ ᠲᠣᠭᠲᠠᠭ᠋ᠠᠯ᠎ᠳᠤ ᠣᠨᠳᠣᠣ ᠰᠠᠨᠠᠯ᠎ᠲᠠᠢ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠨᠠᠶ᠋ᠢᠳᠠᠯᠭ᠎ᠠ ᠵᠢ ᠬᠦᠴᠦᠨ ᠦᠭᠡᠢ ᠪᠤᠯᠭ᠋ᠠᠵᠤ ᠪᠣᠯᠣᠨ᠎ᠠ᠃
ᠭᠤᠴᠢᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠢᠨᠠᠨ ᠲᠣᠭᠲᠠᠭ᠋ᠠᠯᠲᠠ ᠬᠢᠬᠦ᠎ᠳᠡᠭᠡᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠂ ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠣᠯᠠᠩᠬᠢ ᠲᠣᠭ᠋ᠠᠨ᠎ᠤ ᠲᠤᠰᠬᠠᠢ ᠮᠡᠷᠭᠡᠵᠢᠯᠲᠡᠨ᠎ᠤ ᠮᠡᠳᠡᠷᠡᠭᠰᠡᠨ ᠮᠡᠷᠭᠡᠵᠢᠯ᠎ᠤᠨ ᠠᠷᠭ᠎ᠠ ᠵᠢ ᠳᠡᠰ ᠳᠠᠷᠠᠭ᠋ᠠᠯᠠᠨ ᠬᠡᠷᠡᠭᠯᠡᠨ᠎ᠡ᠃
ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠣᠯᠠᠩᠬᠢ ᠲᠤᠰᠬᠠᠢ ᠮᠡᠷᠭᠡᠵᠢᠯᠲᠡᠨ᠎ᠤ ᠮᠡᠳᠡᠷᠡᠨ ᠵᠥᠪᠰᠢᠶᠡᠷᠡᠭᠰᠡᠨ ᠮᠡᠷᠭᠡᠵᠢᠯ᠎ᠤᠨ ᠠᠷᠭ᠎ᠠ ᠵᠢ ᠬᠡᠷᠡᠭᠯᠡᠬᠦ᠎ᠳᠤ ᠭᠦᠷᠪᠡᠯ᠂ ᠨᠠᠢ᠌ᠳᠠᠭᠴᠢ᠎ᠳᠤ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠪᠢᠴᠢᠭ᠎ᠤᠨ ᠭᠡᠯᠪᠡᠷᠢ᠎ᠪᠠᠷ ᠵᠥᠪᠰᠢᠶᠡᠷᠡᠭᠦᠯᠬᠦ ᠬᠡᠷᠡᠭᠲᠡᠢ᠃ ᠨᠠᠢ᠌ᠳᠠᠭᠴᠢ᠎ᠨᠢ ᠵᠥᠪᠰᠢᠶᠡᠷᠡᠬᠦ ᠦᠭᠡᠢ ᠪᠠᠢ᠌ᠪᠠᠯ ᠬᠢᠨᠠᠨ ᠲᠣᠭᠲᠠᠭ᠋ᠠᠯᠲᠠ ᠵᠢ ᠵᠣᠭᠰᠤᠭ᠋ᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠭᠠᠷᠭ᠋ᠠᠨ ᠠᠪᠬᠤ᠂ ᠲᠣᠭᠲᠠᠮᠠᠯ ᠪᠠᠢ᠌ᠯᠭ᠋ᠠᠬᠤ ᠵᠢᠴᠢ ᠪᠠᠢ᠌ᠴᠠᠭ᠋ᠠᠨ ᠰᠢᠯᠭ᠋ᠠᠬᠤ ᠲᠤᠷᠰᠢᠯᠲᠠ ᠬᠢᠬᠦ ᠵᠡᠷᠭᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠋ᠠᠨ᠎ᠤ ᠵᠠᠩᠭᠢᠯᠠᠭ᠎ᠠ ᠵᠢᠨ ᠭᠣᠭᠴᠣᠭ᠎ᠠ ᠵᠢ ᠡᠩ᠎ᠤᠨ ᠪᠠᠢ᠌ᠳᠠᠯ᠎ᠳᠤ ᠳᠠᠩᠰᠠᠯᠠᠭᠤᠯᠤᠭᠰᠠᠨ ᠠᠵᠢᠯ ᠡᠷᠭᠢᠯᠡᠭᠦ ᠲᠠᠯᠠᠪᠤᠷ᠎ᠲᠤ ᠬᠡᠷᠡᠭᠵᠢᠭᠦᠯᠪᠡᠯ ᠵᠣᠬᠢᠨ᠎ᠠ᠂ ᠡᠷᠬᠡᠪᠰᠢ ᠲᠤᠬᠠᠢ ᠵᠢᠨ ᠲᠠᠯᠠᠪᠤᠷ ᠪᠤᠶᠤ ᠬᠢᠨᠠᠨ ᠲᠣᠭᠲᠠᠭ᠋ᠠᠯᠲᠠ ᠬᠢᠬᠦ ᠮᠠᠲ᠋ᠧᠷᠢᠶᠠᠯ᠎ᠤᠨ ᠪᠠᠢ᠌ᠭ᠎ᠠ ᠭᠠᠵᠠᠷ᠎ᠲᠤ ᠣᠴᠢᠬᠤ ᠴᠢᠬᠤᠯᠠᠲᠠᠢ ᠪᠠᠢ᠌ᠪᠠᠯ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠠᠵᠢᠯᠯᠠᠭ᠋ᠠᠨ᠎ᠤ ᠵᠢᠷᠤᠮᠵᠢᠯ ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃
ᠬᠥᠮᠥᠨ᠎ᠤ ᠪᠡᠶ᠎ᠡ ᠵᠢᠨ ᠭᠠᠷᠤᠯ ᠪᠤᠶᠤ ᠪᠡᠶ᠎ᠡ ᠵᠢᠨ ᠭᠠᠷᠤᠯ᠎ᠤᠨ ᠬᠠᠷᠢᠴᠠᠭ᠎ᠠ ᠵᠢ ᠭᠡᠷᠡᠴᠢᠯᠡᠬᠦ ᠬᠢᠨᠠᠨ ᠲᠣᠭᠲᠠᠭ᠋ᠠᠯᠲᠠ ᠬᠢᠬᠦ᠎ᠳᠤ᠂ ᠬᠥᠮᠥᠨ᠎ᠤ ᠪᠡᠶ᠎ᠡ᠎ᠠᠴᠠ ᠠᠮᠢᠳᠤ ᠪᠣᠳᠠᠰ᠎ᠤᠨ ᠰᠢᠯᠭ᠋ᠠᠨ ᠪᠠᠢ᠌ᠴᠠᠭ᠋ᠠᠯᠲᠠ ᠬᠢᠬᠦ ᠮᠠᠲ᠋ᠧᠷᠢᠶᠠᠯ᠎ᠢ ᠭᠠᠷᠭ᠋ᠠᠵᠤ ᠠᠪᠬᠤ ᠠᠵᠢᠯ᠎ᠢ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠪᠤᠶᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠪᠡᠶᠡᠯᠡᠭᠦᠯᠪᠡᠯ ᠵᠣᠬᠢᠨ᠎ᠠ᠂ ᠲᠡᠷᠡᠴᠢᠯᠡᠨ ᠠᠮᠢᠳᠤ ᠪᠣᠳᠠᠰ᠎ᠤᠨ ᠰᠢᠯᠭ᠋ᠠᠨ ᠪᠠᠢ᠌ᠴᠠᠭ᠋ᠠᠯᠲᠠ ᠵᠢᠨ ᠮᠠᠲ᠋ᠧᠷᠢᠶᠠᠯ᠎ᠨᠢ ᠦᠯᠢᠭᠡᠷ ᠠᠪᠤᠭᠴᠢ᠎ᠲᠠᠢ ᠨᠢᠭᠡᠳᠦᠯᠲᠡᠢ ᠪᠠᠢ᠌ᠬᠤ ᠵᠢ ᠪᠠᠲᠤᠯᠠᠬᠤ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠡᠯ᠎ᠡ ᠵᠠᠩᠭᠢᠯᠠᠭ᠎ᠠ ᠵᠢᠨ ᠭᠣᠭᠴᠣᠭ᠋ᠠᠨ᠎ᠤ ᠭᠠᠷᠳᠠᠨ ᠭᠦᠢ᠍ᠴᠡᠳᠭᠡᠭᠴᠢ᠎ᠨᠢ ᠬᠢᠨᠠᠨ ᠲᠣᠭᠲᠠᠭ᠋ᠠᠯᠲᠠ ᠵᠢᠨ ᠶᠠᠪᠤᠴᠠ ᠪᠠ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠭᠠᠷᠭ᠋ᠠᠨ ᠠᠪᠬᠤ᠂ ᠭᠥᠯᠢᠶᠡᠨ ᠠᠪᠬᠤ᠂ ᠬᠠᠳᠠᠭ᠋ᠠᠯᠠᠨ ᠬᠠᠮᠢᠶᠠᠷᠬᠤ᠂ ᠬᠡᠷᠡᠭᠯᠡᠬᠦ᠂ ᠤᠰᠠᠳᠬᠠᠬᠤ ᠪᠤᠶᠤ ᠪᠤᠴᠠᠭ᠋ᠠᠬᠤ ᠶᠠᠪᠤᠴᠠ ᠵᠢ ᠬᠠᠤᠯᠢ ᠶᠣᠰᠣᠭ᠋ᠠᠷ ᠴᠠᠭ ᠲᠤᠬᠠᠢᠳᠤᠨᠢ ᠲᠡᠮᠳᠡᠭᠯᠡᠬᠦ ᠵᠢᠨ ᠬᠠᠮᠲᠤ ᠭᠠᠷᠤᠨ ᠦᠰᠦᠭ ᠵᠢᠷᠤᠵᠤ᠂ ᠬᠢᠨᠠᠨ ᠲᠣᠭᠲᠠᠭ᠋ᠠᠯᠲᠠ ᠵᠢᠨ ᠲᠠᠨᠭ᠌ᠰᠠ ᠡᠪᠬᠡᠮᠡᠯ᠎ᠳᠤ ᠬᠠᠳᠠᠭ᠋ᠠᠯᠠᠪᠠᠯ ᠵᠣᠬᠢᠨ᠎ᠠ᠃ ᠲᠡᠮᠳᠡᠭᠯᠡᠬᠦ᠎ᠳᠡᠭᠡᠨ ᠲᠡᠮᠳᠡᠭᠯᠡᠯ ᠬᠢᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠰᠡᠭᠦᠳᠡᠷᠯᠡᠬᠦ ᠵᠡᠷᠭᠡ ᠠᠷᠭ᠎ᠠ ᠭᠡᠯᠪᠡᠷᠢ ᠵᠢ ᠠᠪᠴᠤ ᠪᠣᠯᠣᠨ᠎ᠠ᠂ ᠭᠡᠪᠡᠴᠦ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃
ᠲᠡᠮᠳᠡᠭᠯᠡᠯ᠎ᠤᠨ ᠠᠭᠤᠯᠭ᠎ᠠ᠎ᠨᠢ ᠦᠨᠡᠨ ᠪᠣᠳᠠᠲᠠᠢ᠂ ᠪᠤᠰᠤᠳᠴᠢ᠂ ᠣᠨᠣᠪᠴᠢᠲᠠᠶ᠂ ᠪᠦᠷᠢᠨ ᠪᠦᠲᠦᠨ᠂ ᠲᠣᠳᠣᠷᠬᠠᠢ ᠪᠠᠢ᠌ᠵᠤ᠂ ᠨᠡᠬᠡᠮᠵᠢᠯᠡᠵᠦ ᠪᠤᠯᠬᠤ ᠵᠢ ᠪᠠᠲᠤᠯᠠᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠨᠠᠶ᠋ᠢᠳᠠᠯᠭ᠎ᠠ ᠵᠢᠨ ᠪᠢᠴᠢᠭ᠎ᠲᠤ ᠪᠣᠯᠵᠣᠨ ᠲᠣᠭᠲᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠪᠡᠶᠡᠯᠡᠭᠦᠯᠬᠦ ᠬᠡᠷᠡᠭᠲᠡᠢ᠂ ᠴᠠᠭ ᠬᠤᠭᠤᠴᠠᠭ᠎ᠠ ᠵᠢ ᠪᠣᠯᠵᠣᠨ ᠲᠣᠭᠲᠠᠭᠰᠠᠨ ᠦᠭᠡᠢ ᠪᠠᠢ᠌ᠪᠠᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠨᠠᠶ᠋ᠢᠳᠠᠯᠭ᠎ᠠ ᠵᠢᠨ ᠪᠢᠴᠢᠭ᠎ᠲᠤ ᠭᠠᠷᠤᠨ ᠦᠰᠦᠭ ᠵᠢᠷᠤᠭᠰᠠᠨ ᠡᠳᠦᠷ᠎ᠠᠴᠠ ᠡᠬᠢᠯᠡᠨ ᠭᠤᠴᠢᠨ ᠠᠵᠢᠯ᠎ᠤᠨ ᠡᠳᠦᠷ᠎ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠵᠦᠢ᠍ᠯᠡᠰ᠎ᠨᠢ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭ᠋ᠠᠢ ᠮᠡᠷᠭᠡᠵᠢᠯ᠎ᠤᠨ ᠠᠰᠠᠭᠤᠳᠠᠯ᠎ᠳᠤ ᠬᠣᠯᠪᠣᠭᠳᠠᠬᠤ ᠪᠤᠶᠤ ᠬᠢᠨᠠᠨ ᠲᠣᠭᠲᠠᠭ᠋ᠠᠯᠲᠠ ᠵᠢᠨ ᠶᠠᠪᠤᠴᠠ᠎ᠳᠤ ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠴᠢᠬᠤᠯᠠᠲᠠᠢ ᠪᠠᠢ᠌ᠪᠠᠯ ᠲᠤᠰ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠬᠢᠨᠠᠨ ᠲᠣᠭᠲᠠᠭ᠋ᠠᠯᠲᠠ ᠵᠢᠨ ᠪᠡᠶᠡᠯᠡᠭᠦᠯᠬᠦ ᠬᠤᠭᠤᠴᠠᠭ᠎ᠠ ᠵᠢ ᠤᠷᠲᠤᠳᠬᠠᠵᠤ ᠪᠣᠯᠣᠨ᠎ᠠ᠂ ᠤᠷᠲᠤᠳᠬᠠᠬᠤ ᠬᠤᠭᠤᠴᠠᠭ᠎ᠠ᠎ᠨᠢ ᠡᠩ᠎ᠤᠨ ᠪᠠᠢ᠌ᠳᠠᠯ᠎ᠳᠤ ᠭᠤᠴᠢᠨ ᠠᠵᠢᠯᠯᠠᠬᠤ ᠡᠳᠦᠷ᠎ᠠᠴᠠ ᠬᠡᠲᠦᠷᠡᠵᠦ ᠪᠤᠯᠬᠤ ᠦᠭᠡᠢ᠃ ᠬᠢᠨᠠᠨ ᠲᠣᠭᠲᠠᠭ᠋ᠠᠯᠲᠠ ᠵᠢᠨ ᠬᠤᠭᠤᠴᠠᠭ᠎ᠠ ᠵᠢ ᠤᠷᠲᠤᠳᠬᠠᠭᠰᠠᠨ ᠪᠠᠢ᠌ᠪᠠᠯ ᠵᠥᠪᠰᠢᠶᠡᠷᠡᠭᠰᠡᠨ ᠡᠳᠦᠷ᠎ᠠᠴᠠ ᠡᠬᠢᠯᠡᠨ ᠭᠤᠷᠪᠠᠨ ᠡᠳᠦᠷ᠎ᠤᠨ ᠳᠣᠲᠣᠷ᠎ᠠ ᠨᠠᠢ᠌ᠳᠠᠭᠴᠢ᠎ᠳᠤ ᠪᠢᠴᠢᠭ ᠵᠶ᠋ᠡᠷ ᠮᠡᠳᠡᠭᠳᠡᠬᠦ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠢᠨᠠᠨ ᠲᠣᠭᠲᠠᠭ᠋ᠠᠯᠲᠠ ᠵᠢ ᠪᠡᠶᠡᠯᠡᠭᠦᠯᠦᠭᠰᠡᠨ᠎ᠤ ᠳᠠᠷᠠᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠬᠠᠷᠠᠭ᠋ᠠᠯᠵᠠᠭᠰᠠᠨ ᠬᠢᠷᠢ ᠭᠡᠮ᠎ᠲᠠᠢ ᠠᠵᠢᠯᠲᠠᠨ᠎ᠢ ᠵᠢᠭ᠋ᠠᠨ ᠲᠣᠭᠲᠠᠭ᠋ᠠᠵᠤ ᠳᠠᠭᠢᠨ ᠬᠢᠨᠠᠭᠤᠯᠪᠠᠯ ᠵᠣᠬᠢᠨ᠎ᠠ; ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ᠂ ᠣᠨᠴᠠᠭ᠋ᠠᠶ ᠮᠡᠷᠭᠡᠵᠢᠯ᠎ᠤᠨ ᠠᠰᠠᠭᠤᠳᠠᠯ᠎ᠳᠤ ᠬᠣᠯᠪᠣᠭᠳᠠᠬᠤ ᠪᠤᠶᠤ ᠲᠡᠭᠢᠨ ᠬᠢᠨᠠᠨ ᠲᠣᠭᠲᠠᠭ᠋ᠠᠯᠲᠠ ᠬᠢᠬᠦ ᠴᠢᠬᠤᠯᠠᠲᠠᠢ ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠢ ᠭᠤᠷᠪᠠ᠎ᠠᠴᠠ ᠳᠡᠭᠡᠭᠰᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠲᠡᠭᠢᠠ ᠬᠢᠨᠠᠭᠤᠯᠵᠤ ᠪᠣᠯᠣᠨ᠎ᠠ᠃
ᠭᠤᠴᠢᠨ ᠲᠠᠪᠤᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠳᠤ ᠬᠠᠷᠢᠶᠠᠯᠠᠭᠳᠠᠪᠠᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠬᠢᠨᠠᠨ ᠲᠣᠭᠲᠠᠭ᠋ᠠᠯᠲᠠ ᠬᠢᠬᠦ ᠵᠢ ᠳᠤᠮᠳᠠ᠎ᠠᠴᠠ᠎ᠨᠢ ᠵᠣᠭᠰᠣᠭ᠋ᠠᠵᠤ ᠪᠤᠯᠬᠤ ᠪᠥᠭᠡᠳ ᠨᠠᠢ᠌ᠳᠠᠭᠴᠢ᠎ᠳᠤ ᠪᠢᠴᠢᠭ ᠵᠶ᠋ᠡᠷ ᠮᠡᠳᠡᠭᠳᠡᠨ᠎ᠡ᠄
(ᠨᠢᠭᠡ) ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠨᠥᠬᠥᠪᠦᠷᠢᠯᠡᠬᠦ ᠪᠤᠶᠤ ᠳᠠᠭᠢᠵᠤ ᠭᠠᠷᠭ᠋ᠠᠵᠤ ᠠᠪᠬᠤ ᠴᠢᠬᠤᠯᠠᠲᠠᠢ ᠪᠠᠢ᠌ᠬᠤ;
(ᠬᠣᠶᠠᠷ) ᠲᠤᠬᠠᠢ ᠵᠢᠨ ᠬᠥᠮᠥᠨ᠎ᠢ ᠲᠤᠬᠠᠢ ᠵᠢᠨ ᠲᠠᠯᠠᠪᠤᠷ᠎ᠲᠤ ᠢᠷᠡᠭᠦᠯᠵᠦ ᠬᠢᠨᠠᠨ ᠲᠣᠭᠲᠠᠭ᠋ᠠᠯᠲᠠ ᠬᠢᠬᠦ᠎ᠳᠤ ᠬᠠᠮᠵᠢᠯᠴᠠᠭᠤᠯᠬᠤ ᠪᠤᠶᠤ ᠰᠢᠯᠭ᠋ᠠᠨ ᠪᠠᠢ᠌ᠴᠠᠭ᠋ᠠᠯᠲᠠ᠂ ᠪᠠᠢ᠌ᠴᠠᠭ᠋ᠠᠯᠲᠠ ᠬᠢᠯᠭᠡᠬᠦ ᠴᠢᠬᠤᠯᠠᠲᠠᠢ ᠪᠠᠢ᠌ᠲᠠᠯ᠎ᠠ ᠲᠤᠬᠠᠢ ᠵᠢᠨ ᠬᠥᠮᠥᠨ᠎ᠨᠢ ᠲᠤᠬᠠᠢ ᠵᠢᠨ ᠲᠠᠯᠠᠪᠤᠷ᠎ᠲᠤ ᠡᠰᠡ ᠢᠷᠡᠭᠰᠡᠨ;
(ᠭᠤᠷᠪᠠ) ᠬᠣᠷᠢᠭᠯᠠᠰᠢ ᠦᠭᠡᠢ ᠬᠦᠴᠦᠨ ᠵᠦᠢ᠍ᠯ᠎ᠠᠴᠠ ᠪᠣᠯᠵᠤ ᠲᠥᠷ ᠦᠷᠭᠦᠯᠵᠢᠯᠡᠨ ᠶᠠᠪᠤᠭᠳᠠᠭᠤᠯᠬᠤ ᠵᠢᠨ ᠠᠷᠭ᠎ᠠ ᠦᠭᠡᠢ ᠪᠤᠯᠤᠬᠰᠠᠨ;
(ᠳᠥᠷᠪᠡ) ᠬᠢᠨᠠᠨ ᠲᠣᠭᠲᠠᠭ᠋ᠠᠯᠲᠠ ᠬᠢᠬᠦ ᠵᠢ ᠳᠤᠮᠳᠠ᠎ᠠᠴᠠ᠎ᠨᠢ ᠵᠣᠭᠰᠤᠭ᠋ᠠᠬᠤ ᠴᠢᠬᠤᠯᠠᠲᠠᠢ ᠪᠤᠰᠤᠳ
ᠪᠠᠢ᠌ᠳᠠᠯ᠃
ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠪᠠᠢ᠌ᠳᠠᠯ ᠣᠷᠣᠰᠢᠬᠤ ᠦᠭᠡᠢ ᠪᠣᠯᠤᠭᠰᠠᠨ᠎ᠤ ᠲᠠᠷᠠᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠢᠨᠠᠨ ᠲᠣᠭᠲᠠᠭ᠋ᠠᠯᠲᠠ ᠬᠢᠬᠦ᠎ᠪᠠᠨ ᠰᠡᠷᠭᠦᠭᠡᠬᠦ ᠬᠡᠷᠡᠭᠲᠡᠢ ᠪᠥᠭᠡᠳ ᠨᠠᠢ᠌ᠳᠠᠭᠴᠢ᠎ᠳᠤ ᠪᠢᠴᠢᠭ ᠵᠶ᠋ᠡᠷ ᠮᠡᠳᠡᠭᠳᠡᠬᠦ ᠬᠡᠷᠡᠭᠲᠡᠢ᠃ ᠬᠢᠨᠠᠨ ᠲᠣᠭᠲᠠᠭ᠋ᠠᠯᠲᠠ ᠬᠢᠬᠦ ᠵᠢ ᠳᠤᠮᠳᠠ᠎ᠠᠴᠠ᠎ᠨᠢ ᠵᠣᠭᠰᠣᠭ᠋ᠠᠭᠰᠠᠨ ᠴᠠᠭ᠎ᠢ ᠬᠢᠨᠠᠨ ᠲᠣᠭᠲᠠᠭ᠋ᠠᠯᠲᠠ ᠬᠢᠬᠦ ᠴᠠᠭ᠎ᠤᠨ ᠬᠢᠵᠠᠭ᠋ᠠᠷᠲᠤ ᠪᠤᠳᠤᠵᠤ ᠣᠷᠣᠭᠤᠯᠬᠤ ᠦᠭᠡᠢ᠃
ᠭᠤᠴᠢᠨ ᠵᠢᠷᠭᠤᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠳᠤ ᠬᠠᠷᠢᠶᠠᠯᠠᠭᠳᠠᠪᠠᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠬᠢᠨᠠᠨ ᠲᠣᠭᠲᠠᠭ᠋ᠠᠯᠲᠠ ᠵᠢ ᠵᠣᠭᠰᠣᠭ᠋ᠠᠵᠤ ᠪᠣᠯᠣᠨ᠎ᠠ᠄
(ᠨᠢᠭᠡ) ᠨᠠᠢ᠌ᠳᠠᠭᠴᠢ᠎ᠠᠴᠠ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠨᠥᠬᠥᠪᠦᠷᠢᠯᠡᠨ ᠬᠠᠩᠭ᠋ᠠᠵᠤ ᠴᠢᠳᠠᠬᠤ ᠦᠭᠡᠢ᠎ᠠᠴᠠ ᠪᠣᠯᠵᠤ ᠬᠢᠨᠠᠨ ᠲᠣᠭᠲᠠᠭ᠋ᠠᠯᠲᠠ ᠵᠢ ᠦᠷᠭᠦᠯᠵᠢᠯᠡᠨ ᠶᠠᠪᠤᠭᠳᠠᠭᠤᠯᠬᠤ ᠵᠢᠨ ᠠᠷᠭ᠎ᠠ ᠦᠭᠡᠢ ᠪᠤᠯᠤᠬᠰᠠᠨ;
(ᠬᠣᠶᠠᠷ) ᠨᠠᠢ᠌ᠳᠠᠭᠴᠢ᠎ᠠᠴᠠ ᠨᠠᠶ᠋ᠢᠳᠠᠯᠭ᠎ᠠ ᠵᠢᠨ ᠬᠡᠯᠡᠯᠴᠡᠭᠡᠷ᠎ᠲᠤ ᠪᠣᠯᠵᠣᠨ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ ᠵᠢ ᠲᠡᠪᠴᠢᠵᠦ᠂ ᠲᠤᠬᠠᠢ ᠵᠢᠨ ᠬᠥᠮᠥᠨ ᠬᠠᠮᠵᠢᠯᠴᠠᠬᠤ ᠵᠢ ᠲᠡᠪᠴᠢᠵᠦ᠂ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠬᠦᠨᠳᠦ ᠨᠣᠴᠢᠲᠠᠢ ᠬᠠᠷᠰᠢᠯᠠᠯ᠎ᠳᠤ ᠤᠴᠠᠷᠠᠵᠤ᠂ ᠬᠢᠨᠠᠨ ᠲᠣᠭᠲᠠᠭ᠋ᠠᠯᠲᠠ ᠵᠢ ᠦᠷᠭᠦᠯᠵᠢᠯᠡᠨ ᠶᠠᠪᠤᠭᠳᠠᠭᠤᠯᠬᠤ ᠵᠢᠨ ᠠᠷᠭ᠎ᠠ ᠦᠭᠡᠢ ᠪᠤᠯᠤᠬᠰᠠᠨ;
(ᠭᠤᠷᠪᠠ) ᠨᠠᠢ᠌ᠳᠠᠭᠴᠢ᠎ᠠᠴᠠ ᠬᠢᠨᠠᠨ ᠲᠣᠭᠲᠠᠭ᠋ᠠᠯᠲᠠ ᠬᠢᠯᠭᠡᠬᠦ ᠨᠠᠶ᠋ᠢᠳᠠᠯᠭ᠎ᠠ᠎ᠪᠠᠨ ᠬᠦᠴᠦᠨ ᠦᠭᠡᠢ ᠪᠤᠯᠭ᠋ᠠᠬᠰᠠᠨ ᠪᠤᠶᠤ ᠬᠢᠨᠠᠨ ᠲᠣᠭᠲᠠᠭ᠋ᠠᠯᠲᠠ ᠬᠢᠯᠭᠡᠬᠦ ᠵᠠᠷᠤᠳᠠᠯ ᠥᠭᠬᠦ ᠵᠢ ᠲᠡᠪᠴᠢᠭᠰᠡᠨ;
(ᠳᠥᠷᠪᠡ) ᠬᠣᠷᠢᠭᠯᠠᠰᠢ ᠦᠭᠡᠢ ᠬᠦᠴᠦᠨ ᠵᠦᠢ᠍ᠯ᠎ᠠᠴᠠ ᠪᠣᠯᠵᠤ ᠬᠢᠨᠠᠨ ᠲᠣᠭᠲᠠᠭ᠋ᠠᠯᠲᠠ ᠵᠢ ᠦᠷᠭᠦᠯᠵᠢᠯᠡᠨ ᠶᠠᠪᠤᠭᠳᠠᠭᠤᠯᠬᠤ ᠵᠢᠨ ᠠᠷᠭ᠎ᠠ ᠦᠭᠡᠢ ᠪᠤᠯᠤᠬᠰᠠᠨ;
(ᠲᠠᠪᠤ) ᠬᠢᠨᠠᠨ ᠲᠣᠭᠲᠠᠭ᠋ᠠᠯᠲᠠ ᠵᠢ ᠵᠣᠭᠰᠤᠭ᠋ᠠᠬᠤ ᠴᠢᠬᠤᠯᠠᠲᠠᠢ ᠪᠤᠰᠤᠳ ᠪᠠᠢ᠌ᠳᠠᠯ᠃
ᠲᠤᠰ ᠳᠦᠷᠢᠮ᠎ᠤᠨ ᠬᠣᠷᠢᠨ ᠵᠢᠷᠭᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠪᠠᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠯᠭᠡᠬᠦ ᠪᠠᠢ᠌ᠭᠤᠯᠤᠮᠵᠢ᠎ᠠᠴᠠ ᠬᠢᠨᠠᠨ ᠲᠣᠭᠲᠠᠭ᠋ᠠᠯᠲᠠ ᠬᠢᠬᠦ᠎ᠪᠠᠨ ᠵᠣᠭᠰᠤᠭ᠋ᠠᠬᠤ ᠬᠡᠷᠡᠭᠲᠡᠢ᠃
ᠬᠢᠨᠠᠨ ᠲᠣᠭᠲᠠᠭ᠋ᠠᠯᠲᠠ ᠬᠢᠬᠦ ᠵᠢ ᠵᠣᠭᠰᠣᠭ᠋ᠠᠭᠰᠠᠨ ᠪᠣᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠨᠠᠢ᠌ᠳᠠᠭᠴᠢ᠎ᠳᠤ ᠪᠢᠴᠢᠭ ᠵᠶ᠋ᠡᠷ ᠮᠡᠳᠡᠭᠳᠡᠵᠦ᠂ ᠤᠴᠢᠷ ᠰᠢᠯᠲᠠᠭ᠋ᠠᠨ᠎ᠢ ᠲᠣᠳᠣᠷᠬᠠᠢ᠌ᠯᠠᠬᠤ ᠵᠢᠨ ᠬᠠᠮᠲᠤ ᠬᠢᠨᠠᠨ ᠲᠣᠭᠲᠠᠭ᠋ᠠᠯᠲᠠ ᠬᠢᠯᠭᠡᠬᠦ ᠮᠠᠲ᠋ᠧᠷᠢᠶᠠᠯ᠎ᠢ᠎ᠨᠢ ᠪᠤᠴᠠᠭ᠋ᠠᠬᠤ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠎ᠨᠢ ᠬᠢᠨᠠᠨ ᠲᠣᠭᠲᠠᠭ᠋ᠠᠯᠲᠠ ᠬᠢᠬᠦ ᠬᠥᠮᠥᠨ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠢ ᠭᠠᠷᠭ᠋ᠠᠬᠤ᠎ᠳᠤ ᠬᠢᠨᠠᠨ ᠲᠣᠭᠲᠠᠭ᠋ᠠᠯᠲᠠ ᠵᠢ ᠬᠡᠷᠡᠭᠵᠢᠭᠦᠯᠦᠭᠰᠡᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠭᠠᠷᠤᠨ ᠦᠰᠦᠭ ᠵᠢᠷᠤᠬᠤ ᠬᠡᠷᠡᠭᠲᠡᠢ ᠪᠥᠭᠡᠳ ᠬᠢᠨᠠᠨ ᠲᠣᠭᠲᠠᠭ᠋ᠠᠯᠲᠠ ᠵᠢᠨ ᠰᠠᠨᠠᠯ᠎ᠳᠤ ᠬᠠᠷᠢᠭᠤᠴᠠᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠰᠬᠠᠢ ᠲᠠᠮᠠᠭ᠎ᠠ ᠵᠢ ᠳᠠᠷᠤᠬᠤ ᠬᠡᠷᠡᠭᠲᠡᠢ᠃ ᠤᠯᠠᠨ ᠬᠥᠮᠥᠨ ᠬᠢᠨᠠᠨ ᠲᠣᠭᠲᠠᠭ᠋ᠠᠯᠲᠠ ᠬᠢᠬᠦ᠎ᠳᠤ ᠣᠷᠣᠯᠴᠠᠭ᠋ᠠᠳ ᠠᠳᠠᠯᠢ ᠪᠤᠰᠤ ᠰᠠᠨᠠᠯ᠎ᠲᠠᠢ ᠪᠠᠢ᠌ᠪᠠᠯ ᠲᠣᠳᠣᠷᠬᠠᠢ᠌ᠯᠠᠵᠤ ᠥᠭᠬᠦ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠣᠷᠢᠭᠤᠳᠠ᠎ᠪᠠᠷ ᠬᠤᠳᠠᠯ ᠬᠠᠭᠤᠷᠮᠠᠭ ᠵᠢᠡᠷ ᠬᠢᠨᠠᠨ ᠲᠣᠭᠲᠠᠭ᠋ᠠᠯᠲᠠ ᠬᠢᠵᠦ ᠪᠤᠯᠬᠤ ᠦᠭᠡᠢ᠂ ᠪᠤᠰᠤᠳ ᠬᠥᠮᠥᠨ᠎ᠤ ᠥᠳᠥᠭᠡᠯᠭᠡ᠎ᠪᠠᠷ ᠪᠤᠶᠤ ᠪᠤᠰᠤᠳ ᠬᠥᠮᠥᠨ᠎ᠤ ᠰᠠᠨᠠᠭ᠎ᠠ᠎ᠪᠠᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ ᠳᠡᠭᠡᠷ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠢᠡᠷ ᠬᠠᠭᠤᠷᠮᠠᠭᠯᠠᠨ ᠭᠠᠷᠤᠨ ᠦᠰᠦᠭ ᠵᠢᠷᠤᠵᠤ ᠪᠤᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠢ ᠭᠠᠷᠭ᠋ᠠᠵᠤ ᠥᠭᠭᠦᠭᠰᠡᠨ᠎ᠤ ᠲᠠᠷᠠᠭ᠎ᠠ᠂ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠨᠢ ᠪᠠᠢ᠌ᠬᠤ ᠵᠢ ᠣᠯᠵᠤ ᠮᠡᠳᠡᠪᠡᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠨᠥᠬᠥᠪᠦᠷᠢᠯᠡᠨ ᠵᠠᠯᠠᠷᠠᠭᠤᠯᠵᠤ ᠪᠣᠯᠣᠨ᠎ᠠ᠄
(ᠨᠢᠭᠡ) ᠵᠢᠷᠤᠭ ᠳᠦᠷᠰᠦ᠂ ᠵᠢᠭᠰᠠᠯ ᠵᠢᠷᠤᠭ᠂ ᠬᠦᠰᠦᠨᠦᠭᠲᠦ᠎ᠨᠢ ᠲᠣᠳᠣᠷᠬᠠᠢ ᠦᠭᠡᠢ;
(ᠬᠣᠶᠠᠷ) ᠭᠠᠷᠤᠨ ᠦᠰᠦᠭ ᠵᠢᠷᠤᠭᠰᠠᠨ᠂ ᠲᠠᠮᠠᠭ᠎ᠠ ᠳᠠᠷᠤᠭᠰᠠᠨ ᠪᠤᠶᠤ ᠳ᠋ᠤᠭ᠋ᠠᠷᠯᠠᠭᠰᠠᠨ᠎ᠨᠢ ᠦᠢ᠍ᠯᠡᠳᠬᠦ ᠱᠠᠭ᠋ᠠᠷᠳᠠᠯᠭ᠎ᠠ᠎ᠳᠤ ᠦᠯᠦ ᠨᠡᠢ᠌ᠴᠡᠭᠰᠡᠨ;
(ᠭᠤᠷᠪᠠ) ᠦᠰᠦᠭ ᠪᠢᠴᠢᠭ᠎ᠤᠨ ᠢᠯᠡᠳᠬᠡᠮᠵᠢ ᠡᠳᠦᠢ ᠲᠡᠳᠦᠢ ᠳᠤᠲᠠᠭᠳᠠᠯ᠎ᠲᠠᠢ ᠪᠤᠶᠤ ᠲᠠᠰᠢᠶ᠎ᠠ ᠦᠰᠦᠭ᠎ᠲᠠᠢ ᠪᠤᠯᠪᠠᠴᠤ ᠬᠢᠨᠠᠨ ᠲᠣᠭᠲᠠᠭ᠋ᠠᠯᠲᠠ ᠬᠢᠭᠰᠡᠨ ᠰᠠᠨᠠᠯ᠎ᠢ ᠦᠯᠦ ᠨᠥᠯᠥᠭᠡᠯᠡᠬᠦ᠃
ᠨᠥᠬᠥᠪᠦᠷᠢᠯᠡᠨ ᠵᠠᠯᠠᠷᠠᠭᠤᠯᠬᠤ᠎ᠳᠤ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ ᠳᠡᠭᠡᠷ᠎ᠡ ᠶᠠᠪᠤᠭᠳᠠᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠰ᠎ᠠᠴᠠ ᠠᠳᠠᠭ᠎ᠲᠠᠭᠠᠨ ᠨᠢᠭᠡ ᠬᠥᠮᠥᠨ ᠨᠥᠬᠥᠪᠦᠷᠢᠯᠡᠨ ᠵᠠᠯᠠᠷᠠᠭᠤᠯᠤᠭᠰᠠᠨ ᠭᠠᠵᠠᠷ᠎ᠲᠤ ᠭᠠᠷᠤᠨ ᠦᠰᠦᠭ ᠵᠢᠷᠤᠬᠤ ᠬᠡᠷᠡᠭᠲᠡᠢ᠃ ᠴᠢᠬᠤᠯᠠᠲᠠᠢ ᠦᠶ᠎ᠡ᠎ᠳᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠨᠥᠬᠥᠪᠦᠷᠢᠯᠡᠨ ᠵᠠᠯᠠᠷᠠᠭᠤᠯᠬᠤ ᠪᠢᠴᠢᠭ ᠭᠠᠷᠭ᠋ᠠᠵᠤ ᠪᠣᠯᠣᠨ᠎ᠠ᠃
ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠳᠠᠩᠰᠠᠯᠠᠭᠤᠯᠤᠭᠰᠠᠨ ᠵᠶ᠋ᠠᠨ ᠬᠦᠴᠦᠨ ᠦᠭᠡᠢ ᠪᠤᠯᠭ᠋ᠠᠬᠳᠠᠬᠰᠠᠨ ᠪᠤᠶᠤ ᠠᠵᠢᠯ ᠡᠷᠭᠢᠯᠡᠭᠦ ᠪᠠᠢ᠌ᠭᠤᠯᠤᠮᠵᠢ᠎ᠪᠠᠨ ᠬᠤᠪᠢᠷᠠᠭᠤᠯᠵᠤ ᠬᠠᠷᠢᠯᠴᠠᠬᠤ ᠵᠢᠨ ᠠᠷᠭ᠎ᠠ ᠦᠭᠡᠢ ᠪᠣᠯᠤᠭᠰᠠᠨ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠪᠠᠢ᠌ᠳᠠᠯ᠎ᠢ ᠪᠢᠴᠢᠭ ᠵᠶ᠋ᠡᠷ ᠲᠣᠳᠣᠷᠬᠠᠢ᠌ᠯᠠᠵᠤ᠂ ᠨᠥᠬᠥᠴᠡᠯ᠎ᠳᠤ ᠨᠡᠢ᠌ᠴᠡᠬᠦ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠠᠰᠲᠠᠭ᠋ᠠᠨ ᠵᠢᠭ᠋ᠠᠨ ᠲᠣᠭᠲᠠᠭ᠋ᠠᠵᠤ ᠨᠥᠬᠥᠪᠦᠷᠢᠯᠡᠨ ᠵᠠᠯᠠᠷᠠᠭᠤᠯᠤᠭᠤᠯᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠢ ᠨᠥᠬᠥᠪᠦᠷᠢᠯᠡᠨ ᠵᠠᠯᠠᠷᠠᠭᠤᠯᠬᠤ᠎ᠳᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠤᠭ ᠰᠠᠨᠠᠭ᠎ᠠ ᠵᠢ ᠬᠤᠪᠢᠷᠠᠭᠤᠯᠵᠤ ᠪᠤᠯᠬᠤ ᠦᠭᠡᠢ᠃
ᠭᠤᠴᠢ ᠶᠢᠰᠦᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠢ ᠭᠠᠷᠭ᠋ᠠᠭᠰᠠᠨ᠎ᠤ ᠳᠠᠷᠠᠭ᠎ᠠ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠢᠨᠠᠨ ᠲᠣᠭᠲᠠᠭ᠋ᠠᠭᠰᠠᠨ ᠰᠠᠨᠠᠯ᠎ᠳᠤ ᠪᠤᠷᠤᠭᠤ᠎ᠲᠠᠢ ᠪᠠᠢ᠌ᠬᠤ ᠵᠢ ᠣᠯᠵᠤ ᠮᠡᠳᠡᠪᠡᠯ᠂ ᠨᠠᠢ᠌ᠳᠠᠭᠴᠢ᠎ᠳᠤ ᠰᠠᠨᠠᠭ᠋ᠠᠴᠢᠯᠠᠭ᠎ᠠ᠎ᠠᠴᠠ᠎ᠪᠠᠨ ᠪᠢᠴᠢᠭ ᠵᠶ᠋ᠡᠷ ᠮᠡᠳᠡᠭᠳᠡᠬᠦ ᠵᠢᠨ ᠬᠠᠮᠲᠤ ᠴᠢᠬᠤᠯᠠ ᠪᠦᠬᠦᠢ ᠨᠥᠬᠥᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭ᠋ᠠᠷ ᠬᠠᠷᠠᠭ᠋ᠠᠯᠵᠠᠭᠰᠠᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
ᠳᠥᠴᠢᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠨ ᠨᠢᠭᠡ᠎ᠳᠤ ᠬᠠᠷᠢᠶᠠᠯᠠᠭᠳᠠᠪᠠᠯ ᠬᠠᠤᠯᠢ
ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠨᠠᠢ᠌ᠳᠠᠭᠴᠢ ᠵᠢᠨ ᠱᠠᠭ᠋ᠠᠷᠳᠠᠯᠭ᠎ᠠ ᠵᠢ ᠦᠨᠳᠦᠰᠦᠯᠡᠨ ᠨᠥᠬᠥᠵᠦ ᠬᠢᠨᠠᠨ ᠲᠣᠭᠲᠠᠭ᠋ᠠᠵᠤ ᠪᠣᠯᠣᠨ᠎ᠠ᠄
(ᠨᠢᠭᠡ) ᠤᠤᠯ᠎ᠤᠨ ᠬᠢᠨᠠᠨ ᠲᠣᠭᠲᠠᠭ᠋ᠠᠯᠲᠠ ᠬᠢᠯᠭᠡᠬᠦ᠎ᠪᠠᠷ ᠨᠠᠢ᠌ᠳᠠᠭᠰᠠᠨ ᠵᠦᠢ᠍ᠯ᠎ᠳᠤ ᠣᠷᠬᠢᠭᠳᠠᠭᠤᠯᠤᠭᠰᠠᠨ ᠵᠦᠢ᠍ᠯ ᠪᠠᠢ᠌ᠬᠤ;
(ᠬᠣᠶᠠᠷ) ᠨᠠᠢ᠌ᠳᠠᠭᠴᠢ᠎ᠠᠴᠠ ᠤᠤᠯ᠎ᠤᠨ ᠬᠢᠨᠠᠨ ᠲᠣᠭᠲᠠᠭ᠋ᠠᠯᠲᠠ ᠬᠢᠯᠭᠡᠬᠦ᠎ᠪᠠᠷ ᠨᠠᠢ᠌ᠳᠠᠭᠰᠠᠨ ᠵᠦᠢ᠍ᠯ᠎ᠳᠤ ᠬᠢᠨᠠᠨ ᠲᠣᠭᠲᠠᠭ᠋ᠠᠯᠲᠠ ᠬᠢᠯᠭᠡᠬᠦ ᠰᠢᠨ᠎ᠡ ᠮᠠᠲ᠋ᠧᠷᠢᠶᠠᠯ ᠬᠠᠩᠭ᠋ᠠᠬᠰᠠᠨ;
(ᠭᠤᠷᠪᠠ) ᠨᠥᠬᠥᠪᠦᠷᠢᠯᠡᠨ ᠬᠢᠨᠠᠨ ᠲᠣᠭᠲᠠᠭ᠋ᠠᠬᠤ ᠴᠢᠬᠤᠯᠠᠲᠠᠢ ᠪᠤᠰᠤᠳ ᠪᠠᠢ᠌ᠳᠠᠯ᠃
ᠨᠥᠬᠥᠪᠦᠷᠢᠯᠡᠨ ᠬᠢᠨᠠᠨ ᠲᠣᠭᠲᠠᠭ᠋ᠠᠯᠲᠠ ᠬᠢᠬᠦ ᠪᠣᠯ ᠤᠤᠯ᠎ᠤᠨ ᠨᠠᠢ᠌ᠳᠠᠨ ᠬᠢᠨᠠᠨ ᠲᠣᠭᠲᠠᠭ᠋ᠠᠯᠲᠠ ᠬᠢᠯᠭᠡᠬᠦ ᠵᠢᠨ ᠪᠦᠷᠢᠯᠳᠦᠭᠦᠨ ᠬᠡᠰᠡᠭ ᠪᠣᠯᠣᠨ᠎ᠠ᠂ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠭᠦᠢ᠍ᠴᠡᠳᠬᠡᠬᠦ ᠬᠡᠷᠡᠭᠲᠡᠢ᠃ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠭᠦᠢ᠍ᠴᠡᠳᠬᠡᠬᠦ ᠵᠢᠨ ᠠᠷᠭ᠎ᠠ ᠦᠭᠡᠢ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠪᠠᠢ᠌ᠳᠠᠯ᠎ᠢ ᠪᠢᠴᠢᠭ ᠵᠶ᠋ᠡᠷ ᠲᠣᠳᠣᠷᠬᠠᠢ᠌ᠯᠠᠬᠤ ᠵᠢᠨ ᠬᠠᠮᠲᠤ ᠨᠥᠬᠥᠴᠡᠯ᠎ᠳᠤ ᠨᠡᠢ᠌ᠴᠡᠬᠦ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠠᠰᠲᠠᠭ᠋ᠠᠨ ᠵᠢᠭ᠋ᠠᠨ ᠲᠣᠭᠲᠠᠭ᠋ᠠᠵᠤ ᠭᠦᠢ᠍ᠴᠡᠳᠬᠡᠬᠦ ᠬᠡᠷᠡᠭᠲᠡᠢ᠃
ᠳᠥᠴᠢᠨ ᠨᠢᠭᠡᠳᠦᠭᠡᠷ ᠵᠦᠢ᠍ᠯ ᠨᠠᠢ᠌ᠳᠠᠭᠴᠢ᠎ᠠᠴᠠ ᠬᠢᠨᠠᠨ ᠲᠣᠭᠲᠠᠭ᠋ᠠᠯᠲᠠ ᠵᠢ ᠲᠠᠭᠢᠵᠤ ᠬᠢᠯᠭᠡᠬᠦ ᠴᠢᠬᠤᠯᠠᠲᠠᠢ ᠭᠡᠵᠦ ᠦᠵᠡᠪᠡᠯ᠂ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠪᠤᠰᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠨᠠᠢ᠌ᠳᠠᠵᠤ ᠬᠢᠯᠭᠡᠬᠦ ᠬᠡᠷᠡᠭᠲᠡᠢ᠃ ᠨᠠᠢ᠌ᠳᠠᠭᠰᠠᠨ ᠵᠦᠢ᠍ᠯᠡᠰ᠎ᠢ ᠡᠭᠦᠷᠭᠡᠯᠡᠵᠦ ᠳᠡᠢ᠌ᠯᠭᠦ ᠪᠤᠰᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠᠢ᠌ᠬᠤ ᠦᠭᠡᠢ ᠵᠡᠷᠭᠡ ᠣᠨᠴᠠᠭ᠋ᠠᠢ ᠪᠠᠢ᠌ᠳᠠᠯ ᠳᠣᠣᠷ᠎ᠠ᠂ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠨᠠᠢ᠌ᠳᠠᠵᠤ ᠭᠢᠯᠭᠡᠵᠦ ᠪᠣᠯᠣᠨ᠎ᠠ᠃ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠨᠠᠢ᠌ᠳᠠᠵᠤ ᠲᠠᠭᠢᠵᠤ ᠬᠢᠨᠠᠨ ᠲᠣᠭᠲᠠᠭ᠋ᠠᠯᠲᠠ ᠬᠢᠯᠭᠡᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠭᠰᠡᠨ ᠬᠥᠮᠥᠨ᠎ᠠᠴᠠ ᠪᠤᠰᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠵᠢᠭ᠋ᠠᠨ ᠲᠣᠭᠲᠠᠭ᠋ᠠᠵᠤ ᠡᠭᠦᠷᠭᠡᠯᠡᠭᠦᠯᠬᠦ ᠬᠡᠷᠡᠭᠲᠡᠢ᠃
ᠲᠠᠭᠢᠵᠤ ᠬᠢᠨᠠᠨ ᠲᠣᠭᠲᠠᠭ᠋ᠠᠯᠲᠠ ᠬᠢᠬᠦ ᠨᠠᠶ᠋ᠢᠳᠠᠯᠭ᠎ᠠ ᠵᠢ ᠬᠦᠯᠢᠶᠡᠭᠰᠡᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠨᠥᠬᠥᠴᠡᠯ᠎ᠨᠢ ᠤᠤᠯ᠎ᠤᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠳᠣᠣᠷ᠎ᠠ ᠦᠭᠡᠢ ᠪᠠᠢ᠌ᠬᠤ ᠬᠡᠷᠡᠭᠲᠡᠢ᠂ ᠲᠠᠭᠢᠵᠤ ᠬᠢᠨᠠᠨ ᠲᠣᠭᠲᠠᠭ᠋ᠠᠯᠲᠠ ᠬᠢᠬᠦ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠳᠣᠲᠣᠷ᠎ᠠ ᠬᠣᠯᠪᠣᠭᠳᠠᠯ ᠪᠦᠬᠦᠢ ᠲᠤᠰᠬᠠᠢ ᠮᠡᠷᠭᠡᠵᠢᠯ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠴᠣᠯᠠ᠎ᠲᠠᠢ ᠬᠥᠮᠥᠨ ᠨᠠᠭ᠋ᠠᠲᠤ ᠵᠠᠬ᠎ᠠ᠎ᠳᠠᠭᠠᠨ ᠨᠢᠭᠡ ᠪᠠᠢ᠌ᠬᠤ ᠬᠡᠷᠡᠭᠲᠡᠢ᠃
ᠳᠥᠴᠢᠨ ᠬᠣᠶᠠᠳᠤᠭ᠋ᠠᠷ ᠵᠦᠢ᠍ᠯ ᠠᠷᠠᠳ᠎ᠤᠨ ᠰᠢᠭᠦᠬᠦ ᠬᠣᠷᠢᠶ᠎ᠠ᠎ᠠᠴᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠰᠢᠭᠦᠯᠲᠡ᠎ᠳᠤ ᠣᠷᠣᠯᠴᠠᠨ ᠭᠡᠷᠡᠴᠢᠯᠡᠬᠦ ᠵᠢ ᠮᠡᠳᠡᠭᠳᠡᠭᠰᠡᠨ ᠪᠠᠢ᠌ᠪᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠰᠢᠭᠦᠯᠲᠡ᠎ᠳᠤ ᠣᠷᠤᠯᠴᠠᠬᠤ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠰᠠᠭᠤᠳᠠᠯ ᠲᠣᠬᠢᠷᠠᠭᠤᠯᠵᠤ ᠥᠭᠬᠦ ᠵᠢᠨ ᠬᠠᠮᠲᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠡᠷᠭᠢᠯᠡᠭᠦ ᠡᠷᠬᠡ᠂ ᠪᠡᠶ᠎ᠡ ᠵᠢᠨ ᠠᠮᠤᠷ ᠲᠦᠪᠰᠢᠨ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠮᠡᠳᠡᠭᠳᠡᠭᠰᠡᠨ ᠪᠠᠢ᠌ᠪᠠᠯ ᠰᠢᠭᠦᠯᠲᠡ᠎ᠳᠤ ᠣᠷᠣᠯᠴᠠᠵᠤ ᠭᠡᠷᠡᠴᠢᠯᠡᠬᠦ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ᠎ᠳᠤ ᠠᠳᠠᠯᠢ ᠪᠤᠰᠤ ᠬᠢᠨᠠᠨ ᠲᠣᠭᠲᠠᠭ᠋ᠠᠯᠲᠠ ᠵᠢᠨ ᠲᠦᠷᠦᠯ ᠵᠦᠢ᠍ᠯ ᠶᠣᠰᠣᠭ᠋ᠠᠷ ᠵᠠᠰᠠᠭ᠎ᠤᠨ ᠣᠷᠳᠣᠨ᠎ᠤ ᠵᠢᠯᠤᠭᠣᠳᠬᠤ ᠦᠨ᠎ᠡ ᠪᠠ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠵᠢᠨ ᠦᠨ᠎ᠡ ᠵᠢᠨ ᠬᠠᠮᠢᠶᠠᠷᠤᠯᠲᠠ ᠵᠢ ᠲᠤᠰ ᠲᠤᠰ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠤ ᠵᠢᠯᠤᠭᠣᠳᠬᠤ ᠦᠨ᠎ᠡ ᠵᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠠ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ᠎ᠡ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠠᠴᠠ ᠨᠠᠢ᠌ᠳᠠᠭᠴᠢ᠂ ᠵᠠᠷᠭᠤ ᠵᠢᠨ ᠲᠤᠬᠠᠢ ᠵᠢᠨ ᠬᠥᠮᠥᠨ᠎ᠳᠤ ᠰᠦᠢ᠍ᠳᠬᠡᠯ ᠬᠤᠷᠢᠶᠠᠬᠤ ᠵᠦᠢ᠍ᠯᠡᠰ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠢᠯᠡ ᠪᠤᠯᠭ᠋ᠠᠬᠤ ᠬᠡᠷᠡᠭᠲᠡᠢ᠂ ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠵᠤ ᠪᠤᠯᠬᠤ ᠦᠭᠡᠢ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠬᠡᠪᠴᠢᠶ᠎ᠡ ᠵᠢ ᠥᠷᠭᠡᠳᠬᠡᠵᠦ᠂ ᠰᠦᠢ᠍ᠳᠬᠡᠯ ᠬᠤᠷᠢᠶᠠᠬᠤ ᠵᠦᠢ᠍ᠯᠡᠰ᠎ᠢ ᠵᠠᠳᠠᠯᠵᠤ᠂ ᠳᠠᠪᠬᠤᠷᠳᠠᠭᠤᠯᠤᠨ ᠰᠦᠢ᠍ᠳᠬᠡᠯ ᠬᠤᠷᠢᠶᠠᠵᠤ ᠪᠤᠯᠬᠤ ᠦᠭᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠲᠣᠭᠲᠠᠭ᠋ᠠᠯ᠎ᠢ ᠵᠥᠷᠢᠴᠡᠵᠦ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠲᠤᠬᠠᠢ ᠵᠢᠨ ᠬᠥᠮᠥᠨ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ᠎ᠤ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠴᠤ ᠪᠤᠯᠬᠤ ᠦᠭᠡᠢ᠃
ᠳᠥᠴᠢᠨ ᠳᠥᠷᠪᠡᠳᠦᠭᠡᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠭᠦ ᠬᠡᠷᠡᠭ ᠲᠤᠰᠠᠯᠠᠮᠵᠢ ᠭᠦᠷᠳᠡᠭᠦ ᠬᠥᠮᠥᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠯᠭᠡᠬᠦ ᠰᠦᠢ᠍ᠳᠬᠡᠯ᠎ᠢ ᠬᠠᠤᠯᠢ ᠶᠣᠰᠣᠭ᠋ᠠᠷ ᠳᠤᠲᠠᠭᠤ ᠬᠤᠷᠢᠶᠠᠬᠤ ᠪᠤᠶᠤ ᠬᠤᠷᠢᠶᠠᠬᠤ ᠦᠭᠡᠢ ᠪᠠᠢ᠌ᠬᠤ ᠬᠡᠷᠡᠭᠲᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠠᠵᠤ ᠠᠬᠤᠢ ᠵᠢᠨ ᠲᠠᠯ᠎ᠠ᠎ᠪᠠᠷ ᠦᠨᠡᠬᠡᠷ ᠬᠦᠴᠢᠷᠳᠡᠯ᠎ᠲᠠᠢ ᠪᠤᠯᠪᠠᠴᠤ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠭᠦ ᠨᠥᠬᠥᠴᠡᠯ᠎ᠳᠤ ᠨᠡᠢ᠌ᠴᠡᠬᠦ ᠦᠭᠡᠢ ᠬᠤᠪᠢ ᠬᠥᠮᠥᠨ᠎ᠠᠴᠠ ᠪᠠᠢ᠌ᠳᠠᠯ᠎ᠢ᠎ᠨᠢ ᠦᠵᠡᠵᠦ ᠪᠠᠢ᠌ᠭ᠋ᠠᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠠᠷᠤᠳᠠᠯ᠎ᠢ ᠬᠠᠰᠤᠵᠤ ᠬᠤᠷᠢᠶᠠᠬᠤ ᠪᠤᠶᠤ ᠬᠤᠷᠢᠶᠠᠬᠤ ᠦᠭᠡᠢ ᠪᠠᠢ᠌ᠵᠤ ᠪᠣᠯᠣᠨ᠎ᠠ᠃
ᠳᠥᠴᠢᠨ ᠲᠠᠪᠤᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠠᠩᠰᠠ ᠡᠪᠬᠡᠮᠡᠯ᠎ᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠴᠤ᠂ ᠬᠢᠨᠠᠨ ᠲᠣᠭᠲᠠᠭ᠋ᠠᠯᠲᠠ᠎ᠲᠠᠢ ᠬᠣᠯᠪᠣᠭᠳᠠᠬᠤ ᠮᠠᠲ᠋ᠧᠷᠢᠶᠠᠯ᠎ᠢ ᠴᠠᠭ ᠲᠤᠬᠠᠢᠳᠤᠨᠢ ᠡᠪᠭᠡᠮᠡᠯᠯᠡᠨ ᠲᠠᠩᠰᠠᠯᠠᠵᠤ᠂ ᠲᠣᠬᠢᠲᠠᠢ ᠬᠠᠳᠠᠭ᠋ᠠᠯᠠᠨ ᠬᠠᠮᠢᠶᠠᠷᠬᠤ ᠬᠡᠷᠡᠭᠲᠡᠢ᠂ ᠡᠪᠳᠡᠨ ᠰᠦᠢ᠍ᠳᠬᠡᠬᠦ ᠪᠤᠶᠤ ᠭᠡᠭᠡᠵᠤ ᠪᠤᠯᠬᠤ ᠦᠭᠡᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠤᠯᠤᠰ᠎ᠤᠨ ᠲᠣᠭᠲᠠᠭ᠋ᠠᠯ ᠶᠣᠰᠣᠭ᠋ᠠᠷ ᠲᠤᠬᠠᠢ ᠵᠢᠨ ᠭᠠᠵᠠᠷ᠎ᠤᠨ ᠲᠠᠩᠰᠠ ᠡᠪᠬᠡᠮᠡᠯ᠎ᠤᠨ ᠣᠷᠳᠣᠨ᠎ᠳᠤ ᠳᠠᠨᠭ᠌ᠰᠠ ᠡᠪᠬᠡᠮᠡᠯ᠎ᠢ ᠰᠢᠯᠵᠢᠭᠦᠯᠦᠨ ᠲᠤᠰᠢᠶᠠᠬᠤ ᠬᠡᠷᠡᠭᠲᠡᠢ᠃
ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠬᠣᠯᠪᠣᠭᠳᠠᠯ ᠪᠦᠬᠦᠢ ᠬᠢᠨᠠᠨ ᠲᠣᠭᠲᠠᠭ᠋ᠠᠯᠲᠠ ᠵᠢᠨ ᠳᠠᠨᠭ᠌ᠰᠠ ᠡᠪᠬᠡᠮᠡᠯ᠎ᠢ ᠪᠠᠢ᠌ᠴᠠᠭ᠋ᠠᠨ ᠯᠠᠪᠯᠠᠬᠤ᠂ ᠳᠠᠷᠤᠮᠠᠯᠯᠠᠨ ᠠᠪᠬᠤ᠎ᠳᠠᠭᠠᠨ ᠠᠵᠢᠯᠯᠠᠵᠤ ᠪᠠᠢ᠌ᠭ᠎ᠠ ᠨᠢᠭᠡᠴᠢ ᠵᠢᠨ ᠵᠢᠡᠨ ᠵᠠᠬᠢᠳᠠᠯ ᠪᠠ ᠠᠵᠢᠯ᠎ᠤᠨ ᠦᠨᠡᠮᠯᠡᠯ ᠵᠶ᠋ᠡᠨ ᠭᠠᠷᠭ᠋ᠠᠵᠤ ᠦᠵᠡᠭᠦᠯᠪᠡᠯ ᠵᠣᠬᠢᠨ᠎ᠠ᠃ ᠵᠠᠷᠭᠤ ᠵᠢᠨ ᠲᠤᠬᠠᠢ ᠵᠢᠨ ᠬᠥᠮᠥᠨ ᠵᠢᠴᠢ ᠲᠡᠭᠦᠨ᠎ᠤ ᠣᠷᠣᠯᠠᠨ ᠭᠦᠢ᠍ᠴᠡᠳᠭᠡᠭᠴᠢ᠂ ᠥᠮᠥᠭᠯᠡᠭᠴᠢ ᠬᠢᠨᠠᠨ ᠲᠣᠭᠲᠠᠭ᠋ᠠᠯᠲᠠ ᠵᠢᠨ ᠲᠠᠩᠰᠠ ᠡᠪᠬᠡᠮᠡᠯ᠎ᠢ ᠪᠠᠢ᠌ᠴᠠᠭ᠋ᠠᠨ ᠯᠠᠪᠯᠠᠬᠤ᠂ ᠳᠠᠷᠤᠮᠠᠯᠯᠠᠨ ᠠᠪᠬᠤ᠎ᠳᠤ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠵᠢᠨ ᠦᠰᠦᠭ ᠪᠢᠴᠢᠭ ᠵᠢᠡᠷ ᠪᠢᠴᠢᠭᠰᠡᠨ ᠵᠥᠪᠰᠢᠶᠡᠷᠡᠯ᠎ᠢ ᠣᠯᠪᠠᠯ ᠵᠣᠬᠢᠨ᠎ᠠ᠃
ᠳᠥᠷᠪᠡᠳᠦᠭᠡᠷ ᠪᠦᠯᠦᠭ ᠬᠢᠨᠠᠯᠲᠠ ᠲᠠᠯᠪᠢᠯᠲᠠ ᠬᠠᠮᠢᠶᠠᠷᠤᠯᠲᠠ
ᠳᠥᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠠᠢ᠌ᠴᠠᠭ᠋ᠠᠬᠤ ᠡᠲᠡᠭᠡᠳ᠎ᠢ ᠲᠠᠰᠢᠷᠠᠮ᠎ᠤᠨ ᠰᠣᠩᠭᠣᠯᠲᠠ᠎ᠪᠠᠷ ᠭᠠᠷᠭ᠋ᠠᠬᠤ᠂ ᠪᠠᠢ᠌ᠴᠠᠭ᠋ᠠᠬᠤ ᠠᠵᠢᠯᠲᠠᠨ᠎ᠢ ᠲᠠᠰᠢᠷᠠᠮ᠎ᠤᠨ ᠰᠣᠩᠭᠣᠯᠲᠠ᠎ᠪᠠᠷ ᠲᠣᠮᠢᠯᠠᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠳᠣᠣᠷᠠᠬᠢ ᠵᠦᠢ᠍ᠯᠡᠰ᠎ᠲᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠪᠠ ᠪᠠᠢ᠌ᠴᠠᠭ᠋ᠠᠯᠲᠠ ᠬᠢᠬᠦ ᠵᠢᠨ ᠬᠠᠮᠲᠤ ᠪᠠᠢ᠌ᠴᠠᠭ᠋ᠠᠭᠰᠠᠨ ᠦᠷ᠎ᠡ ᠳ᠋ᠦᠩ ᠵᠶ᠋ᠡᠨ ᠨᠡᠢ᠌ᠭᠡᠮ ᠨᠡᠢ᠌ᠲᠡ᠎ᠳᠤ ᠢᠯᠡ ᠪᠤᠯᠭ᠋ᠠᠬᠤ ᠬᠡᠷᠡᠭᠲᠡᠢ᠄
(ᠨᠢᠭᠡ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠳᠠᠷᠠᠭ᠋ᠠᠯᠠᠯ᠂ ᠮᠡᠷᠭᠡᠵᠢᠯ᠎ᠤᠨ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ᠎ᠢ ᠵᠢᠷᠤᠮᠯᠠᠭᠰᠠᠨ ᠪᠠᠢ᠌ᠳᠠᠯ;
(ᠬᠣᠶᠠᠷ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠡᠷᠭᠢᠯᠡᠭᠦ ᠰᠠᠬᠢᠯᠭ᠎ᠠ ᠪᠠᠲᠤ ᠵᠢ ᠵᠢᠷᠤᠮᠯᠠᠭᠰᠠᠨ ᠪᠠᠢ᠌ᠳᠠᠯ;
(ᠭᠤᠷᠪᠠ) ᠲᠤᠬᠠᠢ᠌ᠯᠠᠭᠰᠠᠨ ᠠᠵᠢᠯ ᠵᠢᠡᠨ ᠥᠷᠨᠢᠭᠦᠯᠦᠭᠰᠡᠨ ᠪᠠᠢ᠌ᠳᠠᠯ ᠪᠠ ᠬᠢᠨᠠᠨ ᠲᠣᠭᠲᠠᠭ᠋ᠠᠯᠲᠠ ᠬᠢᠭᠰᠡᠨ ᠶᠠᠰᠤ ᠴᠢᠨᠠᠷ᠎ᠤᠨ ᠪᠠᠢ᠌ᠳᠠᠯ;
(ᠳᠥᠷᠪᠡ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠬᠠᠮᠢᠶᠠᠷᠤᠯᠲᠠ᠂ ᠰᠦᠢ᠍ᠳᠬᠡᠯ ᠬᠤᠷᠢᠶᠠᠬᠤ ᠵᠡᠷᠭᠡ ᠳᠦᠷᠢᠮ᠎ᠤᠨ ᠪᠠᠢ᠌ᠭᠤᠯᠤᠯᠲᠠ ᠵᠢᠴᠢ ᠬᠡᠷᠡᠭᠵᠢᠭᠦᠯᠦᠭᠰᠡᠨ ᠪᠠᠢ᠌ᠳᠠᠯ;
(ᠲᠠᠪᠤ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠵᠢᠨ ᠠᠵᠢᠯᠲᠠᠨ᠂ ᠲᠠᠯᠠᠪᠤᠷ᠂ ᠬᠡᠮᠵᠢᠭᠦᠷᠯᠢᠭ ᠲᠥᠬᠦᠭᠡᠷᠦᠮᠵᠢ ᠵᠡᠷᠭᠡ ᠵᠢ ᠲᠣᠬᠢᠷᠠᠭᠤᠯᠤᠭᠰᠠᠨ ᠪᠠ ᠢᠵᠢ ᠪᠦᠷᠢᠳᠦᠭᠦᠯᠦᠭᠰᠡᠨ ᠪᠠᠢ᠌ᠳᠠᠯ;
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠵᠦᠢ᠍ᠯ᠎ᠤᠳ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠢᠨᠠᠯᠲᠠ ᠲᠠᠯᠪᠢᠯᠲᠠ᠂ ᠪᠠᠢ᠌ᠴᠠᠭ᠋ᠠᠯᠲᠠ ᠵᠢ ᠬᠦᠯᠢᠶᠡᠬᠦ ᠵᠢ ᠲᠡᠪᠴᠢᠵᠦ ᠪᠤᠯᠬᠤ ᠦᠭᠡᠢ᠂ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ᠂ ᠬᠤᠳᠠᠯ ᠬᠠᠭᠤᠷᠮᠠᠭ ᠲᠣᠭ᠋ᠠᠴᠢᠯᠲᠠ ᠬᠢᠵᠦ ᠪᠤᠯᠬᠤ ᠦᠭᠡᠢ᠃
ᠳᠥᠴᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠢ ᠰᠢᠯᠭ᠋ᠠᠨ ᠬᠢᠨᠠᠬᠤ ᠳᠦᠷᠢᠮ᠂ ᠦᠨᠡᠨᠴᠢ ᠢᠲᠡᠭᠡᠮᠵᠢ ᠵᠢᠨ ᠦᠨᠡᠯᠡᠯᠲᠡ ᠵᠢᠨ ᠳᠦᠷᠢᠮ᠎ᠢ ᠪᠠᠢ᠌ᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠵᠢᠡᠨ ᠶᠠᠪᠤᠭᠳᠠᠭᠤᠯᠵᠤ ᠪᠠᠢ᠌ᠭ᠎ᠠ ᠪᠠᠢ᠌ᠳᠠᠯ ᠵᠢᠴᠢ ᠦᠨᠡᠨᠴᠢ ᠢᠲᠡᠭᠡᠮᠵᠢ ᠵᠢᠨ ᠪᠠᠢ᠌ᠳᠠᠯ ᠵᠡᠷᠭᠡ ᠵᠢ ᠰᠢᠯᠭ᠋ᠠᠨ ᠬᠢᠨᠠᠵᠤ ᠦᠨᠡᠯᠡᠬᠦ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠬᠤ ᠵᠢᠨ ᠬᠠᠮᠲᠤ ᠦᠷ᠎ᠡ ᠳ᠋ᠦᠩ᠎ᠢ ᠨᠡᠢ᠌ᠭᠡᠮ ᠨᠡᠢ᠌ᠲᠡ᠎ᠳᠤ ᠢᠯᠡ ᠪᠣᠯᠭ᠋ᠠᠪᠠᠯ ᠵᠣᠬᠢᠨ᠎ᠠ᠃
ᠳᠥᠴᠢᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠦᠭᠦ ᠣᠷᠣᠨ᠎ᠳᠤ ᠨᠢᠭᠡᠳᠦᠯᠲᠡᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠬᠤ ᠵᠢᠨ ᠬᠠᠮᠲᠤ᠂ ᠤᠯᠤᠰ ᠲᠦᠷᠦ ᠬᠠᠤᠯᠢ ᠴᠠᠭ᠋ᠠᠵᠠ ᠵᠢᠨ ᠲᠣᠮᠣ ᠳ᠋ᠠᠢ᠌ᠲ᠋ᠠ ᠵᠢᠨ ᠣᠶᠤᠨᠴᠢᠯᠠᠭᠰᠠᠨ ᠬᠡᠷᠡᠭᠯᠡᠭᠡᠨ᠎ᠤ ᠲᠠᠪᠴᠠᠩ᠎ᠳᠤ ᠵᠠᠯᠭ᠋ᠠᠨ ᠣᠷᠣᠭᠤᠯᠵᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠡᠷᠭᠢᠯᠡᠭᠦ᠎ᠳᠤ ᠪᠦᠭᠦ ᠶᠠᠪᠤᠴᠠ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ᠃ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠯᠭᠡᠬᠦ᠎ᠪᠠᠷ ᠨᠠᠢ᠌ᠳᠠᠭᠰᠠᠨ ᠪᠠᠢ᠌ᠪᠠᠯ᠂ ᠬᠣᠯᠪᠣᠭᠳᠠᠯ ᠪᠦᠬᠦᠢ ᠮᠡᠳᠡᠭᠡ ᠵᠠᠩᠭᠢ ᠵᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠵᠤ ᠴᠠᠭ
ᠲᠤᠬᠠᠢᠳᠤᠨᠢ ᠬᠠᠮᠲᠤ᠎ᠪᠠᠷ ᠡᠳ᠋ᠯᠡᠬᠦ ᠬᠡᠷᠡᠭᠲᠡᠢ᠃
ᠳᠥᠴᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠤᠪᠢᠷᠠᠯᠲᠠ ᠵᠢ ᠳᠠᠩᠰᠠᠯᠠᠬᠤ᠂ ᠰᠢᠯᠭ᠋ᠠᠨ ᠬᠢᠨᠠᠵᠤ ᠦᠨᠡᠯᠡᠬᠦ ᠪᠠ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠪᠠᠢ᠌ᠳᠠᠯ᠎ᠢ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ᠎ᠳᠤ ᠴᠠᠭ ᠲᠤᠬᠠᠢᠳᠤᠨᠢ ᠮᠡᠳᠡᠭᠳᠡᠬᠦ ᠭᠡᠷᠡᠭᠳᠡᠢ; ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠢ ᠬᠡᠷᠡᠭᠯᠡᠭᠰᠡᠨ ᠪᠠᠢ᠌ᠳᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠰᠢᠭᠦᠯᠲᠡ᠎ᠳᠤ ᠣᠷᠣᠯᠴᠠᠬᠰᠠᠨ ᠪᠠᠢ᠌ᠳᠠᠯ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ᠎ᠤᠨ ᠶᠠᠰᠤ ᠴᠢᠨᠠᠷ᠎ᠤᠨ ᠪᠠᠢ᠌ᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢ᠌ᠬᠤ ᠵᠢ ᠣᠯᠵᠤ ᠮᠡᠳᠡᠪᠡᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠨᠡᠢ᠌ᠭᠡᠮᠯᠢᠭ ᠪᠠ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠨᠡᠢ᠌ᠭᠡᠮᠯᠢᠭ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠃
ᠲᠠᠪᠢᠳᠤᠭ᠋ᠠᠷ ᠵᠦᠢ᠍ᠯ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠨ ᠠᠵᠢᠯ ᠭᠦᠢ᠍ᠴᠡᠳᠬᠡᠵᠦ ᠬᠠᠤᠯᠢ ᠶᠣᠰᠣᠨ᠎ᠤ ᠡᠷᠬᠡ ᠠᠰᠢᠭ᠎ᠲᠤ᠎ᠨᠢ ᠬᠠᠯᠳᠠᠭᠰᠠᠨ ᠭᠡᠵᠦ ᠦᠵᠡᠪᠡᠯ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠤ ᠵᠠᠭ᠋ᠠᠯᠳᠤᠵᠤ ᠪᠣᠯᠣᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ ᠬᠠᠷᠢᠭᠤᠯᠲᠠ ᠥᠭᠬᠦ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠠᠵᠢᠯᠯᠠᠭ᠎ᠠ ᠵᠢᠨ ᠲᠤᠬᠠᠢ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠵᠢᠯᠤᠭᠣᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠨ᠎ᠠ᠃ ᠠᠢ᠌ᠮᠠᠭ᠎ᠤᠨ ᠵᠠᠬᠢᠷᠭ᠎ᠠ᠂ ᠲᠣᠭᠣᠷᠢᠭ ᠪᠠᠢ᠌ᠭᠤᠯᠤᠭᠰᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠠᠵᠢᠯ᠎ᠢ ᠪᠣᠳᠠᠲᠠᠢ ᠬᠠᠷᠢᠭᠤᠴᠠᠨ᠎ᠠ᠃
ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠦᠨᠡᠨᠴᠢ ᠢᠲᠡᠭᠡᠮᠵᠢ ᠵᠢᠨ ᠮᠡᠳᠡᠭᠡ ᠵᠠᠩᠭᠢ ᠵᠢ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠳᠤ ᠤᠷᠤᠭᠤᠯᠬᠤ ᠵᠢᠨ ᠬᠠᠮᠲᠤ᠂ ᠬᠠᠤᠯᠢ ᠶᠣᠰᠣᠭ᠋ᠠᠷ ᠦᠨᠡᠨᠴᠢ ᠢᠲᠡᠭᠡᠮᠵᠢ ᠵᠢ ᠤᠷᠮᠠᠰᠢᠭᠤᠯᠤᠨ ᠵᠣᠷᠢᠭᠵᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠲᠠᠪᠢᠨ ᠨᠢᠭᠡᠳᠦᠭᠡᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠢ᠌ᠪᠠᠯ ᠲᠡᠷᠡ ᠲᠣᠭᠲᠠᠭ᠋ᠠᠯ᠎ᠢ ᠳᠠᠭ᠋ᠠᠬᠤ ᠬᠡᠷᠡᠭᠲᠡᠢ᠃
ᠲᠠᠪᠢᠨ ᠬᠣᠶᠠᠳᠤᠭ᠋ᠠᠷ ᠵᠦᠢ᠍ᠯ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠦᠭᠡᠢ᠎ᠪᠠᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠰᠡᠨ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠠᠤᠯᠢ᠎ᠠᠴᠠ ᠵᠥᠷᠢᠴᠡᠭᠰᠡᠨ ᠠᠰᠢᠭ ᠣᠯᠵᠠᠪᠤᠷᠢ ᠵᠢ᠎ᠨᠢ ᠬᠣᠷᠢᠶᠠᠨ ᠠᠪᠬᠤ ᠵᠢᠨ ᠬᠠᠮᠲᠤ ᠬᠠᠤᠯᠢ᠎ᠠᠴᠠ ᠵᠥᠷᠢᠴᠡᠭᠰᠡᠨ ᠠᠰᠢᠭ ᠣᠯᠵᠠᠪᠤᠷᠢ ᠵᠢᠨ ᠨᠢᠭᠡ ᠳᠠᠭᠢᠨ᠎ᠠᠴᠠ ᠳᠡᠭᠡᠭᠰᠢ ᠭᠤᠷᠪᠠᠨ ᠳᠠᠭᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃ ᠬᠠᠤᠯᠢ᠎ᠠᠴᠠ ᠵᠥᠷᠢᠴᠡᠭᠰᠡᠨ ᠠᠰᠢᠭ ᠣᠯᠵᠠᠪᠤᠷᠢ ᠦᠭᠡᠢ ᠪᠣᠯ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
ᠲᠠᠪᠢᠨ ᠭᠤᠷᠪᠠᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢᠯᠡᠭᠦᠯᠦᠯ ᠥᠭᠭᠦᠨ᠎ᠡ;ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠣᠯ 5 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ᠂ ᠬᠠᠤᠯᠢ ᠵᠢ ᠵᠥᠷᠢᠴᠡᠵᠦ ᠠᠰᠢᠭ ᠣᠯᠵᠠᠪᠤᠷᠢ ᠣᠯᠣᠭᠰᠠᠨ ᠪᠠᠢ᠌ᠪᠠᠯ᠂ ᠬᠠᠤᠯᠢ ᠵᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠵᠢ᠎ᠨᠢ ᠬᠤᠷᠢᠶᠠᠵᠤ ᠠᠪᠤᠨ᠎ᠠ᠃
(ᠨᠢᠭᠡ) ᠳᠠᠩᠰᠠᠯᠠᠭᠤᠯᠤᠭᠰᠠᠨ ᠵᠦᠢ᠍ᠯᠡᠰ᠎ᠲᠤ᠎ᠨᠢ ᠬᠤᠪᠢᠷᠠᠯᠲᠠ ᠭᠠᠷᠤᠭᠰᠠᠨ ᠪᠠᠢ᠌ᠳᠠᠯ ᠳᠣᠣᠷ᠎ᠠ ᠲᠣᠭᠲᠠᠭ᠋ᠠᠯ ᠶᠣᠰᠣᠭ᠋ᠠᠷ ᠬᠤᠪᠢᠷᠠᠭᠤᠯᠬᠤ ᠳᠠᠩᠰᠠᠯᠠᠭᠤᠯᠤᠯᠲᠠ ᠦᠯᠦ ᠭᠢᠯᠭᠡᠭᠰᠡᠨ;
(ᠬᠣᠶᠠᠷ) ᠳᠠᠩᠰᠠᠯᠠᠭᠤᠯᠤᠭᠰᠠᠨ ᠵᠦᠢ᠍ᠯᠡᠰ᠎ᠲᠤ᠎ᠨᠢ ᠬᠤᠪᠢᠷᠠᠯᠲᠠ ᠭᠠᠷᠴᠤ᠂ ᠳᠠᠩᠰᠠᠯᠠᠭᠤᠯᠬᠤ ᠨᠥᠬᠥᠴᠡᠯ᠎ᠳᠤ ᠦᠯᠦ ᠨᠡᠢ᠌ᠴᠡᠬᠦ᠂ ᠭᠦᠢ᠍ᠴᠡᠳ ᠨᠥᠬᠥᠪᠦᠷᠢᠯᠡᠬᠦ᠎ᠠᠴᠠ ᠡᠮᠦᠨ᠎ᠡ ᠠᠵᠢᠯ ᠡᠷᠭᠢᠯᠡᠭᠦ ᠠᠵᠢᠯᠯᠠᠭ᠎ᠠ᠎ᠪᠠᠨ ᠦᠷᠭᠦᠯᠵᠢᠯᠡᠨ ᠥᠷᠨᠢᠭᠦᠯᠦᠭᠰᠡᠨ;
(ᠭᠤᠷᠪᠠ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠎ᠢ ᠪᠠᠯᠠᠯᠤᠨ ᠵᠠᠰᠠᠭᠰᠠᠨ᠂ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ;
(ᠳᠥᠷᠪᠡ) ᠬᠢᠨᠠᠨ ᠲᠣᠭᠲᠠᠭ᠋ᠠᠯᠲᠠ ᠵᠢᠨ ᠵᠦᠢ᠍ᠯᠡᠰ᠎ᠢ ᠪᠤᠰᠤᠳ ᠪᠠᠢ᠌ᠭᠤᠯᠤᠮᠵᠢ᠎ᠳᠤ ᠰᠢᠯᠵᠢᠭᠦᠯᠦᠨ ᠨᠠᠢ᠌ᠳᠠᠵᠤ ᠭᠦᠢ᠍ᠴᠡᠳᠭᠡᠯᠭᠡᠭᠰᠡᠨ;
(ᠲᠠᠪᠤ) ᠬᠢᠨᠠᠨ ᠲᠣᠭᠲᠠᠭ᠋ᠠᠯᠲᠠ ᠵᠢᠨ ᠶᠠᠪᠤᠴᠠ ᠪᠤᠶᠤ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠭᠠᠷᠭ᠋ᠠᠵᠤ ᠠᠪᠤᠭᠰᠠᠨ᠂ ᠭᠥᠯᠢᠶᠡᠨ ᠠᠪᠤᠭᠰᠠᠨ᠂ ᠬᠠᠳᠠᠭ᠋ᠠᠯᠠᠨ ᠬᠠᠮᠢᠶᠠᠷᠤᠭᠰᠠᠨ᠂ ᠬᠡᠷᠡᠭᠯᠡᠭᠰᠡᠨ᠂ ᠤᠰᠠᠳᠬᠠᠭᠰᠠᠨ᠂ ᠪᠤᠴᠠᠭ᠋ᠠᠭᠰᠠᠨ ᠶᠠᠪᠤᠴᠠ ᠵᠢ ᠲᠡᠮᠳᠡᠭᠯᠡᠭᠰᠡᠨ ᠦᠭᠡᠢ᠂ ᠡᠰᠡᠬᠦᠯ᠎ᠡ ᠲᠡᠮᠳᠡᠭᠯᠡᠯ᠎ᠨᠢ ᠦᠨᠡᠨ ᠪᠣᠳᠠᠲᠠᠢ ᠪᠢᠰᠢ᠂ ᠲᠡᠮᠳᠡᠭᠯᠡᠯ᠎ᠳᠤ ᠴᠢᠬᠤᠯᠠ ᠶᠡᠬᠡ ᠣᠷᠬᠢᠭᠳᠠᠭᠤᠯᠤᠭᠰᠠᠨ ᠪᠠᠢ᠌ᠳᠠᠯ ᠣᠷᠣᠰᠢᠵᠤ ᠪᠠᠢ᠌ᠬᠤ;
(ᠵᠢᠷᠭᠤᠭ᠎ᠠ) ᠪᠠᠷᠢᠮᠵᠢᠶ᠎ᠠ᠎ᠠᠴᠠ ᠬᠡᠲᠦᠷᠡᠭᠦᠯᠦᠨ ᠰᠦᠢ᠍ᠳᠬᠡᠯ ᠬᠤᠷᠢᠶᠠᠭᠰᠠᠨ᠂ ᠰᠦᠢ᠍ᠳᠬᠡᠯ ᠬᠤᠷᠢᠶᠠᠬᠤ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠭᠰᠡᠨ᠂ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠰᠠᠯᠭ᠋ᠠᠭᠰᠠᠨ᠂ ᠳᠠᠪᠬᠤᠷᠳᠠᠭᠤᠯᠤᠨ ᠰᠦᠢ᠍ᠳᠬᠡᠯ ᠬᠤᠷᠢᠶᠠᠬᠰᠠᠨ;
(ᠲᠤᠯᠤᠭ᠎ᠠ) ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠥᠷᠢᠴᠡᠵᠦ᠂ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠡᠪᠳᠡᠵᠦ ᠰᠦᠢ᠍ᠳᠬᠡᠭᠰᠡᠨ᠂ ᠭᠡᠭᠡᠭᠰᠡᠨ ᠪᠤᠶᠤ ᠪᠤᠰᠤᠳ ᠦᠷ᠎ᠡ ᠳ᠋ᠦᠩ ᠭᠠᠷᠭ᠋ᠠᠬᠰᠠᠨ;
(ᠨᠠᠢ᠍ᠮᠠ) ᠬᠢᠨᠠᠨ ᠲᠣᠭᠲᠠᠭ᠋ᠠᠯᠲᠠ ᠵᠢᠨ ᠳᠠᠩᠰᠠ ᠡᠪᠬᠡᠮᠡᠯ᠎ᠢ ᠲᠣᠭᠲᠠᠭ᠋ᠠᠯ ᠶᠣᠰᠣᠭ᠋ᠠᠷ ᠬᠠᠳᠠᠭ᠋ᠠᠯᠠᠭᠰᠠᠨ ᠦᠭᠡᠢ᠎ᠠᠴᠠ ᠪᠣᠯᠵᠤ ᠰᠦᠢ᠍ᠳᠦᠭᠰᠡᠨ ᠪᠤᠶᠤ ᠭᠡᠭᠡᠭᠰᠡᠨ;
(ᠶᠢᠰᠦ) ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠯᠲᠠ᠂ ᠪᠠᠢ᠌ᠴᠠᠭ᠋ᠠᠯᠲᠠ ᠵᠢ ᠬᠦᠯᠢᠶᠡᠬᠦ ᠵᠢ ᠲᠡᠪᠴᠢᠭᠰᠡᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ᠂ ᠬᠤᠳᠠᠯ ᠬᠠᠭᠤᠷᠮᠠᠭ ᠲᠣᠭ᠋ᠠᠴᠢᠯᠲᠠ ᠬᠢᠭᠰᠡᠨ᠃
ᠲᠠᠪᠢᠨ ᠳᠥᠷᠪᠡᠳᠦᠭᠡᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠭᠦᠨ᠎ᠡ; ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠣᠯ 5000 ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠨᠡᠢ᠌ᠯᠡᠭᠦᠯᠦᠨ ᠰᠢᠢ᠍ᠳᠭᠡᠨ᠎ᠡ; ᠬᠠᠤᠯᠢ ᠵᠢ ᠵᠥᠷᠢᠴᠡᠵᠦ ᠠᠰᠢᠭ ᠣᠯᠵᠠᠪᠤᠷᠢ ᠣᠯᠣᠭᠰᠠᠨ ᠪᠠᠢ᠌ᠪᠠᠯ ᠬᠠᠤᠯᠢ ᠵᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠵᠢ᠎ᠨᠢ ᠬᠤᠷᠢᠶᠠᠵᠤ ᠠᠪᠤᠨ᠎ᠠ᠄
(ᠨᠢᠭᠡ) ᠬᠣᠶᠠᠷ᠎ᠠᠴᠠ ᠳᠡᠭᠡᠭᠰᠢ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠎ᠳᠤ ᠵᠡᠷᠭᠡ᠎ᠪᠠᠷ ᠠᠵᠢᠯ ᠡᠷᠭᠢᠯᠡᠭᠰᠡᠨ;
(ᠬᠣᠶᠠᠷ) ᠳᠠᠩᠰᠠᠯᠠᠭᠤᠯᠤᠭᠰᠠᠨ ᠵᠦᠢ᠍ᠯᠡᠰ᠎ᠲᠤ᠎ᠨᠢ ᠬᠤᠪᠢᠷᠠᠯᠲᠠ ᠭᠠᠷᠴᠤ᠂ ᠲᠣᠭᠲᠠᠭ᠋ᠠᠯ ᠶᠣᠰᠣᠭ᠋ᠠᠷ ᠬᠤᠪᠢᠷᠠᠭᠤᠯᠬᠤ ᠳᠠᠩᠰᠠᠯᠠᠭᠤᠯᠤᠯᠲᠠ ᠦᠯᠦ ᠭᠢᠯᠭᠡᠭᠰᠡᠨ;
(ᠭᠤᠷᠪᠠ) ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠤ ᠠᠵᠢᠯ ᠡᠷᠭᠢᠯᠡᠭᠦ ᠦᠨᠡᠮᠯᠡᠯ ᠵᠢᠡᠨ ᠪᠠᠯᠠᠯᠤᠨ ᠵᠠᠰᠠᠭᠰᠠᠨ᠂ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ;
(ᠳᠥᠷᠪᠡ) ᠬᠢᠨᠠᠨ ᠲᠣᠭᠲᠠᠭ᠋ᠠᠯᠲᠠ ᠬᠢᠬᠦ ᠵᠢᠷᠤᠮ᠂ ᠮᠡᠷᠭᠡᠵᠢᠯ᠎ᠤᠨ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ ᠶᠣᠰᠣᠭ᠋ᠠᠷ ᠬᠢᠨᠠᠨ ᠲᠣᠭᠲᠠᠭ᠋ᠠᠯᠲᠠ ᠬᠢᠭᠰᠡᠨ ᠦᠭᠡᠢ;
(ᠲᠠᠪᠤ) ᠵᠠᠢ᠌ᠯᠠᠰᠬᠢᠬᠦ ᠲᠣᠭᠲᠠᠭ᠋ᠠᠯ᠎ᠢ ᠵᠥᠷᠢᠴᠡᠭᠰᠡᠨ;
(ᠵᠢᠷᠭᠤᠭ᠎ᠠ) ᠲᠣᠭᠲᠠᠭ᠋ᠠᠯ᠎ᠠᠴᠠ ᠵᠥᠷᠢᠴᠡᠨ ᠬᠢᠨᠠᠨ ᠲᠣᠭᠲᠠᠭ᠋ᠠᠯᠲᠠ ᠵᠢᠨ ᠬᠡᠷᠡᠭ᠎ᠤᠨ ᠲᠤᠬᠠᠢ ᠵᠢᠨ ᠬᠥᠮᠥᠨ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ᠎ᠤ ᠵᠣᠭᠣᠰ ᠮᠥᠩᠭᠥ ᠡᠳ᠋ ᠪᠣᠳᠠᠰ᠎ᠢ ᠭᠥᠯᠢᠶᠡᠨ ᠠᠪᠤᠬᠰᠠᠨ;
(ᠲᠤᠯᠤᠭ᠎ᠠ) ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠵᠥᠷᠢᠴᠡᠵᠦ᠂ ᠬᠢᠨᠠᠨ ᠲᠣᠭᠲᠠᠭ᠋ᠠᠯᠲᠠ ᠵᠢᠨ ᠮᠠᠲ᠋ᠧᠷᠢᠶᠠᠯ᠎ᠢ ᠡᠪᠳᠡᠵᠦ ᠰᠦᠢ᠍ᠳᠬᠡᠭᠰᠡᠨ᠂ ᠭᠡᠭᠡᠭᠳᠡᠭᠦᠯᠦᠭᠰᠡᠨ ᠪᠤᠶᠤ ᠪᠤᠰᠤᠳ ᠦᠷ᠎ᠡ ᠳ᠋ᠦᠩ ᠭᠠᠷᠭ᠋ᠠᠬᠰᠠᠨ;
(ᠨᠠᠢ᠍ᠮᠠ) ᠪᠤᠰᠤᠳ᠎ᠤᠨ ᠥᠳᠥᠭᠡᠯᠭᠡ᠎ᠪᠠᠷ ᠪᠤᠶᠤ ᠪᠤᠰᠤᠳ᠎ᠤᠨ ᠰᠠᠨᠠᠭ᠎ᠠ᠎ᠪᠠᠷ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠠᠨᠠᠯ᠎ᠤᠨ ᠪᠢᠴᠢᠭ ᠳᠡᠭᠡᠷ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠶ᠋ᠡᠷ ᠬᠠᠭᠤᠷᠮᠠᠭᠯᠠᠨ ᠭᠠᠷᠤᠨ ᠦᠰᠦᠭ ᠵᠢᠷᠤᠭᠰᠠᠨ᠃
ᠲᠠᠪᠢᠨ ᠲᠠᠪᠤᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠵᠦ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠵᠢᠨ ᠬᠢᠨᠠᠨ
ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠦ ᠵᠢ᠎ᠨᠢ ᠭᠤᠷᠪᠠᠨ ᠰᠠᠷ᠎ᠠ᠎ᠠᠴᠠ ᠳᠡᠭᠡᠭᠰᠢ ᠨᠢᠭᠡ ᠵᠢᠯ᠎ᠠᠴᠠ ᠳᠣᠷᠣᠭᠰᠢ ᠵᠣᠭᠰᠤᠭ᠋ᠠᠬᠤ ᠰᠢᠢ᠍ᠳᠬᠡᠯ ᠣᠯᠭᠣᠨ᠎ᠠ; ᠦᠢ᠍ᠯᠡ ᠪᠠᠢ᠌ᠳᠠᠯ᠎ᠨᠢ ᠬᠦᠨᠳᠦ ᠨᠣᠴᠢᠲᠠᠢ ᠪᠠᠢ᠌ᠪᠠᠯ ᠳᠠᠩᠰᠠᠯᠠᠭᠤᠯᠤᠯᠲᠠ ᠵᠢ᠎ᠨᠢ ᠬᠦᠴᠦᠨ ᠦᠭᠡᠢ ᠪᠣᠯᠭ᠋ᠠᠨ᠎ᠠ᠄
(ᠨᠢᠭᠡ) ᠬᠠᠷᠢᠭᠤᠴᠠᠯᠭ᠎ᠠ᠎ᠪᠠᠨ ᠬᠦᠨᠳᠦ ᠨᠣᠴᠢᠲᠠᠢ ᠠᠯᠳᠠᠭᠰᠠᠨ᠎ᠠᠴᠠ ᠪᠣᠯᠵᠤ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠲᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ;
(ᠬᠣᠶᠠᠷ) ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭ᠋ᠠᠬᠤ ᠪᠤᠶᠤ ᠪᠤᠰᠤᠳ ᠮᠡᠬᠡᠯᠡᠯ᠎ᠤᠨ ᠠᠷᠭ᠎ᠠ ᠪᠠᠷᠢᠯ ᠵᠶ᠋ᠠᠷ ᠮᠡᠬᠡᠯᠡᠨ ᠳᠠᠩᠰᠠᠯᠠᠭᠤᠯᠤᠭᠰᠠᠨ;
(ᠭᠤᠷᠪᠠ) ᠠᠷᠠᠳ᠎ᠤᠨ ᠰᠢᠭᠦᠬᠦ ᠬᠣᠷᠢᠶ᠎ᠠ᠎ᠠᠴᠠ ᠬᠠᠤᠯᠢ ᠶᠣᠰᠣᠭ᠋ᠠᠷ ᠮᠡᠳᠡᠭᠳᠡᠭᠰᠡᠨ ᠪᠠᠢ᠌ᠲᠠᠯ᠎ᠠ ᠰᠢᠭᠦᠯᠲᠡ᠎ᠳᠤ ᠣᠷᠣᠯᠴᠠᠵᠤ ᠭᠡᠷᠡᠴᠢᠯᠡᠬᠦ ᠵᠢ ᠲᠡᠪᠴᠢᠭᠰᠡᠨ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠵᠣᠷᠢᠭᠤᠳᠠ ᠬᠤᠳᠠᠯ ᠬᠠᠭᠤᠷᠮᠠᠭ ᠬᠢᠨᠠᠨ ᠲᠣᠭᠲᠠᠭ᠋ᠠᠯᠲᠠ ᠬᠢᠭᠡᠳ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠨ᠎ᠡ; ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠢ᠌ᠪᠠᠯ ᠡᠮᠦᠨᠡᠬᠢ ᠪᠠᠳᠠᠭ᠎ᠤᠨ ᠲᠣᠭᠲᠠᠭ᠋ᠠᠯ ᠶᠣᠰᠣᠭ᠋ᠠᠷ ᠰᠢᠢ᠍ᠳᠬᠡᠨ᠎ᠡ᠃
ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ ᠡᠷᠭᠢᠯᠡᠭᠦ ᠵᠢ᠎ᠨᠢ ᠵᠣᠭᠰᠤᠭ᠋ᠠᠬᠤ ᠰᠢᠢ᠍ᠳᠬᠡᠯ᠎ᠤᠨ ᠬᠤᠭᠤᠴᠠᠭ᠋ᠠᠨ᠎ᠳᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠦᠷᠭᠦᠯᠵᠢᠯᠡᠨ ᠥᠷᠨᠢᠭᠦᠯᠦᠭᠰᠡᠨ ᠪᠠᠢ᠌ᠪᠠᠯ ᠳᠠᠩᠰᠠᠯᠠᠯᠲᠠ ᠵᠢ᠎ᠨᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ᠎ᠠ᠃
ᠲᠠᠪᠢᠨ ᠵᠢᠷᠭᠤᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠠᠵᠢᠯ ᠡᠷᠭᠢᠯᠡᠭᠦ ᠠᠵᠢᠯᠯᠠᠭ᠎ᠠ ᠳᠤᠮᠳᠠ᠎ᠪᠠᠨ ᠵᠣᠷᠢᠭᠤᠳᠠ ᠪᠤᠶᠤ ᠬᠦᠨᠳᠦ ᠶᠡᠬᠡ ᠡᠨᠳᠡᠯ᠎ᠠᠴᠠ ᠪᠣᠯᠵᠤ ᠲᠤᠬᠠᠢ ᠵᠢᠨ ᠬᠥᠮᠥᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ ᠲᠡᠭᠦᠨ᠎ᠤ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠨ᠎ᠡ; ᠲᠡᠭᠦᠨ᠎ᠤ ᠪᠠᠢ᠌ᠭ᠎ᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠲᠥᠯᠥᠪᠦᠷᠢ ᠵᠢᠨ ᠬᠠᠷᠢᠭᠤᠴᠠᠯᠭ᠎ᠠ ᠡᠭᠦᠷᠭᠡᠯᠡᠭᠰᠡᠨ᠎ᠤ ᠲᠠᠷᠠᠭ᠎ᠠ ᠬᠠᠤᠯᠢ ᠶᠣᠰᠣᠭ᠋ᠠᠷ ᠠᠯᠳᠠᠭ᠎ᠠ ᠪᠤᠷᠤᠭᠤ ᠭᠠᠷᠭ᠋ᠠᠭᠰᠠᠨ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ᠎ᠠᠴᠠ ᠲᠥᠯᠥᠪᠦᠷᠢ ᠨᠡᠬᠡᠮᠵᠢᠯᠡᠵᠦ ᠪᠣᠯᠣᠨ᠎ᠠ᠃
ᠲᠠᠪᠢᠨ ᠳᠣᠯᠣᠳᠤᠭ᠋ᠠᠷ ᠵᠦᠢ᠍ᠯ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠠᠮᠢᠶᠠᠷᠤᠯᠲᠠ ᠵᠢᠨ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠭᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠲᠠᠪᠢᠨ ᠨᠠᠢ᠍ᠮᠠᠳᠤᠭ᠋ᠠᠷ ᠵᠦᠢ᠍ᠯ ᠲᠤᠰ ᠳᠦᠷᠢᠮ᠎ᠳᠤ ᠬᠡᠯᠡᠵᠦ ᠪᠠᠢ᠌ᠭ᠎ᠠ ᠬᠡᠷᠡᠭ ᠰᠢᠢ᠍ᠳᠪᠦᠷᠢᠯᠡᠬᠦ ᠪᠠᠢ᠌ᠭᠤᠯᠭ᠎ᠠ ᠭᠡᠳᠡᠭ᠎ᠨᠢ ᠵᠠᠷᠭᠤ ᠵᠢᠨ ᠬᠡᠷᠡᠭ᠎ᠢ ᠰᠢᠢ᠍ᠳᠪᠦᠷᠢᠯᠡᠬᠦ ᠲᠤᠷᠰᠢᠨ ᠪᠠᠢ᠌ᠴᠠᠭ᠋ᠠᠬᠤ ᠪᠠᠢ᠌ᠭᠤᠯᠭ᠎ᠠ᠂ ᠬᠢᠨᠠᠨ ᠪᠠᠢ᠌ᠴᠠᠭ᠋ᠠᠵᠤ ᠵᠠᠭ᠋ᠠᠯᠳᠤᠬᠤ ᠪᠠᠢ᠌ᠭᠤᠯᠭ᠎ᠠ ᠪᠠ ᠰᠢᠭᠦᠨ ᠲᠠᠰᠤᠯᠬᠤ ᠪᠠᠢ᠌ᠭᠤᠯᠭ᠎ᠠ ᠵᠢ ᠵᠢᠭ᠋ᠠᠵᠤ ᠪᠠᠢ᠌ᠨ᠎ᠠ᠃
ᠲᠠᠪᠢ ᠶᠢᠰᠦᠳᠦᠭᠡᠷ ᠵᠦᠢ᠍ᠯ ᠵᠠᠷᠭᠤ ᠵᠢᠨ ᠠᠵᠢᠯᠯᠠᠭ᠎ᠠ᠎ᠠᠴᠠ ᠭᠠᠳᠠᠨ᠎ᠠ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠪᠠᠢ᠌ᠭᠤᠯᠤᠮᠵᠢ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠬᠢᠬᠦ ᠬᠥᠮᠥᠨ ᠬᠣᠯᠪᠣᠭᠳᠠᠯ ᠪᠦᠬᠦᠢ ᠬᠢᠨᠠᠨ ᠲᠣᠭᠲᠠᠭ᠋ᠠᠯᠲᠠ ᠵᠢᠨ ᠲᠤᠬᠠᠢ᠌ᠯᠠᠭᠰᠠᠨ ᠠᠵᠢᠯ᠎ᠢ ᠬᠠᠤᠯᠢ ᠶᠣᠰᠣᠭ᠋ᠠᠷ ᠥᠷᠨᠢᠭᠦᠯᠦᠭᠰᠡᠨ ᠪᠠᠢ᠌ᠪᠠᠯ ᠲᠤᠰ ᠳᠦᠷᠢᠮ᠎ᠤᠨ ᠲᠣᠭᠲᠠᠭ᠋ᠠᠯ ᠵᠶ᠋ᠠᠷ ᠯᠠᠪᠯᠠᠯᠲᠠ ᠪᠤᠯᠭ᠋ᠠᠵᠤ ᠬᠡᠷᠡᠭᠵᠢᠭᠦᠯᠦᠨ᠎ᠡ᠃
ᠵᠢᠷᠠᠳᠤᠭ᠋ᠠᠷ ᠵᠦᠢ᠍ᠯ ᠲᠤᠰ ᠳᠦᠷᠢᠮ᠎ᠤᠨ ᠠᠷᠪᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠎ᠠᠴᠠ ᠪᠤᠰᠤᠳ ᠬᠢᠨᠠᠨ ᠲᠣᠭᠲᠠᠭ᠋ᠠᠯᠲᠠ ᠵᠢᠨ ᠠᠵᠢᠯᠯᠠᠭ᠎ᠠ ᠬᠢᠵᠦ ᠪᠠᠢ᠌ᠭ᠎ᠠ ᠪᠠᠢ᠌ᠭᠤᠯᠤᠮᠵᠢ ᠪᠠ ᠠᠵᠢᠯᠲᠠᠨ᠎ᠢ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ ᠬᠠᠮᠢᠶᠠᠷᠤᠨ᠎ᠠ᠃
ᠵᠢᠷᠠᠨ ᠨᠢᠭᠡᠳᠦᠭᠡᠷ ᠵᠦᠢ᠍ᠯ ᠲᠣᠰ ᠳᠦᠷᠢᠮ᠎ᠢ 2025 ᠣᠨ᠎ᠤ 5 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃