ᠬᠥᠳᠡᠭᠡ ᠲᠣᠰᠬᠤᠨ᠎ᠤ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂ ᠬᠥᠳᠡᠭᠡ ᠲᠣᠰᠬᠤᠨ᠎ᠤ ᠰᠤᠷᠤᠭᠴᠢᠳ᠎ᠤᠨ ᠰᠢᠮ᠎ᠡ ᠲᠡᠵᠢᠭᠡᠯᠲᠦ ᠬᠣᠭᠣᠯᠠᠨ᠎ᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠨ᠎ᠠ
ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠭᠣᠣᠯᠳᠠᠯᠭ᠎ᠠ᠎ᠨᠢ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠪᠠᠢ᠌ᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠪᠠ ᠴᠢᠬᠤᠯᠠ ᠪᠦᠬᠦᠢ ᠪᠠᠭ᠎ᠠ ᠬᠡᠪᠴᠢᠶᠡᠨ᠎ᠤ ᠰᠤᠷᠭ᠋ᠠᠭᠤᠯᠢ ᠵᠢ ᠰᠠᠢ᠌ᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ᠎ᠳᠤ ᠣᠨᠴᠠᠭ᠋ᠠᠢ᠌ᠯᠠᠨ ᠴᠢᠬᠤᠯᠠᠴᠢᠯᠠᠬᠤ᠎ᠳᠤ᠎ᠪᠠᠨ᠂ ᠬᠥᠳᠡᠭᠡ ᠲᠣᠰᠬᠤᠨ᠎ᠤ ᠰᠤᠷᠤᠭᠴᠢᠳ᠎ᠤᠨ ᠰᠢᠮ᠎ᠡ ᠲᠡᠵᠢᠭᠡᠯᠲᠦ ᠬᠣᠭᠣᠯᠠᠨ᠎ᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠢᠳᠡᠭᠡᠨ᠎ᠤ ᠠᠮᠤᠷ ᠲᠦᠪᠰᠢᠨ ᠪᠠ ᠪᠡᠯᠡ ᠮᠥᠩᠭᠥ ᠵᠢ ᠵᠢᠷᠤᠮᠵᠢᠭᠤᠯᠤᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠮᠴᠢᠯᠡᠭᠡᠨ᠎ᠤ ᠲᠠᠯ᠎ᠠ᠎ᠪᠠᠷ᠂ ᠭᠣᠣᠯᠳᠠᠯᠭ᠎ᠠ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯᠲᠠᠨ ᠪᠠ ᠦᠢ᠍ᠯᠡᠴᠢᠯᠡᠭᠡ ᠵᠢ ᠳᠣᠷᠣᠭᠰᠢ ᠪᠠᠭᠤᠯᠭ᠋ᠠᠬᠤ ᠵᠢ ᠠᠬᠢᠭᠤᠯᠵᠤ᠂ ᠭᠣᠣᠯ ᠪᠣᠯᠬᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢ ᠰᠠᠢ᠌ᠲᠤᠷ ᠡᠷᠬᠢᠯᠡᠵᠤ᠂ ᠲᠠᠷᠢᠶᠠᠴᠢᠳ᠎ᠤᠨ ᠡᠪᠡᠳᠴᠢᠨ ᠦᠵᠡᠭᠦᠯᠵᠦ ᠡᠮᠨᠡᠭᠦᠯᠬᠦ᠎ᠳᠤ ᠨᠢ ᠨᠡᠩ ᠲᠦᠬᠦᠮ ᠪᠣᠯᠭ᠋ᠠᠨ᠎ᠠ᠃ ᠵᠠᠯᠭ᠋ᠠᠭ᠎ᠠ᠎ᠪᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠪᠠ ᠲᠤᠬᠠᠢ ᠵᠢᠨ ᠵᠢᠯ᠎ᠳᠤ ᠲᠠᠩᠰᠠ ᠲᠠᠢ᠌ᠯᠤᠭᠰᠠᠨ ᠦᠭᠡᠢ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠲᠤ ᠳᠠᠷᠠᠭ᠎ᠠ ᠵᠢᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠲᠥᠯᠥᠬᠦ ᠬᠢᠵᠠᠭ᠋ᠠᠷ ᠲᠣᠭ᠎ᠠ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠵᠣᠬᠢᠬᠤ ᠬᠡᠮᠵᠢᠶᠡᠨ᠎ᠤ ᠵᠣᠷᠢᠭᠵᠢᠭᠤᠯᠤᠯ ᠥᠭᠴᠦ᠂ ᠳᠠᠭ᠋ᠠᠳᠬᠠᠯ᠎ᠳᠤ ᠣᠷᠣᠯᠴᠠᠭᠰᠠᠨ ᠲᠠᠷᠢᠶᠠᠴᠢᠳ᠎ᠲᠤ ᠪᠣᠳᠠᠲᠠᠢ ᠠᠰᠢᠭ ᠬᠦᠷᠲᠡᠭᠡᠨ᠎ᠡ᠃ ᠨᠠᠰᠤᠵᠢᠯ᠎ᠤᠨ ᠠᠰᠠᠷᠠᠮᠵᠢ ᠵᠢᠨ ᠲᠠᠯ᠎ᠠ᠎ᠪᠠᠷ᠂ ᠭᠣᠣᠯᠳᠠᠯᠭ᠎ᠠ᠎ᠨᠢ ᠬᠥᠳᠡᠭᠡ ᠲᠣᠰᠬᠤᠨ᠎ᠤ ᠨᠠᠰᠤᠵᠢᠭᠰᠠᠨ ᠬᠥᠮᠥᠨ ᠣᠯᠠᠳᠠᠵᠤ ᠪᠠᠢ᠌ᠭ᠎ᠠ ᠬᠠᠨᠳᠤᠰᠢ᠎ᠳᠤ ᠴᠢᠭᠯᠡᠭᠦᠯᠦᠨ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠡᠪᠡᠷᠰᠢᠶᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠨᠠᠰᠤᠵᠢᠯ᠎ᠤᠨ ᠰᠠᠭᠤᠷᠢ ᠠᠰᠠᠷᠠᠮᠵᠢ ᠵᠢᠨ ᠮᠥᠩᠭᠥ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠲᠠᠷᠢᠶᠠᠴᠢᠳ᠎ᠤᠨ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠣᠢ᠌ᠰᠢᠳᠠ ᠵᠢᠨ ᠵᠣᠪᠠᠨᠢᠯ᠎ᠢ ᠰᠢᠢ᠍ᠳᠪᠦᠷᠢᠯᠡᠨ᠎ᠡ ᠃
ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠠᠩᠭ᠋ᠠᠯᠭ᠎ᠠ ᠶᠡᠷᠦᠩᠬᠡᠢ᠎ᠳᠤ᠎ᠪᠠᠨ ᠬᠡᠷᠡᠭᠴᠡᠭᠡᠨ᠎ᠠᠴᠠ᠎ᠪᠠᠨ ᠶᠡᠬᠡ ᠪᠢᠰᠢ᠂ ᠬᠠᠷᠢᠨ ᠮᠥᠨ ᠯᠡ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢᠲᠡᠢ ᠪᠠᠢ᠌ᠳᠠᠯ᠎ᠳᠤ᠎ᠪᠠᠨ ᠣᠷᠣᠰᠢᠵᠤ ᠪᠠᠢ᠌ᠨ᠎ᠠ
ᠡᠨᠡ ᠵᠢᠯ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠬᠡᠷᠬᠢᠨ ᠠᠳᠬᠤᠬᠤ ᠲᠤᠬᠠᠢ ᠡᠢ᠌ᠮᠦ ᠨᠢᠭᠡᠨ ᠴᠢᠮᠡᠭᠡ ᠳᠤᠭᠤᠯᠳᠠᠵᠤ ᠪᠣᠢ᠂ ᠠᠮᠤ ᠪᠤᠳᠠᠭ᠋ᠠᠨ᠎ᠤ ᠤᠨᠠᠯᠲᠠ ᠨᠡᠮᠡᠭᠳᠡᠪᠡ᠂ ᠳᠡᠭᠡᠷ᠎ᠡ᠎ᠨᠢ ᠠᠮᠤ ᠪᠤᠳᠠᠭ᠋ᠠᠨ᠎ᠤ ᠵᠠᠬ᠎ᠠ ᠳᠡᠯᠭᠡᠭᠦᠷ ᠴᠦ᠍ ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ᠎ᠤᠨ ᠦᠨ᠎ᠡ ᠬᠠᠩᠰᠢ ᠪᠠᠭᠤᠷᠠᠭᠰᠠᠨ ᠪᠣᠯᠬᠣᠷ ᠡᠨᠡ ᠵᠢᠯ᠎ᠤᠨ ᠠᠮᠤ ᠪᠤᠳᠠᠭ᠋ᠠᠨ᠎ᠤ ᠠᠵᠢᠯ᠎ᠤᠨ ᠡᠷᠴᠢᠮ᠎ᠢ ᠰᠤᠯᠠᠷᠠᠭᠤᠯᠪᠠᠯ ᠶᠠᠮᠠᠷ ᠵᠡᠷᠭᠡ ᠪᠣᠢ? ᠡᠭᠦᠨ᠎ᠤ ᠲᠤᠬᠠᠢ ᠲᠥᠪ ᠬᠣᠷᠢᠶᠠᠨ᠎ᠤ ᠲᠦᠷᠦ ᠵᠢᠨ ᠪᠣᠳᠣᠯᠭ᠎ᠠ ᠪᠣᠯ ᠲᠣᠳᠣᠷᠬᠠᠢ ᠶᠤᠮ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠴᠢᠩᠭ᠋ᠠᠳᠬᠠᠬᠤ᠎ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭ᠋ᠠᠨ᠎ᠤ ᠦᠨ᠎ᠡ ᠬᠠᠩᠰᠢ ᠬᠡᠰᠡᠭ ᠬᠤᠭᠤᠴᠠᠭ᠋ᠠᠨ᠎ᠳᠤ ᠪᠣᠯᠤᠭᠰᠠᠨ᠎ᠠᠴᠠ ᠪᠣᠯᠣᠭ᠋ᠠᠳ ᠠᠮᠤ ᠪᠤᠳᠠᠭ᠋ᠠᠨ᠎ᠤ ᠦᠢ᠍ᠯᠡᠳᠪᠦᠷᠢᠯᠡᠯ ᠨᠢᠭᠡᠨᠲᠡ ᠵᠣᠪᠠᠭᠤ ᠤᠴᠢᠷ ᠦᠭᠡᠢ ᠪᠣᠯᠴᠢᠬᠠᠯ᠎ᠠ ᠭᠡᠵᠦ ᠬᠥᠩᠭᠡᠨ ᠬᠠᠭᠤᠳᠠᠮ ᠵᠶ᠋ᠠᠷ ᠬᠡᠯᠡᠵᠦ ᠶᠠᠭ᠋ᠠᠬᠢᠭᠰᠠᠨ ᠴᠤ᠌ ᠪᠣᠯᠬᠤ ᠦᠭᠡᠢ᠃ ᠨᠢᠭᠡ ᠲᠠᠯ᠎ᠠ᠎ᠪᠠᠷ᠂ ᠠᠮᠤ ᠪᠤᠳᠠᠭ᠋ᠠᠨ᠎ᠤ
ᠦᠢ᠍ᠯᠡᠳᠪᠦᠷᠢᠯᠡᠯ᠎ᠨᠢ ᠵᠣᠬᠢᠬᠤ ᠬᠡᠮᠵᠢᠶᠡᠨ᠎ᠳᠤ ᠮᠥᠨ ᠯᠡ ᠲᠡᠭᠷᠢ ᠵᠢᠨ ᠴᠢᠷᠠᠢ ᠵᠢ ᠬᠠᠷᠠᠨ ᠠᠮᠢᠳᠤᠷᠠᠵᠤ᠂ 《ᠬᠥᠮᠥᠨ ᠴᠢᠷᠮᠠᠢ᠌ᠬᠤ》 ᠲᠡᠳᠦᠢ ᠪᠢᠰᠢ ᠪᠠᠰᠠ 《ᠲᠡᠭᠷᠢ ᠵᠢᠨ ᠴᠢᠷᠠᠢ ᠵᠢ ᠬᠠᠷᠠᠬᠤ ᠴᠢᠬᠤᠯᠠᠲᠠᠢ ᠪᠠᠢ᠌ᠳᠠᠭ》᠃ ᠣᠢ᠌ᠷ᠎ᠠ ᠵᠢᠨ ᠵᠢᠯ᠎ᠤᠳ᠎ᠲᠤ ᠬᠡᠴᠡᠭᠦᠦ ᠴᠠᠭ ᠠᠭᠤᠷ ᠵᠡᠷᠭᠡ ᠪᠠᠢ᠌ᠭ᠋ᠠᠯᠢ ᠵᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠢ᠌ᠭ᠎ᠠ ᠪᠣᠯᠬᠣᠷ ᠲᠣᠭᠲᠠᠭᠤᠨ ᠪᠤᠰᠤ ᠬᠦᠴᠦᠨ ᠵᠦᠢ᠍ᠯ ᠮᠠᠰᠢ ᠤᠯᠠᠨ ᠪᠠᠢ᠌ᠨ᠎ᠠ᠂ ᠡᠢ᠌ᠮᠦ᠎ᠠᠴᠠ ᠡᠷᠬᠡᠪᠰᠢ ᠭᠠᠮᠰᠢᠭ᠎ᠢ ᠡᠰᠡᠷᠭᠦᠴᠡᠨ ᠡᠯᠪᠡᠭ ᠬᠤᠷᠢᠶᠠᠯᠲᠠ ᠵᠢ ᠲᠡᠮᠡᠴᠡᠨ ᠣᠯᠬᠤ᠎ᠳᠤ ᠰᠠᠭᠤᠷᠢᠯᠠᠵᠤ᠂ ᠬᠦᠴᠢᠷ ᠪᠡᠷᠬᠡᠰᠢᠶᠡᠯ᠎ᠢ ᠲᠡᠷᠢᠭᠦᠨ᠎ᠳᠤ ᠲᠠᠯᠪᠢᠵᠤ ᠂ ᠠᠮᠤᠷ ᠲᠦᠪᠰᠢᠨ ᠵᠶ᠋ᠠᠷ ᠬᠤᠷᠢᠶᠠᠯᠲᠠ ᠣᠯᠬᠤ ᠢᠯᠡᠳᠬᠡᠮᠵᠢ ᠵᠢ ᠨᠡᠩ ᠥᠨᠳᠥᠷ ᠪᠣᠯᠭ᠋ᠠᠬᠤ ᠬᠡᠷᠡᠭᠲᠡᠢ᠃ ᠨᠥᠭᠦᠭᠡ ᠲᠠᠯ᠎ᠠ᠎ᠪᠠᠷ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠡᠷᠡᠭᠴᠡᠭᠡ ᠪᠠᠰᠠ ᠲᠠᠰᠤᠷᠠᠯᠲᠠ ᠦᠭᠡᠢ ᠥᠷᠭᠡᠳᠴᠦ᠂ 14 ᠳ᠋ᠦᠩᠰᠢᠭᠤᠷ ᠭᠠᠷᠤᠢ ᠬᠥᠮᠥᠨ᠎ᠤ ᠢᠳᠡᠬᠦ ᠬᠤᠭᠤᠯᠠ ᠪᠠᠢ᠌ᠬᠤ ᠵᠢ ᠪᠠᠲᠤᠯᠠᠬᠤ ᠬᠡᠷᠡᠭᠲᠡᠢ ᠮᠥᠷᠲᠡᠭᠡᠨ ᠰᠠᠢ᠌ᠨ ᠬᠤᠭᠤᠯᠠ ᠢᠳᠡᠬᠦ ᠵᠢ ᠬᠦᠰᠡᠵᠦ ᠪᠠᠢ᠌ᠨ᠎ᠠ᠃ ᠤᠳᠤ ᠬᠡᠳᠦᠢ᠎ᠪᠠᠷ ᠬᠥᠮᠥᠰ᠎ᠤᠨ ᠬᠦᠨᠡᠰᠦᠨ ᠠᠮᠤ ᠢᠳᠡᠬᠦ ᠨᠢ ᠪᠠᠭ᠎ᠠ ᠪᠣᠯᠤᠭᠰᠠᠨ ᠴᠤ᠌ ᠮᠢᠬ᠎ᠠ᠂ ᠥᠨᠳᠡᠭᠡ᠂ ᠰᠦ ᠢᠳᠡᠬᠦ᠎ᠨᠢ ᠶᠡᠬᠡ ᠪᠣᠯᠪᠠ᠂ ᠡᠳᠡᠭᠡᠷ᠎ᠢ ᠴᠥᠮ ᠤᠯᠠᠮ᠎ᠠᠴᠠ ᠤᠯᠠᠮ ᠠᠷᠪᠢᠨ ᠲᠡᠵᠢᠭᠡᠯ ᠪᠣᠷᠳᠣᠭ᠋ᠠᠨ᠎ᠤ ᠠᠮᠤ᠎ᠠᠴᠠ ᠤᠯᠠᠷᠢᠭᠤᠯᠵᠤ ᠰᠢᠢ᠍ᠳᠪᠦᠷᠢᠯᠡᠬᠦ ᠴᠢᠬᠤᠯᠠ ᠲᠠᠢ᠃ ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠠᠩᠭ᠋ᠠᠯᠭ᠎ᠠ ᠶᠡᠷᠦᠩᠬᠡᠢ᠎ᠳᠤ᠎ᠪᠠᠨ ᠬᠡᠷᠡᠭᠴᠡᠭᠡᠨ᠎ᠠᠴᠠ᠎ᠪᠠᠨ ᠶᠡᠬᠡ ᠪᠢᠰᠢ᠂ ᠬᠠᠷᠢᠨ ᠮᠥᠨ ᠯᠡ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢᠲᠡᠢ ᠪᠠᠢ᠌ᠳᠠᠯ᠎ᠳᠤ᠎ᠪᠠᠨ ᠣᠷᠣᠰᠢᠵᠤ ᠪᠠᠢ᠌ᠨ᠎ᠠ᠃ ᠲᠡᠦᠬᠡᠨ ᠲᠤᠷᠰᠢᠯᠭ᠎ᠠ
ᠬᠠᠷᠠᠭᠤᠯᠤᠭᠰᠠᠨ ᠨᠢ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠭᠡᠭᠰᠢᠯᠡᠭᠦᠯᠬᠦ᠎ᠳᠤ ᠶᠡᠷᠦ᠎ᠨᠢ ᠮᠠᠰᠢ ᠬᠦᠴᠢᠷ᠂ ᠪᠠᠭᠤᠷᠠᠭᠤᠯᠬᠤ᠎ᠳᠤ ᠬᠠᠷᠢᠨ ᠬᠠᠷᠢᠴᠠᠩᠭᠤᠢ᠎ᠪᠠᠷ ᠠᠮᠠᠷᠬᠠᠨ ᠪᠠᠢ᠌ᠳᠠᠭ᠂ ᠠᠵᠢᠯ᠎ᠤᠨ ᠡᠷᠴᠢᠮ ᠵᠶ᠋ᠠᠨ ᠰᠤᠯᠠᠷᠠᠭᠤᠯᠤᠭᠰᠠᠨ᠎ᠠᠴᠠ ᠪᠣᠯᠣᠭ᠋ᠠᠳ ᠦᠢ᠍ᠯᠡᠳᠪᠦᠷᠢᠯᠡᠯ᠎ᠢ ᠶᠡᠬᠡ᠎ᠪᠠᠷ ᠳᠡᠭᠡᠭᠰᠢᠯᠡᠭᠦᠯᠵᠦ ᠶᠡᠬᠡ᠎ᠪᠠᠷ ᠪᠠᠭᠤᠷᠠᠭᠤᠯᠵᠤ ᠶᠠᠭ᠋ᠠᠬᠢᠭᠰᠠᠨ ᠴᠤ᠌ ᠪᠣᠯᠬᠤ ᠦᠭᠡᠢ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢ ᠦᠷᠭᠦᠯᠵᠢᠯᠡᠨ ᠲᠡᠷᠢᠭᠦᠨ ᠪᠠᠢ᠌ᠷᠢᠨ᠎ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠵᠦ᠂ ᠥᠪᠡᠷ᠎ᠤᠨ ᠪᠤᠳᠠᠭ᠋ᠠᠨ ᠠᠶᠠᠭ᠎ᠠ᠎ᠪᠠᠨ ᠭᠠᠷ᠎ᠲᠤ᠎ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠳᠤ ᠲᠦᠰᠢᠭᠯᠡᠨ ᠭᠠᠵᠠᠷ ᠰᠢᠷᠣᠢ ᠵᠢ ᠠᠯᠪᠠ᠎ᠪᠠᠷ ᠰᠢᠯᠵᠢᠭᠦᠯᠵᠦ ᠡᠷᠭᠢᠯᠳᠦᠭᠦᠯᠬᠦ ᠠᠵᠢᠯᠯᠠᠭ᠎ᠠ ᠵᠢ ᠡᠷᠡᠰ ᠵᠠᠯᠠᠷᠠᠭᠤᠯᠤᠨ᠎ᠠ
ᠡᠷᠦᠭᠡ᠎ᠳᠤ ᠳᠠᠭ᠋ᠠᠭ᠋ᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭ᠋ᠠᠭ᠋ᠠᠴᠢᠯᠠᠭᠰᠠᠨ ᠭᠠᠵᠠᠷ᠎ᠤᠨ 《ᠭᠤᠷᠪᠠᠨ ᠡᠷᠬᠡ ᠵᠢ ᠰᠠᠯᠭ᠋ᠠᠬᠤ》᠎ᠪᠠᠷ ᠳᠠᠮᠵᠢᠭᠤᠯᠤᠨ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠡᠮᠬᠢ ᠵᠢᠷᠤᠮ᠎ᠲᠠᠢ᠎ᠪᠠᠷ ᠰᠢᠯᠵᠢᠭᠦᠯᠦᠨ ᠡᠷᠭᠢᠯᠳᠦᠭᠦᠯᠬᠦ ᠵᠢ ᠬᠥᠲᠥᠯᠥᠨ ᠵᠢᠯᠤᠭᠣᠳᠴᠤ᠂ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠬᠦ ᠪᠣᠯ ᠤᠳᠤ ᠦᠶ᠎ᠡ ᠵᠢᠨ ᠲᠠᠷᠢᠶᠠᠯᠠᠩ᠎ᠢ ᠬᠥᠭᠵᠢᠭᠦᠯᠬᠦ ᠵᠢᠨ ᠵᠠᠢ᠌ᠯᠠᠰᠢ ᠦᠭᠡᠢ ᠶᠠᠪᠤᠬᠤ ᠵᠠᠮ ᠮᠥᠨ᠂ ᠪᠠᠰᠠ ᠴᠤ᠌ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠡᠬᠢᠵᠢᠭᠦᠯᠦᠨ ᠲᠡᠭᠦᠯᠳᠡᠷᠵᠢᠭᠦᠯᠬᠦ ᠵᠢᠨ ᠴᠢᠬᠤᠯᠠ ᠲᠠᠯ᠎ᠠ ᠮᠥᠨ᠃ ᠣᠢ᠌ᠷ᠎ᠠ ᠵᠢᠨ ᠵᠢᠯ᠎ᠤᠳ᠎ᠲᠤ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠲᠣᠭᠲᠠᠭᠤᠨ ᠪᠠᠢ᠌ᠵᠤ᠂ ᠳᠠᠭ᠋ᠠᠭ᠋ᠠᠴᠢᠯᠠᠯᠲᠠ ᠵᠢᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠵᠦ ᠪᠠᠢ᠌ᠬᠤ᠎ᠨᠢ ᠶᠡᠷᠦᠩᠬᠡᠢ᠎ᠳᠤ᠎ᠪᠠᠨ ᠵᠢᠷᠤᠮᠵᠢᠭᠤᠨ ᠪᠥᠭᠡᠳ ᠡᠮᠬᠢ ᠳᠢᠭᠯᠢᠮ᠎ᠲᠠᠢ ᠪᠠᠢ᠌ᠨ᠎ᠠ᠂ ᠭᠡᠪᠡᠴᠦ ᠵᠠᠷᠢᠮ ᠭᠠᠵᠠᠷ ᠣᠷᠣᠨ᠎ᠳᠤ ᠪᠠᠰᠠ ᠳᠦᠷᠢᠮ᠎ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ᠎ᠤᠳ ᠭᠠᠷᠴᠠᠢ᠂ ᠪᠢᠴᠢᠭ ᠮᠠᠲ᠋ᠧᠷᠢᠶᠠᠯ᠎ᠳᠤ ᠡᠭᠦᠨ᠎ᠤ ᠲᠤᠬᠠᠢ ᠴᠢᠬᠤᠯᠠᠴᠢᠯᠠᠭᠰᠠᠨ ᠪᠠᠢ᠌ᠨ᠎ᠠ᠃
ᠨᠢᠭᠡ᠎ᠳᠤ᠂ ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠣᠨᠣᠴᠠᠲᠠᠢ ᠠᠳᠬᠤᠨ᠎ᠠ᠃ ᠲᠥᠪ ᠬᠣᠷᠢᠶᠠᠨ᠎ᠤ ᠱᠠᠭ᠋ᠠᠷᠳᠠᠯᠭ᠎ᠠ ᠮᠠᠰᠢ ᠲᠣᠳᠣᠷᠬᠠᠢ ᠪᠠᠢ᠌ᠨ᠎ᠠ᠂ ᠳᠠᠭ᠋ᠠᠭ᠋ᠠᠴᠢᠯᠠᠭᠰᠠᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠬᠦ᠎ᠳᠤ ᠬᠠᠤᠯᠢ ᠶᠣᠰᠣᠭ᠋ᠠᠷ᠂ ᠰᠠᠨᠠᠭ᠋ᠠᠴᠢᠯᠠᠭ᠎ᠠ ᠵᠢᠨ᠂ ᠲᠥᠯᠥᠪᠦᠷᠢ᠎ᠲᠠᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ᠂ ᠳᠠᠭ᠋ᠠᠭ᠋ᠠᠴᠢᠯᠠᠭᠰᠠᠨ ᠲᠠᠷᠢᠶᠠᠴᠢᠨ ᠡᠷᠤᠭᠡ ᠵᠢᠨ ᠰᠠᠨᠠᠭ᠎ᠠ᠎ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ᠎ᠤᠨ ᠡᠷᠬᠡ ᠠᠰᠢᠭ᠎ᠢ ᠬᠣᠬᠢᠷᠠᠭᠤᠯᠵᠤ ᠪᠣᠯᠬᠤ ᠦᠭᠡᠢ᠂ ᠭᠠᠵᠠᠷ ᠰᠢᠷᠣᠢ ᠵᠢᠨ ᠬᠡᠷᠡᠭᠯᠡᠯᠲᠡ ᠵᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ᠎ᠤᠨ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠪᠠ ᠲᠠᠷᠢᠶᠠᠯᠠᠩ᠎ᠤᠨ ᠠᠮᠢ ᠠᠬᠤᠢ ᠣᠷᠴᠢᠨ ᠠᠬᠤᠢ ᠵᠢ ᠡᠪᠳᠡᠵᠦ ᠪᠣᠯᠬᠤ ᠦᠭᠡᠢ᠃ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠵᠢ ᠰᠠᠢ᠌ᠲᠤᠷ ᠡᠵᠡᠮᠳᠡᠵᠦ᠂ ᠬᠤᠳᠠ ᠪᠠᠯᠭ᠋ᠠᠰᠤᠵᠢᠯᠲᠠ ᠵᠢᠨ ᠠᠬᠢᠴᠠ ᠪᠠ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠰᠢᠯᠵᠢᠯᠲᠡ ᠵᠢᠨ ᠬᠡᠪᠴᠢᠶ᠎ᠡ᠎ᠯᠦᠭᠡ ᠵᠣᠬᠢᠴᠠᠭᠤᠯᠵᠤ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠪᠰᠢᠯᠳᠠ ᠪᠠ ᠦᠢ᠍ᠯᠡᠳᠪᠦᠷᠢᠯᠡᠯ᠎ᠤᠨ ᠠᠷᠭ᠎ᠠ ᠪᠠᠷᠢᠯ᠎ᠤᠨ ᠰᠠᠢ᠌ᠵᠢᠷᠠᠯᠲᠠ ᠵᠢᠨ ᠬᠡᠮᠵᠢᠶ᠎ᠡ᠎ᠯᠦᠭᠡ ᠵᠣᠬᠢᠴᠠᠭᠤᠯᠵᠤ᠂ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠬᠢᠷᠢ ᠲᠦᠪᠰᠢᠨ᠎ᠤ ᠳᠡᠭᠡᠭᠰᠢᠯᠡᠯᠲᠡᠯᠦᠭᠡ ᠵᠣᠬᠢᠴᠠᠭᠤᠯᠬᠤ ᠬᠡᠷᠡᠭᠲᠡᠢ᠃
ᠬᠣᠶᠠᠷ᠎ᠲᠤ᠂ ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠳᠦᠷᠢᠮ᠎ᠢ ᠲᠡᠭᠦᠯᠳᠡᠷᠵᠢᠭᠦᠯᠦᠨ᠎ᠡ᠃ ᠭᠣᠣᠯᠳᠠᠯᠭ᠎ᠠ᠎ᠨᠢ ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦᠢ ᠵᠢᠷᠤᠮᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠡᠷᠬᠡ ᠲᠡᠭᠰᠢ᠎ᠪᠠᠷ ᠬᠠᠮᠠᠭ᠋ᠠᠯᠠᠨ᠎ᠠ᠃ ᠡᠯ᠎ᠡ ᠭᠠᠵᠠᠷ᠎ᠤᠨ᠎ᠬᠢᠨ᠎ᠤ ᠰᠢᠯᠵᠢᠭᠦᠯᠦᠨ ᠡᠷᠭᠢᠯᠳᠦᠭᠦᠯᠬᠦ ᠦᠨ᠎ᠡ ᠵᠢᠨ ᠵᠢᠭ᠋ᠠᠯᠲᠠ ᠲᠣᠭ᠎ᠠ ᠵᠢ ᠨᠡᠢ᠌ᠲᠡᠯᠡᠬᠦ᠂ ᠪᠣᠳᠠᠲᠤ ᠶᠠᠭᠤᠮ᠎ᠠ᠎ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶᠢᠭ ᠵᠶ᠋ᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ᠎ᠢ ᠵᠦᠢ ᠵᠣᠬᠢᠰᠲᠠᠢ ᠬᠢᠷᠢ ᠲᠦᠪᠰᠢᠨ᠎ᠳᠤ ᠲᠣᠭᠲᠠᠪᠤᠷᠢᠵᠢᠭᠤᠯᠬᠤ ᠵᠢ ᠠᠬᠢᠭᠤᠯᠬᠤ ᠵᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠤᠭᠰᠠᠨ᠎ᠠᠴᠠ ᠲᠠᠷᠢᠶᠠᠴᠢᠳ᠎ᠤᠨ ᠠᠰᠢᠭ ᠲᠤᠰᠠ ᠵᠢ ᠬᠣᠬᠢᠷᠠᠭᠤᠯᠬᠤ᠎ᠠᠴᠠ ᠵᠠᠢ᠌ᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠤᠭᠰᠠᠨ᠎ᠠᠴᠠ ᠲᠠᠷᠢᠶᠠᠯᠠᠩ᠎ᠤᠨ ᠥᠷᠢᠰᠦᠯᠳᠦᠬᠦ ᠬᠦᠴᠦᠨ᠎ᠢ ᠨᠥᠯᠥᠭᠡᠯᠡᠬᠦ᠎ᠠᠴᠠ ᠰᠡᠷᠭᠡᠢ᠌ᠯᠡᠵᠦ ᠴᠢᠳᠠᠨ᠎ᠠ᠃
ᠭᠤᠷᠪᠠ᠎ᠳᠤ᠂ ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠳᠤ ᠲᠦᠰᠢᠭᠯᠡᠨ ᠭᠠᠵᠠᠷ ᠰᠢᠷᠣᠢ ᠵᠢ ᠠᠯᠪᠠᠳᠠᠯᠭ᠎ᠠ᠎ᠪᠠᠷ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠵᠢ ᠡᠷᠡᠰ ᠵᠠᠯᠠᠷᠠᠭᠤᠯᠤᠨ᠎ᠠ᠃ ᠳᠠᠭ᠋ᠠᠭ᠋ᠠᠴᠢᠯᠠᠯᠲᠠ ᠵᠢᠨ ᠭᠠᠵᠠᠷ᠎ᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠡᠰᠡᠬᠦ᠂ ᠦᠨ᠎ᠡ ᠬᠠᠩᠰᠢ ᠵᠢ ᠬᠡᠷᠬᠢᠨ ᠲᠣᠭᠲᠠᠭ᠋ᠠᠬᠤ᠂ ᠬᠡᠯᠪᠡᠷᠢ ᠵᠢ ᠬᠡᠷᠬᠢᠨ ᠰᠣᠩᠭᠣᠬᠤ ᠵᠢ ᠲᠣᠭᠲᠠᠭ᠋ᠠᠬᠤ ᠡᠷᠬᠡ᠎ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ᠎ᠤᠨ ᠬᠡᠯᠡᠭᠰᠡᠨ ᠵᠶ᠋ᠠᠷ ᠪᠣᠯᠭ᠋ᠠᠨ᠎ᠠ᠂ ᠭᠦᠢ᠍ᠴᠡᠳᠬᠡᠯ ᠲᠣᠭ᠎ᠠ ᠪᠠᠭᠤᠯᠭ᠋ᠠᠬᠤ᠂ ᠡᠭᠦᠷᠭᠡ ᠲᠣᠭᠲᠠᠭ᠋ᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ ᠲᠠᠷᠢᠶᠠᠴᠢᠳ᠎ᠢ ᠳᠠᠭ᠋ᠠᠭ᠋ᠠᠴᠢᠯᠠᠭᠰᠠᠨ ᠭᠠᠵᠠᠷ ᠰᠢᠷᠣᠢᠠᠴᠠᠨᠢ ᠠᠯᠪᠠᠳᠠᠯᠭ᠎ᠠ᠎ᠪᠠᠷ ᠰᠢᠬᠠᠨ ᠭᠠᠷᠭ᠋ᠠᠵᠤ ᠪᠣᠯᠬᠤ ᠦᠭᠡᠢ᠃ ᠵᠠᠷᠢᠮ ᠭᠠᠵᠠᠷ ᠣᠷᠣᠨ᠎ᠤ ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠡᠷᠢᠭᠦᠨ ᠨᠥᠬᠥᠴᠡᠯ ᠪᠣᠯᠭ᠋ᠠᠵᠤ᠂ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ᠎ᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠡᠰᠡᠬᠦᠯ᠎ᠡ ᠲᠥᠷᠥ ᠵᠢᠨ ᠪᠣᠳᠣᠯᠭ᠎ᠠ ᠵᠢᠨ ᠱᠠᠩᠨᠠᠯ᠎ᠳᠤ ᠣᠷᠣᠭᠤᠯᠵᠤ᠂ ᠭᠠᠵᠠᠷ ᠰᠢᠷᠣᠢ ᠵᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠨᠣᠷᠮ᠎ᠠ ᠵᠢ ᠲᠥᠯᠦᠪᠵᠢᠭᠦᠯᠭᠡ ᠵᠢᠨ ᠭᠦᠢ᠍ᠴᠡᠳᠬᠡᠯ ᠲᠣᠭ᠎ᠠ ᠪᠤᠶᠤ ᠲᠥᠷᠥᠯ ᠵᠦᠢ᠍ᠯ᠎ᠢ ᠮᠡᠳᠡᠭᠦᠯᠬᠦ ᠨᠥᠬᠥᠴᠡᠯ ᠪᠣᠯᠭ᠋ᠠᠬᠤ ᠵᠡᠷᠭᠡ ᠵᠣᠬᠢᠰ ᠦᠭᠡᠢ ᠪᠠ ᠪᠤᠷᠤᠭᠤ ᠠᠷᠭ᠎ᠠ ᠬᠢᠳᠡᠯ᠎ᠢ ᠴᠠᠭ ᠲᠤᠬᠠᠢᠳᠤᠨᠢ ᠵᠠᠯᠠᠷᠠᠭᠤᠯᠬᠤ ᠬᠡᠷᠡᠭᠲᠡᠢ ᠃