ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠣᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》 ᠵᠢ 6 ᠰᠠᠷ᠎ᠠ᠎ᠠᠴᠠ ᠡᠬᠢᠯᠡᠵᠦ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-05-10

      ᠰᠤᠷᠪᠤᠯᠵᠢᠯᠠᠬ᠍ᠴᠢ 21᠎ᠤ ᠡᠳᠦᠷ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ

ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠡᠨᠡ ᠵᠢᠯ᠎ᠤᠨ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠮᠠᠨ᠎ᠤ ᠤᠯᠤᠰ ᠬᠠᠮᠤᠭ᠎ᠤᠨ ᠰᠢᠨ᠎ᠡ ᠬᠡᠪᠯᠡᠯ᠎ᠤᠨ 《ᠣᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》 ᠵᠢ ᠬᠡᠷᠡᠭᠵᠢᠭᠦᠯᠵᠦ᠂ ᠮᠠᠨ᠎ᠤ ᠤᠯᠤᠰ᠎ᠤᠨ ᠤᠯᠤᠰ᠎ᠤᠨ ᠪᠠᠷᠢᠮᠵᠢᠶ᠎ᠠ ᠵᠢ ᠣᠯᠠᠨ ᠤᠯᠤᠰ᠎ᠤᠨ ᠪᠠᠷᠢᠮᠵᠢᠶ᠎ᠠ᠎ᠲᠠᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠲᠦᠷᠦᠭᠦᠬᠡᠨ 《ᠣᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠨ ᠨᠡᠢ᠌ᠲᠡᠯᠡᠵᠦ᠂ ᠣᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠠᠷᠢᠮᠵᠢᠶ᠎ᠠ ᠵᠢᠨ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠳᠣᠲᠣᠭ᠋ᠠᠳᠤ ᠭᠠᠳᠠᠭ᠋ᠠᠳᠤ ᠠᠷᠠᠯᠵᠢᠶ᠎ᠠ ᠵᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠲᠦᠷᠭᠡᠳᠬᠡᠨ ᠠᠬᠢᠭᠤᠯᠬᠤ ᠵᠢ ᠵᠣᠷᠢᠪᠠ᠃

      ᠤᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ ᠭᠡᠳᠡᠭ᠎ᠨᠢ ᠤᠯᠠᠨ ᠤᠯᠤᠰ᠎ᠤᠨ ᠪᠠᠷᠢᠮᠵᠢᠶ᠎ᠠ ᠵᠢᠨ ᠠᠭᠤᠯᠭ᠎ᠠ ᠵᠢ ᠮᠠᠨ᠎ᠤ ᠤᠯᠤᠰ᠎ᠤᠨ ᠤᠯᠤᠰ᠎ᠤᠨ ᠪᠠᠷᠢᠮᠵᠢᠶ᠎ᠠ᠎ᠲᠠᠢ ᠠᠳᠠᠯᠢ ᠲᠡᠩᠴᠡᠭᠦᠦ ᠪᠤᠶᠤ ᠵᠠᠰᠠᠪᠤᠷᠢ ᠣᠷᠣᠭᠤᠯᠤᠭ᠋ᠠᠳ ᠮᠠᠨ᠎ᠤ ᠤᠯᠤᠰ᠎ᠤᠨ ᠪᠠᠷᠢᠮᠵᠢᠶ᠎ᠠ ᠪᠣᠯᠭ᠋ᠠᠨ ᠣᠨᠳᠣᠣᠰᠢᠭᠤᠯᠬᠤ ᠵᠢ ᠵᠢᠭ᠋ᠠᠵᠤ ᠪᠠᠢ᠌ᠨ᠎ᠠ᠃ ᠬᠠᠮᠤᠭ ᠰᠢᠨ᠎ᠡ ᠬᠡᠪᠯᠡᠯ᠎ᠤᠨ ᠠᠷᠭ᠎ᠠ᠎ᠳᠤ ᠬᠡᠷᠡᠭᠯᠡᠭᠰᠡᠨ ᠣᠯᠠᠨ ᠤᠯᠤᠰ᠎ᠤᠨ ᠪᠠᠷᠢᠮᠵᠢᠶ᠎ᠠ ᠪᠣᠯ ᠭᠤᠷᠪᠠᠨ ᠲᠣᠮᠣ ᠣᠯᠠᠨ ᠤᠯᠤᠰ᠎ᠤᠨ ᠪᠠᠷᠢᠮᠵᠢᠶ᠎ᠠ ᠵᠢᠨ ᠵᠣᠬᠢᠶᠠᠨ ᠪᠠᠢ᠌ᠭᠤᠯᠤᠯᠲᠠ (ISO᠂ IEC᠂ ITU)᠎ᠠᠴᠠ ᠲᠣᠭᠲᠠᠭ᠋ᠠᠨ ᠨᠡᠢ᠌ᠲᠡᠯᠡᠭᠰᠡᠨ ᠪᠠᠷᠢᠮᠵᠢᠶ᠎ᠠ ᠪᠣᠯᠣᠨ᠎ᠠ᠃

      ᠠᠷᠭ᠎ᠠ᠎ᠳᠤ ᠣᠯᠠᠨ ᠤᠯᠤᠰ᠎ᠤᠨ ᠪᠠᠷᠢᠮᠵᠢᠶ᠎ᠠ ᠵᠢᠨ ᠪᠦᠭᠦ ᠶᠠᠪᠤᠴᠠ ᠵᠢ ᠮᠥᠷᠳᠡᠬᠦ ᠲᠣᠭᠲᠠᠴᠠ ᠵᠢ ᠪᠠᠢ᠌ᠭᠤᠯᠵᠤ᠂ ᠣᠯᠠᠨ ᠤᠯᠤᠰ᠎ᠤᠨ ᠪᠠᠷᠢᠮᠵᠢᠶ᠎ᠠ ᠵᠢᠨ  ᠵᠣᠬᠢᠶᠠᠨ ᠪᠠᠢ᠌ᠭᠤᠯᠤᠯᠲᠠ ᠵᠢᠨ ᠮᠡᠷᠭᠡᠵᠢᠯ᠎ᠤᠨ ᠪᠠᠢ᠌ᠭᠤᠯᠤᠮᠵᠢ᠎ᠯᠤᠭ᠎ᠠ ᠠᠵᠢᠯ ᠲᠥᠷᠥᠯ ᠨᠢᠭᠡᠲᠡᠢ ᠤᠯᠤᠰ᠎ᠤᠨ ᠳᠣᠲᠣᠭ᠋ᠠᠳᠤ ᠵᠢᠨ ᠪᠠᠢ᠌ᠭᠤᠯᠭ᠎ᠠ᠎ᠠᠴᠠ ᠬᠠᠮᠢᠶ᠎ᠠ ᠪᠦᠬᠦᠢ ᠣᠯᠠᠨ ᠤᠯᠤᠰ᠎ᠤᠨ ᠪᠠᠷᠢᠮᠵᠢᠶ᠎ᠠ ᠵᠢᠨ ᠬᠠᠮᠤᠭ᠎ᠤᠨ ᠰᠢᠨ᠎ᠡ ᠠᠬᠢᠴᠠ ᠪᠣᠯᠣᠨ ᠬᠥᠭᠵᠢᠯᠲᠡ ᠵᠢᠨ ᠬᠠᠨᠳᠤᠰᠢ ᠵᠢ ᠮᠥᠷᠳᠡᠨ ᠰᠤᠳᠤᠯᠬᠤ ᠬᠡᠷᠡᠭᠲᠡᠢ ᠭᠡᠵᠦ ᠳᠤᠷᠠᠳᠪᠠ᠃

      ᠠᠷᠭ᠎ᠠ᠎ᠳᠤ ᠤᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠭᠰᠡᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ ᠦᠶᠡᠯᠡᠯ᠎ᠤᠨ ᠬᠤᠭᠤᠴᠠᠭ᠋ᠠᠨ᠎ᠤ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠤᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠭᠰᠡᠨ ᠤᠯᠤᠰ᠎ᠤᠨ ᠪᠠᠷᠢᠮᠵᠢᠶ᠎ᠠ ᠵᠢᠨ ᠲᠥᠷᠥᠯ ᠵᠦᠢ᠍ᠯ᠎ᠢ ᠤᠷᠢᠳ ᠵᠶ᠋ᠠᠷ ᠬᠢᠨᠠᠨ ᠲᠣᠭᠲᠠᠭ᠋ᠠᠨ᠎ᠠ ᠭᠡᠵᠦ ᠲᠣᠳᠣᠷᠬᠠᠢ᠌ᠯᠠᠪᠠ᠃

      ᠡᠭᠦᠨ᠎ᠠᠴᠠ ᠭᠠᠳᠠᠨ᠎ᠠ᠂ ᠠᠷᠭ᠎ᠠ᠎ᠳᠤ ᠬᠡᠪᠯᠡᠯ᠎ᠤᠨ ᠡᠷᠬᠡ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠴᠢᠩᠭ᠋ᠠᠳᠬᠠᠵᠤ᠂ ᠤᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠭᠰᠡᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠦᠨᠡᠯᠡᠨ ᠵᠢᠱ᠌ᠢᠬᠦ᠂ ᠮᠡᠳᠡᠭᠦᠯᠦᠨ ᠵᠥᠪᠰᠢᠶᠡᠷᠡᠭᠦᠯᠵᠦ ᠬᠢᠨᠠᠨ ᠬᠠᠷᠭᠤᠭᠤᠯᠬᠤ᠂ ᠪᠠᠷᠢᠮᠵᠢᠶ᠎ᠠ ᠵᠢ ᠢᠯᠡ ᠪᠤᠯᠭ᠋ᠠᠬᠤ ᠵᠡᠷᠭᠡ ᠣᠯᠠᠨ ᠭᠣᠭᠴᠣᠭ᠎ᠠ᠎ᠠᠴᠠ ᠬᠡᠪᠯᠡᠯ᠎ᠤᠨ ᠡᠷᠬᠡ ᠵᠢᠨ ᠬᠠᠮᠠᠭ᠋ᠠᠯᠠᠯᠲᠠ᠎ᠳᠤ ᠱᠠᠭ᠋ᠠᠷᠳᠠᠯᠭ᠎ᠠ ᠳᠤᠷᠠᠳᠴᠤ᠂ ᠤᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠭᠰᠡᠨ ᠤᠯᠤᠰ᠎ᠤᠨ ᠪᠠᠷᠢᠮᠵᠢᠶ᠎ᠠ ᠵᠢᠨ ᠪᠢᠴᠢᠭ᠎ᠢ ᠢᠯᠡ ᠪᠤᠯᠭ᠋ᠠᠬᠤ᠎ᠳᠤ ᠮᠠᠨ᠎ᠤ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠵᠦ᠂ ᠣᠯᠠᠨ ᠤᠯᠤᠰ᠎ᠤᠨ  ᠪᠠᠷᠢᠮᠵᠢᠶ᠎ᠠ ᠵᠢᠨ ᠵᠣᠬᠢᠶᠠᠨ ᠪᠠᠢ᠌ᠭᠤᠯᠤᠯᠲᠠ ᠵᠢᠨ ᠬᠡᠪᠯᠡᠯ᠎ᠤᠨ ᠡᠷᠬᠡ ᠵᠢᠨ ᠲᠥᠷᠥ ᠵᠢᠨ ᠪᠣᠳᠣᠯᠭ᠎ᠠ ᠵᠢ ᠵᠢᠷᠤᠮᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠪᠠ᠃ ᠠᠷᠭ᠎ᠠ᠎ᠳᠤ ᠪᠠᠰᠠ ᠣᠯᠠᠨ ᠤᠯᠤᠰ᠎ᠤᠨ ᠪᠠᠷᠢᠮᠵᠢᠶ᠎ᠠ ᠵᠢ ᠬᠡᠷᠡᠭᠯᠡᠬᠦ᠎ᠳᠤ ᠬᠢᠨᠠᠯᠲᠠ ᠲᠠᠯᠪᠢᠬᠤ ᠪᠠ ᠪᠤᠷᠤᠭᠤ ᠵᠢ ᠵᠠᠯᠠᠷᠠᠭᠤᠯᠬᠤ ᠲᠣᠭᠲᠠᠴᠠ ᠵᠢ ᠲᠡᠭᠦᠯᠳᠡᠷᠵᠢᠭᠦᠯᠪᠡ᠃

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠣᠯᠠᠨ ᠤᠯᠤᠰ᠎ᠤᠨ ᠪᠠᠷᠢᠮᠵᠢᠶ᠎ᠠ ᠵᠢ ᠮᠥᠷᠳᠡᠬᠦ ᠣᠨᠳᠣᠣᠰᠢᠭᠤᠯᠬᠤ ᠠᠵᠢᠯ᠎ᠤᠨ ᠲᠠᠪᠴᠠᠩ ᠵᠶ᠋ᠠᠷ ᠳᠠᠮᠵᠢᠨ ᠣᠯᠠᠨ ᠤᠯᠤᠰ᠎ᠤᠨ ᠪᠠᠷᠢᠮᠵᠢᠶ᠎ᠠ ᠵᠢᠨ ᠬᠠᠮᠤᠭ᠎ᠤᠨ ᠰᠢᠨ᠎ᠡ ᠮᠡᠳᠡᠭᠡ ᠵᠠᠩᠭᠢ ᠵᠢ ᠴᠠᠭ ᠲᠤᠬᠠᠢ᠎ᠳᠤᠨᠢ ᠰᠢᠨᠡᠳᠬᠡᠵᠦ᠂ ᠮᠠᠨ᠎ᠤ ᠤᠯᠤᠰ᠎ᠤᠨ ᠤᠯᠤᠰ᠎ᠤᠨ ᠪᠠᠷᠢᠮᠵᠢᠶ᠎ᠠ ᠵᠢ ᠣᠯᠠᠨ ᠤᠯᠤᠰ᠎ᠤᠨ ᠪᠠᠷᠢᠮᠵᠢᠶ᠎ᠠ᠎ᠲᠠᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠠᠬᠢᠭᠤᠯᠤᠨ᠎ᠠ ᠭᠡᠵᠦ ᠢᠯᠡᠳᠬᠡᠪᠡ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            