ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠪᠠ (ᠨᠢᠭᠡ)
ᠨᠡᠶ᠋ᠢᠲᠡᠯᠡᠭᠰᠡᠨ ᠴᠠᠭ᠄ 2025-05-19

      ᠣᠢ᠌ᠷ᠎ᠠ᠎ᠳᠤ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ》 ᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠠᠷᠢᠨ ᠬᠢᠨᠠᠮᠠᠭ᠋ᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

      《ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ》 ᠎ᠤᠨ ᠪᠦᠭᠦ ᠠᠭᠤᠯᠭ᠎ᠠ᠎ᠨᠢ ᠳᠣᠣᠷᠠᠬᠢ ᠮᠡᠲᠦ᠃

      ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠣᠭᠲᠠᠭ᠋ᠠᠯ

      (2011 ᠣᠨ᠎ᠤ 4 ᠰᠠᠷ᠎ᠠ ᠵᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠠᠴᠠ ᠬᠢᠨᠠᠨ ᠵᠥᠪᠯᠡᠵᠦ ᠵᠥᠪᠰᠢᠶᠡᠷᠡᠪᠡ 2011 ᠣᠨ᠎ᠤ 5 ᠰᠠᠷ᠎ᠠ ᠵᠢᠨ 23᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ ᠨᠡᠢ᠌ᠲᠡᠯᠡᠪᠡ 2025 ᠣᠨ᠎ᠤ 3 ᠰᠠᠷ᠎ᠠ ᠵᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠵᠠᠰᠠᠪᠤᠷᠢ ᠣᠷᠣᠭᠤᠯᠪᠠ 2025 ᠣᠨ᠎ᠤ 3 ᠰᠠᠷ᠎ᠠ ᠵᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ ᠨᠡᠢ᠌ᠲᠡᠯᠡᠪᠡ)

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢ᠍ᠯ  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠵᠤ᠂  ᠬᠥᠳᠡᠭᠡ ᠲᠣᠰᠬᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠢ ᠴᠢᠩᠭ᠋ᠠᠳᠬᠠᠬᠤ ᠵᠢᠨ ᠲᠤᠰᠠᠳᠠ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠢᠭᠤᠨ ᠴᠢᠬᠡᠴᠢ᠎ᠪᠠᠷ ᠥᠪᠡᠷ᠎ᠢ᠎ᠪᠠᠨ ᠱᠠᠭ᠋ᠠᠷᠳᠠᠬᠤ ᠳᠦᠷᠢᠮ》᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠳᠦᠷᠢᠮ》  ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠣᠯᠣᠨ《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢ᠌ᠴᠠᠭ᠋ᠠᠬᠤ ᠬᠠᠤᠯᠢ》  ᠵᠡᠷᠭᠡ ᠬᠠᠤᠯᠢ ᠴᠠᠭ᠋ᠠᠵᠠ ᠵᠢ ᠦᠨᠳᠦᠰᠦᠯᠡᠨ᠂  ᠲᠤᠰ ᠲᠣᠭᠲᠠᠭ᠋ᠠᠯ᠎ᠢ ᠲᠣᠭᠲᠠᠭ᠋ᠠᠪᠠ᠃

      ᠬᠣᠶᠠᠳᠤᠭ᠋ᠠᠷ ᠵᠦᠢ᠍ᠯ  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠠᠵᠢᠯ᠎ᠢ ᠴᠢᠩᠭ᠋ᠠᠳᠬᠠᠬᠤ᠎ᠳᠤ᠂  ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂  ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂  ᠬᠥᠳᠡᠭᠡ ᠲᠣᠰᠬᠣᠨ᠎ᠤ ᠡᠷᠬᠡ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂  ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠳᠦᠰᠦᠨ ᠱᠠᠲᠤ ᠲᠡᠢ᠌ᠰᠢ ᠭᠦᠨᠵᠡᠭᠡᠢ᠌ᠷᠡᠭᠦᠯᠬᠦ᠂  ᠤᠯᠠᠨ ᠲᠦᠮᠡᠨ᠎ᠤ ᠳᠡᠷᠭᠡᠳᠡ ᠭᠦᠷᠲᠡᠯ᠎ᠡ ᠥᠷᠭᠡᠳᠬᠡᠬᠦ ᠵᠢ ᠠᠬᠢᠭᠤᠯᠵᠤ᠂  ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃

      ᠭᠤᠷᠪᠠᠳᠤᠭ᠋ᠠᠷ ᠵᠦᠢ᠍ᠯ  ᠲᠤᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠲᠤ ᠪᠠᠭᠲᠠᠬᠤ᠎ᠨᠢ᠄

      (ᠨᠢᠭᠡ)  ᠰᠢᠶᠠᠩ ᠪᠠᠯᠭ᠋ᠠᠰᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠬᠤ ᠪᠠᠭ᠎ᠤᠨ ᠪᠦᠷᠢᠯᠳᠦᠭᠦᠨ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠬᠠᠷᠢᠭᠤᠴᠠᠯᠭ᠋ᠠᠲᠠᠨ ᠵᠢᠴᠢ ᠰᠢᠶᠠᠩ ᠪᠠᠯᠭ᠋ᠠᠰᠤᠨ᠎ᠤ ᠪᠤᠰᠤᠳ ᠠᠵᠢᠯᠲᠠᠨ;

      (ᠬᠣᠶᠠᠷ)  ᠰᠢᠰᠲᠸᠮ᠎ᠤᠨ ᠬᠠᠮᠢᠶᠠᠷᠤᠯᠲᠠ ᠪᠤᠶᠤ ᠳᠠᠪᠬᠤᠷ ᠤᠳᠤᠷᠢᠳᠤᠯᠭ᠎ᠠ ᠵᠢ ᠬᠦᠯᠢᠶᠡᠬᠦ ᠵᠢ ᠬᠡᠷᠡᠭᠵᠢᠭᠦᠯᠬᠦ ᠵᠢᠨ ᠬᠠᠮᠲᠤ ᠳᠡᠭᠡᠳᠦ ᠱᠠᠲᠤᠨ᠎ᠤ ᠨᠢᠭᠡᠴᠢ ᠵᠢᠨ ᠤᠳᠤᠷᠢᠳᠤᠯᠭ᠎ᠠ᠎ᠪᠠᠷ ᠭᠣᠣᠯ ᠪᠤᠯᠭ᠋ᠠᠬᠰᠠᠨ ᠨᠢᠭᠡᠴᠢ᠂  ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠶᠠᠩ ᠪᠠᠯᠭ᠋ᠠᠰᠤ ᠵᠢᠨ ᠪᠠᠢ᠌ᠭᠤᠯᠤᠮᠵᠢ᠎ᠳᠤ ᠲᠣᠮᠢᠯᠠᠨ ᠰᠠᠭᠤᠭ᠎ᠠ ᠠᠵᠢᠯᠲᠠᠨ;

      (ᠭᠤᠷᠪᠠ) ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ᠂  ᠲᠣᠰᠬᠣᠨ᠎ᠤ ᠠᠷᠠᠳ᠎ᠤᠨ ᠵᠥᠪᠯᠡᠯ᠎ᠤᠨ ᠪᠦᠷᠢᠯᠳᠦᠭᠦᠨ᠂  ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠵᠥᠪᠯᠡᠯ ᠪᠣᠯᠣᠨ ᠪᠤᠰᠤᠳ ᠭᠡᠯᠪᠡᠷᠢ ᠵᠢᠨ ᠲᠣᠰᠬᠣᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠪᠦᠷᠢᠯᠳᠦᠭᠦᠨ᠂  ᠲᠣᠰᠬᠣᠨ᠎ᠤ ᠠᠷᠠᠳ᠎ᠤᠨ ᠳᠤᠭᠤᠢ᠌ᠯᠠᠩ᠎ᠤᠨ ᠬᠠᠷᠢᠭᠤᠴᠠᠯᠭ᠋ᠠᠲᠠᠨ ᠵᠢᠴᠢ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ᠂  ᠠᠵᠢᠯᠯᠠᠬᠤ ᠠᠩᠭᠢ ᠵᠢᠨ ᠭᠡᠰᠢᠭᠦᠨ;

      (ᠳᠥᠷᠪᠡ) ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠳᠠᠬᠢ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠭᠦᠨ᠂  ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠡᠷᠡᠭ ᠡᠷᠭᠢᠯᠡᠭᠴᠢᠳ᠎ᠤᠨ ᠬᠤᠷᠠᠯ᠎ᠤᠨ ᠪᠦᠷᠢᠯᠳᠦᠭᠦᠨ᠂  ᠬᠢᠨᠠᠭᠴᠢᠳ᠎ᠤᠨ ᠵᠥᠪᠯᠡᠯ᠎ᠤᠨ ᠪᠦᠷᠢᠯᠳᠦᠭᠦᠨ ᠪᠤᠶᠤ ᠬᠢᠨᠠᠭᠴᠢ᠂  ᠭᠣᠣᠯ ᠪᠤᠯᠬᠤ ᠡᠵᠡᠩᠨᠡᠯᠲᠡ ᠬᠠᠮᠢᠶᠠᠷᠤᠯᠲᠠ ᠵᠢᠨ

ᠠᠵᠢᠯᠳᠠᠨ;

      (ᠲᠠᠪᠤ)  ᠰᠢᠶᠠᠩ ᠪᠠᠯᠭ᠋ᠠᠰᠤ ᠪᠠ ᠭᠠᠴᠠᠭ᠋ᠠᠨ᠎ᠤ ᠱᠠᠲᠤᠨ᠎ᠤ ᠬᠡᠷᠡᠭ ᠶᠠᠪᠤᠳᠠᠯ᠎ᠢ ᠬᠠᠮᠢᠶᠠᠷᠬᠤ ᠪᠤᠰᠤᠳ

ᠠᠵᠢᠯᠲᠠᠨ᠃

      ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠎ᠲᠠᠢ ᠵᠡᠭᠡᠯᠢ ᠭᠤᠳᠤᠮᠵᠢ᠂  ᠨᠡᠢ᠌ᠭᠡᠮ ᠲᠣᠭᠣᠷᠢᠭ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯᠲᠠᠨ᠎ᠳᠤ ᠲᠣᠰ ᠲᠣᠭᠲᠠᠭ᠋ᠠᠯ᠎ᠢ ᠯᠠᠪᠯᠠᠯᠲᠠ ᠪᠣᠯᠭ᠋ᠠᠨ ᠬᠡᠷᠡᠭᠯᠡᠨ᠎ᠡ᠃

      ᠳᠥᠷᠪᠡᠳᠦᠭᠡᠷ ᠵᠦᠢ᠍ᠯ  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠪᠡᠶᠡᠯᠡᠭᠦᠯᠬᠦ ᠴᠢᠬᠤᠯᠠᠲᠠᠢ᠎ᠨᠢ᠄

      (ᠨᠢᠭᠡ) ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠵᠤ᠂  ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂  ᠤᠯᠠᠨ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠪᠡᠶᠡᠯᠡᠭᠦᠯᠵᠦ᠂  ᠰᠠᠢ᠌ᠲᠤᠷ ᠬᠠᠮᠠᠭ᠋ᠠᠯᠠᠵᠤ᠂  ᠰᠠᠢ᠌ᠲᠤᠷ ᠬᠥᠭᠵᠢᠭᠦᠯᠬᠦ ᠭᠡᠷᠡᠭᠲᠡᠢ;

      (ᠬᠣᠶᠠᠷ) ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠢ ᠪᠠᠳᠠᠷᠠᠭᠤᠯᠵᠤ᠂  ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂  ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂  ᠠᠷᠠᠳ ᠲᠦᠮᠡᠨ᠎ᠳᠤ ᠦᠢ᠍ᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠭᠦ ᠭᠡᠷᠡᠭᠳᠡᠢ;

      (ᠭᠤᠷᠪᠠ) ᠨᠠᠮ᠎ᠤᠨ ᠳᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠪᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂  ᠲᠥᠪ ᠭᠣᠣᠯᠴᠢ ᠠᠷᠢᠭᠤᠨ ᠴᠢᠬᠡᠴᠢ᠂  ᠲᠤᠰᠢᠶᠠᠯ ᠬᠠᠷᠢᠭᠤᠴᠠᠯᠭ᠎ᠠ᠎ᠪᠠᠨ ᠵᠢᠷᠤᠮᠵᠢᠩᠭᠤᠢ ᠭᠦᠢ᠍ᠴᠡᠳᠬᠡᠵᠦ᠂  ᠤᠬᠠᠮᠰᠠᠷ᠎ᠠᠴᠠ᠎ᠪᠠᠨ ᠬᠢᠨᠠᠯᠲᠠ ᠲᠠᠯᠪᠢᠬᠤ ᠵᠢ ᠬᠦᠯᠢᠶᠡᠬᠦ ᠭᠡᠷᠡᠭᠳᠡᠢ;

      (ᠳᠥᠷᠪᠡ) ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠲᠦᠷᠦᠭᠦᠯᠡᠨ ᠦᠢ᠍ᠯᠡᠳᠦᠯᠭᠡᠵᠢᠭᠦᠯᠵᠦ᠂  ᠰᠢᠨ᠎ᠡ ᠴᠠᠭ ᠦᠶ᠎ᠡ ᠵᠢᠨ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠵᠤ᠂  ᠬᠠᠭᠤᠴᠢᠨ ᠪᠣᠯᠬᠢ ᠳᠠᠳᠬᠠᠯ᠎ᠢ ᠥᠭᠡᠷᠡᠴᠢᠯᠡᠬᠦ ᠵᠢ ᠠᠬᠢᠭᠤᠯᠵᠤ᠂  ᠪᠣᠯᠪᠠᠰᠤᠨ ᠨᠤᠲᠤᠭ᠎ᠤᠨ ᠰᠤᠷᠲᠠᠯ᠎ᠢ ᠪᠠᠢ᠌ᠭᠤᠯᠬᠤ ᠬᠡᠷᠡᠭᠲᠡᠢ᠃

      ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠨᠠᠮ᠎ᠤᠨ ᠬᠣᠷᠢᠶ᠎ᠠ ᠢᠯᠠᠩᠭᠤᠶ᠎ᠠ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂  ᠨᠠᠮ᠎ᠤᠨ ᠠᠵᠢᠯ᠎ᠤᠨ ᠰᠠᠯᠠᠭ᠎ᠠ ᠮᠥᠴᠢᠷ᠎ᠤᠨ ᠪᠣᠳᠠᠲᠠᠢ ᠬᠠᠷᠢᠭᠤᠴᠠᠯᠭ᠎ᠠ ᠵᠢ ᠴᠢᠩᠭ᠋ᠠᠳᠬᠠᠵᠤ᠂  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠵᠢ ᠴᠢᠬᠤᠯᠠ ᠠᠵᠢᠯ ᠪᠣᠯᠭ᠋ᠠᠨ ᠴᠢᠩᠭ᠎ᠠ ᠠᠳᠬᠤᠵᠤ ᠪᠣᠳᠠᠲᠠᠢ ᠠᠳᠬᠤᠵᠤ᠂  ᠬᠢᠨᠠᠯᠲᠠ ᠲᠠᠯᠪᠢᠬᠤ ᠬᠦᠴᠦᠨ᠎ᠢ ᠨᠡᠢ᠌ᠳᠬᠡᠵᠦ᠂  ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃  ᠡᠯ᠎ᠡ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠢᠯᠠᠩᠭᠤᠶ᠎ᠠ ᠰᠢᠶᠠᠨ᠎ᠤ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠠᠳᠠᠯᠢ ᠱᠠᠲᠤᠨ᠎ᠤ ᠨᠠᠮ᠎ᠤᠨ ᠬᠣᠷᠢᠶ᠎ᠠ ᠵᠢ ᠬᠠᠮᠵᠢᠨ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂  ᠤᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ᠃

      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠢᠯᠠᠩᠭᠤᠶ᠎ᠠ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠣᠰᠣᠭ᠋ᠠᠷ ᠬᠠᠮᠢᠶᠠᠷᠤᠯᠲᠠ ᠬᠢᠨᠠᠯᠲᠠ᠎ᠪᠠᠨ ᠴᠢᠩᠭ᠋ᠠᠳᠬᠠᠵᠤ᠂  ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠺᠠᠳ᠋ᠷ᠎ᠤᠨ ᠤᠬᠠᠮᠰᠠᠷ᠎ᠠᠴᠠ᠎ᠪᠠᠨ ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠢ᠃

      ᠬᠣᠶᠠᠳᠤᠭ᠋ᠠᠷ ᠪᠦᠯᠦᠭ  ᠠᠷᠢᠭᠤᠨ ᠴᠢᠬᠡᠴᠢ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠢ᠍ᠯᠡ ᠠᠵᠢᠯᠯᠠᠭ᠎ᠠ ᠵᠢᠨ ᠵᠢᠷᠤᠮᠵᠢᠯ

      ᠵᠢᠷᠭᠤᠳᠤᠭ᠋ᠠᠷ ᠵᠦᠢ᠍ᠯ   ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠨᠥᠬᠥᠪᠦᠷᠢ ᠪᠡᠯᠡ ᠮᠥᠩᠭᠥ ᠣᠯᠭᠣᠬᠤ ᠶᠠᠪᠤᠴᠠ᠎ᠳᠤ ᠡᠵᠡᠯᠡᠨ ᠠᠪᠬᠤ᠂  ᠨᠡᠭᠦᠯᠭᠡᠨ ᠬᠡᠷᠡᠭᠯᠡᠬᠦ ᠵᠢ ᠴᠠᠭ᠋ᠠᠵᠠᠯᠠᠨ᠎ᠠ᠃  ᠡᠭᠦᠨ᠎ᠳᠤ ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ)  ᠬᠤᠳᠠᠯ ᠵᠶ᠋ᠠᠷ ᠮᠡᠳᠡᠭᠦᠯᠬᠦ᠂  ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠵᠶ᠋ᠠᠷ ᠨᠥᠬᠥᠪᠦᠷᠢ ᠪᠡᠯᠡ ᠮᠥᠩᠭᠥ ᠵᠢ ᠮᠡᠬᠡᠯᠡᠨ ᠠᠪᠬᠤ;

      (ᠬᠣᠶᠠᠷ)  ᠨᠥᠬᠥᠪᠦᠷᠢ ᠪᠡᠯᠡ ᠮᠥᠩᠭᠥ ᠵᠢ ᠳᠤᠮᠳᠠ᠎ᠠᠴᠠ᠎ᠨᠢ ᠦᠯᠡᠳᠡᠭᠡᠭᠦ;

      (ᠭᠤᠷᠪᠠ)  ᠬᠥᠳᠡᠭᠡ ᠠᠵᠤ ᠠᠬᠤᠢ ᠵᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠨᠥᠬᠥᠪᠦᠷᠢ ᠪᠡᠯᠡ ᠮᠥᠩᠭᠥ ᠵᠢ ᠡᠵᠡᠯᠡᠨ ᠠᠪᠬᠤ᠂  ᠨᠡᠭᠦᠯᠭᠡᠨ ᠬᠡᠷᠡᠭᠯᠡᠬᠦ ᠪᠤᠰᠤᠳ ᠦᠢ᠍ᠯᠡ ᠠᠵᠢᠯᠯᠠᠭ᠎ᠠ᠃

      ᠳᠣᠯᠣᠳᠤᠭ᠋ᠠᠷ ᠵᠦᠢ᠍ᠯ  ᠬᠥᠳᠡᠭᠡ ᠲᠣᠰᠬᠣᠨ᠎ᠤ ᠬᠠᠮᠲᠤ ᠵᠢᠨ ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠤᠮᠳᠠ ᠡᠷᠬᠡ ᠪᠠᠷᠢᠨ ᠳᠤᠷ᠎ᠠ᠎ᠪᠠᠷ ᠵᠶ᠋ᠠᠨ ᠠᠭ᠋ᠠᠰᠢᠯᠠᠵᠤ᠂  ᠬᠤᠪᠢ ᠵᠢᠨ ᠠᠰᠢᠭ ᠣᠯᠬᠤ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ) 《ᠲᠢᠴᠢ ᠬᠠᠳᠠᠭ᠋ᠠᠯᠠᠮᠵᠢ》  ᠭᠠᠷᠭ᠋ᠠᠵᠤ᠂  ᠬᠠᠮᠲᠤ ᠨᠡᠢ᠌ᠲᠡ ᠵᠢᠨ ᠠᠰᠢᠭ ᠣᠷᠣᠯᠭ᠎ᠠ ᠵᠢ ᠨᠢᠭᠤᠨ ᠳᠠᠯᠳᠠᠯᠠᠵᠤ᠂  ᠦᠯᠡᠳᠡᠭᠡᠨ ᠠᠪᠴᠤ᠂  ᠣᠷᠣᠯᠠᠵᠤ ᠵᠠᠷᠤᠬᠤ᠂  ᠵᠠᠷᠤᠯᠭ᠎ᠠ᠎ᠪᠠᠨ ᠬᠤᠳᠠᠯ ᠵᠶ᠋ᠠᠷ ᠵᠢᠭᠰᠠᠭ᠋ᠠᠨ ᠬᠡᠷᠡᠭᠯᠡᠬᠦ᠂  ᠬᠠᠮᠲᠤ ᠨᠡᠢ᠌ᠲᠡ ᠵᠢᠨ ᠪᠡᠯᠡ ᠮᠥᠩᠭᠥ ᠵᠢ ᠲᠣᠭᠲᠠᠭ᠋ᠠᠯ᠎ᠠᠴᠠ ᠵᠥᠷᠢᠴᠡᠨ ᠵᠢᠭᠡᠯᠡᠭᠦᠯᠬᠦ᠂  ᠡᠰᠡᠬᠦᠯ᠎ᠡ ᠵᠣᠭᠣᠰ ᠵᠢᠭᠡᠯᠡᠬᠦ᠂  ᠣᠷᠣᠯᠠᠨ ᠥᠭᠬᠦ᠂  ᠬᠣᠷᠰᠢᠨ ᠡᠵᠡᠩᠨᠡᠬᠦ ᠵᠡᠷᠭᠡ ᠨᠡᠷ᠎ᠡ᠎ᠪᠠᠷ ᠬᠠᠮᠲᠤ ᠨᠡᠢ᠌ᠲᠡ ᠵᠢᠨ ᠪᠡᠯᠡ ᠮᠥᠩᠭᠥ ᠵᠢ ᠤᠷᠲᠤ ᠬᠤᠭᠤᠴᠠᠭ᠎ᠠ᠎ᠪᠠᠷ ᠥᠷᠢᠲᠦᠬᠦ ᠪᠤᠶᠤ ᠭᠡᠯᠪᠡᠷᠢ ᠵᠢ᠎ᠨᠢ ᠥᠭᠡᠷᠡᠲᠦᠭᠦᠯᠦᠨ ᠡᠵᠡᠯᠡᠨ ᠭᠡᠷᠡᠭᠯᠡᠭᠦ;

      (ᠬᠣᠶᠠᠷ)  ᠬᠠᠮᠲᠤ ᠵᠢᠨ ᠡᠳ᠋ ᠬᠥᠷᠥᠩᠭᠡ ᠵᠢ ᠢᠯᠭ᠋ᠠᠷᠠᠭᠤᠯᠤᠨ ᠪᠠᠢ᠌ᠴᠠᠭ᠋ᠠᠬᠤ ᠳᠤᠮᠳᠠ ᠮᠡᠳᠡᠭᠦᠯᠬᠦ ᠦᠭᠡᠢ ᠨᠢᠭᠤᠬᠤ᠂  ᠣᠷᠬᠢᠭᠳᠠᠭᠤᠯᠤᠨ ᠮᠡᠳᠡᠭᠦᠯᠬᠦ᠂  ᠳᠣᠣᠷ᠎ᠠ ᠦᠨ᠎ᠡ᠎ᠪᠠᠷ ᠰᠢᠢ᠍ᠳᠪᠦᠷᠢᠯᠡᠬᠦ᠂  ᠦᠨ᠎ᠡ ᠲᠥᠯᠥᠪᠦᠷᠢ ᠦᠭᠡᠢ᠎ᠪᠠᠷ ᠡᠵᠡᠯᠡᠨ ᠬᠡᠷᠡᠭᠯᠡᠬᠦ ᠪᠤᠶᠤ ᠪᠡᠯᠭᠡᠳᠡᠯ᠎ᠤᠨ ᠴᠢᠨᠠᠷᠲᠠᠢ ᠵᠣᠭᠣᠰ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠣᠰᠬᠣᠨ᠎ᠤ ᠬᠠᠮᠲᠤ ᠵᠢᠨ ᠭᠡᠷ ᠪᠠᠢ᠌ᠰᠢᠩ᠂  ᠪᠡᠯᠡᠳᠬᠡᠮᠵᠢ ᠲᠥᠬᠦᠭᠡᠷᠦᠮᠵᠢ ᠵᠡᠷᠭᠡ ᠬᠠᠮᠲᠤ ᠵᠢᠨ ᠡᠳ᠋ ᠬᠥᠷᠥᠩᠭᠡ ᠵᠢ ᠡᠵᠡᠯᠡᠨ ᠬᠡᠷᠡᠭᠯᠡᠬᠦ᠂  ᠡᠰᠡᠬᠦᠯ᠎ᠡ ᠬᠠᠮᠲᠤ ᠵᠢᠨ ᠡᠳ᠋ ᠬᠥᠷᠥᠩᠭᠡ᠎ᠪᠠᠷ ᠲᠤᠰ ᠬᠥᠮᠥᠨ ᠪᠤᠶᠤ ᠪᠤᠰᠤᠳ ᠬᠥᠮᠥᠨ᠎ᠤ ᠥᠷᠢ ᠥᠭᠴᠡᠭᠡ ᠵᠢ ᠪᠠᠲᠤᠯᠠᠨ ᠳᠠᠭ᠋ᠠᠭ᠋ᠠᠬᠤ;

      (ᠭᠤᠷᠪᠠ) ᠬᠠᠤᠯᠢ ᠲᠣᠭᠲᠠᠭ᠋ᠠᠯ᠎ᠢ ᠵᠥᠷᠢᠴᠡᠨ ᠬᠠᠮᠲᠤ ᠵᠢᠨ ᠭᠠᠵᠠᠷ ᠰᠢᠷᠣᠢ ᠵᠢ ᠳᠠᠭ᠋ᠠᠭ᠋ᠠᠴᠢᠯᠠᠭᠤᠯᠤᠭᠰᠠᠨ᠂  ᠲᠠᠷᠢᠶᠠᠴᠢᠨ ᠡᠷᠦᠭᠡ ᠵᠢᠨ ᠳᠠᠭ᠋ᠠᠭ᠋ᠠᠴᠢᠯᠠᠭᠰᠠᠨ ᠭᠠᠵᠠᠷ ᠰᠢᠷᠣᠢ ᠵᠢ ᠲᠣᠬᠢᠷᠠᠭᠤᠯᠤᠨ ᠬᠣᠷᠢᠶᠠᠨ ᠠᠪᠤᠭᠰᠠᠨ᠂  ᠳᠠᠭ᠋ᠠᠭ᠋ᠠᠴᠢᠯᠠᠨ ᠡᠵᠡᠩᠨᠡᠬᠦ ᠲᠤᠬᠠᠢ ᠵᠢᠨ ᠬᠥᠮᠥᠨ᠎ᠢ ᠭᠠᠵᠠᠷ ᠰᠢᠷᠣᠢ ᠳᠠᠭ᠋ᠠᠭ᠋ᠠᠴᠢᠯᠠᠨ ᠡᠵᠡᠩᠨᠡᠬᠦ ᠡᠷᠬᠡ᠎ᠪᠠᠨ ᠬᠠᠷᠢᠯᠴᠠᠨ ᠰᠣᠯᠢᠬᠤ᠂  ᠰᠢᠯᠵᠢᠭᠦᠯᠦᠨ ᠥᠭᠬᠦ ᠪᠤᠶᠤ ᠭᠠᠵᠠᠷ ᠰᠢᠷᠣᠢ ᠡᠵᠡᠩᠨᠡᠬᠦ ᠡᠷᠬᠡ᠎ᠪᠠᠨ ᠡᠷᠭᠢᠯᠲᠡ᠎ᠳᠤ ᠣᠷᠣᠭᠤᠯᠬᠤ ᠶᠠᠪᠤᠳᠠᠯ᠎ᠢ ᠠᠯᠪᠠᠳᠠᠭᠰᠠᠨ᠂  ᠬᠠᠷᠰᠢᠯᠠᠭᠰᠠᠨ᠂  ᠡᠰᠡᠬᠦᠯ᠎ᠡ ᠭᠠᠵᠠᠷ ᠰᠢᠷᠣᠢ ᠳᠠᠭ᠋ᠠᠭ᠋ᠠᠴᠢᠯᠠᠨ ᠡᠵᠡᠩᠨᠡᠬᠦ ᠡᠷᠬᠡ᠎ᠪᠠᠨ ᠬᠠᠷᠢᠯᠴᠠᠨ ᠰᠣᠯᠢᠬᠤ᠂ ᠰᠢᠯᠵᠢᠭᠦᠯᠦᠨ ᠥᠭᠬᠦ ᠪᠤᠶᠤ ᠭᠠᠵᠠᠷ ᠰᠢᠷᠣᠢ ᠡᠵᠡᠩᠨᠡᠬᠦ ᠡᠷᠬᠡ᠎ᠪᠠᠨ ᠡᠷᠭᠢᠯᠲᠡ᠎ᠳᠤ ᠣᠷᠣᠭᠤᠯᠵᠤ ᠣᠯᠣᠭᠰᠠᠨ ᠠᠰᠢᠭ ᠣᠯᠵᠠᠪᠤᠷᠢ ᠵᠢ ᠳᠤᠷ᠎ᠠ᠎ᠪᠠᠷ ᠵᠶ᠋ᠠᠨ ᠦᠯᠡᠳᠡᠭᠡᠨ ᠠᠪᠴᠤ᠂  ᠰᠠᠭᠤᠯᠭ᠋ᠠᠨ ᠲᠤᠰᠢᠶᠠᠯᠭ᠋ᠠᠬᠤ;

      (ᠳᠥᠷᠪᠡ) ᠬᠠᠤᠯᠢ ᠲᠣᠭᠲᠠᠭ᠋ᠠᠯ᠎ᠢ ᠵᠥᠷᠢᠴᠡᠨ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ ᠭᠤᠶᠤᠴᠢᠯᠠᠬᠤ᠂  ᠬᠡᠷᠡᠭᠯᠡᠬᠦ ᠤᠴᠢᠷ ᠶᠠᠪᠤᠳᠠᠯ᠎ᠢ ᠰᠢᠢ᠍ᠳᠪᠦᠷᠢᠯᠡᠵᠦ᠂  ᠲᠤᠰᠬᠤᠨ᠎ᠤ ᠠᠷᠠᠳ᠎ᠤᠨ ᠬᠦᠰᠡᠯ ᠰᠠᠨᠠᠭ᠎ᠠ᠎ᠠᠴᠠ ᠵᠥᠷᠢᠴᠡᠨ ᠣᠷᠣᠨ ᠰᠠᠭᠤᠴᠠ ᠵᠢᠨ ᠭᠠᠵᠠᠷ᠎ᠢ ᠠᠯᠪᠠᠳᠠᠨ ᠡᠷᠭᠢᠯᠲᠡ᠎ᠳᠤ ᠣᠷᠣᠭᠤᠯᠤᠭᠰᠠᠨ᠂  ᠡᠰᠡᠬᠦᠯ᠎ᠡ ᠲᠤᠰᠬᠤᠨ᠎ᠤ ᠠᠷᠠᠳ᠎ᠤᠨ ᠬᠠᠤᠯᠢ ᠶᠣᠰᠣᠭ᠋ᠠᠷ ᠣᠯᠣᠭᠰᠠᠨ ᠣᠷᠣᠨ ᠰᠠᠭᠤᠴᠠ ᠵᠢᠨ ᠭᠠᠵᠠᠷ᠎ᠢ ᠬᠠᠤᠯᠢ ᠵᠢ ᠵᠥᠷᠢᠴᠡᠨ ᠬᠣᠷᠢᠶᠠᠨ ᠠᠪᠴᠤ᠂  ᠣᠷᠣᠨ ᠰᠠᠭᠤᠴᠠ ᠵᠢᠨ ᠭᠠᠵᠠᠷ᠎ᠠᠴᠠ ᠤᠬᠤᠷᠢᠨ ᠭᠠᠷᠬᠤ ᠵᠢ ᠲᠤᠰᠬᠤᠨ᠎ᠤ ᠠᠷᠠᠳ᠎ᠢ ᠬᠣᠲᠠ᠎ᠳᠤ ᠡᠷᠦᠭᠡ ᠠᠮᠠ ᠣᠷᠣᠭᠤᠯᠬᠤ ᠨᠥᠬᠥᠴᠡᠯ ᠪᠤᠯᠭ᠋ᠠᠵᠤ᠂  ᠲᠤᠰᠬᠤᠨ᠎ᠤ ᠠᠷᠠᠳ᠎ᠢ ᠠᠯᠪᠠᠳᠠᠵᠤ ᠪᠠᠢ᠌ᠭ᠋ᠠᠳ ᠨᠡᠭᠦᠯᠭᠡᠨ ᠰᠢᠯᠵᠢᠭᠦᠯᠵᠦ ᠣᠷᠣᠨ ᠰᠠᠭᠤᠴᠠ ᠵᠢᠨ ᠭᠠᠵᠠᠷ᠎ᠠᠴᠠ ᠭᠠᠷᠭ᠋ᠠᠬᠤ;

      (ᠲᠠᠪᠤ) ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠮᠳᠠ᠎ᠪᠠᠷ ᠬᠤᠳᠠᠯᠳᠤᠬᠤ᠂  ᠲᠦᠷᠢᠶᠡᠰᠦᠯᠡᠭᠦᠯᠬᠦ ᠵᠡᠷᠭᠡ ᠵᠠᠷᠤᠳᠠᠯ᠎ᠢ ᠡᠵᠡᠯᠡᠬᠦ᠂  ᠨᠡᠭᠦᠯᠭᠡᠨ ᠭᠡᠷᠡᠭᠯᠡᠭᠦ;

      (ᠵᠢᠷᠭᠤᠭ᠎ᠠ)  ᠭᠠᠵᠠᠷ ᠰᠢᠷᠣᠢ ᠲᠠᠲᠠᠪᠤᠷᠢᠯᠠᠭᠰᠠᠨ ᠲᠥᠯᠥᠪᠦᠷᠢ ᠰᠦᠢ᠍ᠳᠬᠡᠯ ᠪᠠ ᠬᠣᠯᠪᠣᠭᠳᠠᠯ ᠪᠦᠬᠦᠢ ᠪᠤᠰᠤᠳ ᠰᠦᠢ᠍ᠳᠬᠡᠯ᠎ᠢ ᠡᠵᠡᠯᠡᠨ ᠠᠪᠬᠤ᠂  ᠨᠡᠭᠦᠯᠭᠡᠨ ᠭᠡᠷᠡᠭᠯᠡᠭᠦ;

      (ᠳᠣᠯᠣᠭ᠎ᠠ) ᠬᠠᠤᠯᠢ ᠲᠣᠭᠲᠠᠭ᠋ᠠᠯ᠎ᠠᠴᠠ ᠵᠥᠷᠢᠴᠡᠨ ᠬᠠᠮᠲᠤ ᠵᠢᠨ ᠥᠮᠴᠢᠯᠡᠯ᠎ᠤᠨ ᠭᠠᠵᠠᠷ ᠰᠢᠷᠣᠢ ᠪᠣᠯᠣᠨ ᠣᠶ ᠰᠢᠭᠤᠢ᠂  ᠠᠭᠤᠯᠠ ᠳᠠᠪᠠᠭ᠎ᠠ᠂  ᠨᠤᠲᠤᠭ ᠪᠡᠯᠴᠢᠭᠡᠷ᠂  ᠠᠲᠠᠷ ᠭᠠᠵᠠᠷ᠂  ᠭᠣᠣᠯ᠎ᠤᠨ ᠰᠠᠢ᠌ᠷᠭ᠋ᠠᠯ ᠵᠡᠷᠭᠡ ᠡᠬᠢ ᠪᠠᠶᠠᠯᠢᠭ᠎ᠢ ᠲᠠᠲᠠᠪᠤᠷᠢᠯᠠᠨ ᠡᠵᠡᠯᠡᠬᠦ᠂  ᠡᠵᠡᠯᠡᠬᠦ᠂ 《ᠲᠦᠷᠢᠶᠡᠰᠦᠯᠡᠬᠦ᠎ᠪᠠᠷ ᠲᠠᠲᠠᠪᠤᠷᠢᠯᠠᠬᠤ ᠵᠢ ᠣᠷᠣᠯᠠᠭᠤᠯᠵᠤ》  ᠰᠢᠯᠵᠢᠭᠦᠯᠦᠨ ᠬᠡᠷᠡᠭᠯᠡᠬᠦ᠂  ᠡᠰᠡᠬᠦᠯ᠎ᠡ ᠲᠠᠷᠢᠶᠠᠨ ᠭᠠᠵᠠᠷ᠂ ᠣᠢ᠌ᠲᠤ ᠭᠠᠵᠠᠷ᠂  ᠡᠪᠡᠰᠦᠲᠦ ᠲᠠᠯ᠎ᠠ ᠵᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠬᠠᠮᠠᠭ᠋ᠠᠯᠠᠬᠤ ᠵᠡᠷᠭᠡ ᠠᠵᠢᠯ᠎ᠤᠨ ᠳᠤᠮᠳᠠ ᠬᠢᠨᠠᠯᠲᠠ ᠲᠠᠯᠪᠢᠬᠤ᠎ᠨᠢ ᠬᠦᠴᠦᠨ ᠦᠭᠡᠢ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠮᠢᠶᠠᠷᠬᠤ ᠦᠭᠡᠢ ᠪᠠᠢ᠌ᠬᠤ;

      (ᠨᠠᠢ᠍ᠮᠠ)  ᠬᠥᠳᠡᠭᠡ ᠲᠣᠰᠬᠣᠨ᠎ᠤ ᠬᠠᠮᠲᠤ ᠵᠢᠨ ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠤᠮᠳᠠ ᠡᠷᠬᠡ ᠪᠠᠷᠢᠨ ᠳᠤᠷ᠎ᠠ᠎ᠪᠠᠷ ᠵᠶ᠋ᠠᠨ ᠠᠭ᠋ᠠᠰᠢᠯᠠᠵᠤ᠂  ᠬᠤᠪᠢ ᠵᠢᠨ ᠠᠰᠢᠭ ᠣᠯᠬᠤ ᠪᠤᠰᠤᠳ ᠦᠢ᠍ᠯᠡ ᠠᠵᠢᠯᠯᠠᠭ᠎ᠠ᠃

      ᠨᠠᠢ᠍ᠮᠠᠳᠤᠭ᠋ᠠᠷ ᠵᠦᠢ᠍ᠯ  ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠬᠠᠮᠢᠶᠠᠷᠤᠯᠲᠠ ᠵᠢᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂  ᠨᠡᠢ᠌ᠲᠡ ᠵᠢ ᠬᠣᠬᠢᠷᠠᠭᠤᠯᠵᠤ ᠪᠡᠶ᠎ᠡ᠎ᠪᠠᠨ ᠪᠣᠷᠳᠣᠬᠤ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ)  ᠲᠥᠷᠥᠯ ᠵᠦᠢ᠍ᠯ᠎ᠢ ᠬᠤᠳᠠᠯ ᠵᠶ᠋ᠠᠷ ᠵᠢᠭᠰᠠᠭ᠋ᠠᠬᠤ᠂  ᠪᠠᠷᠢᠯᠭ᠎ᠠ ᠵᠢᠨ ᠬᠡᠮᠵᠢᠶ᠎ᠡ ᠵᠢ ᠬᠤᠳᠠᠯ ᠵᠶ᠋ᠠᠷ ᠨᠡᠮᠡᠭᠳᠡᠭᠦᠯᠬᠦ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂  ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠂  ᠬᠥᠳᠡᠭᠡ ᠲᠣᠰᠬᠣᠨ᠎ᠤ ᠣᠯᠠᠨ ᠨᠡᠢ᠌ᠲᠡ ᠵᠢᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂  ᠬᠥᠳᠡᠭᠡ ᠲᠣᠰᠬᠣᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂  ᠬᠥᠳᠡᠭᠡ ᠲᠣᠰᠬᠣᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ ᠵᠡᠷᠭᠡ ᠲᠥᠷᠥᠯ ᠵᠦᠢ᠍ᠯ᠎ᠤᠨ ᠪᠡᠯᠡ ᠮᠥᠩᠭᠥ ᠵᠢ ᠮᠡᠬᠡᠯᠡᠨ ᠠᠪᠬᠤ;

      (ᠬᠣᠶᠠᠷ)  ᠬᠥᠳᠡᠭᠡ ᠲᠣᠰᠬᠣᠨ᠎ᠤ ᠪᠠᠷᠢᠯᠭ᠎ᠠ ᠵᠢᠨ ᠲᠥᠷᠥᠯ ᠵᠦᠢ᠍ᠯ᠎ᠳᠤ ᠬᠤᠳᠠᠯ ᠬᠠᠭᠤᠷᠮᠠᠭ ᠵᠶ᠋ᠠᠷ ᠳᠠᠭ᠋ᠠᠭ᠋ᠠᠴᠢᠯᠠᠯᠲᠠ ᠵᠠᠷᠯᠠᠵᠤ᠂ ᠳᠠᠭ᠋ᠠᠭ᠋ᠠᠴᠢᠯᠠᠯᠲᠠ ᠬᠦᠯᠢᠶᠡᠭᠴᠢ᠎ᠯᠦᠭᠡ ᠰᠥᠯᠪᠡᠭᠡᠯᠳᠦᠵᠦ ᠪᠠᠢ᠌ᠭ᠋ᠠᠳ ᠳᠠᠭ᠋ᠠᠭ᠋ᠠᠴᠢᠯᠠᠯᠲᠠ ᠬᠦᠯᠢᠶᠡᠬᠦ ᠪᠤᠶᠤ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠴᠢᠯᠠᠯᠲᠠ ᠵᠠᠷᠯᠠᠬᠤ ᠦᠭᠡᠢ᠂  ᠳᠠᠭ᠋ᠠᠭ᠋ᠠᠴᠢᠯᠠᠯᠲᠠ ᠵᠠᠷᠯᠠᠬᠤ᠎ᠠᠴᠠ ᠵᠠᠢ᠌ᠯᠠᠬᠤ;

      (ᠭᠤᠷᠪᠠ)  ᠬᠥᠳᠡᠭᠡ ᠲᠣᠰᠬᠣᠨ᠎ᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠲᠣᠭᠲᠠᠭ᠋ᠠᠯ᠎ᠠᠴᠠ ᠵᠥᠷᠢᠴᠡᠨ ᠬᠠᠮᠢᠶᠠᠷᠬᠤ᠂  ᠭᠠᠷ ᠲᠥᠷᠥᠭᠦ;

      (ᠳᠥᠷᠪᠡ)  ᠲᠤᠰ ᠬᠥᠮᠥᠨ᠎ᠤ ᠬᠠᠮᠢᠶᠠᠷᠴᠤ ᠪᠠᠢ᠌ᠭ᠎ᠠ ᠭᠠᠵᠠᠷ ᠣᠷᠣᠨ ᠪᠠ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠠᠬᠢ ᠵᠦᠢ᠍ᠯᠡᠰ᠎ᠢ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠨ ᠠᠪᠤᠭᠰᠠᠨ᠂  ᠡᠰᠡᠬᠦᠯ᠎ᠡ ᠡᠷᠬᠡ ᠲᠤᠰᠢᠶᠠᠯ ᠪᠤᠶᠤ ᠡᠭᠦᠷᠭᠡ ᠲᠤᠰᠢᠶᠠᠯ᠎ᠤᠨ ᠵᠶ᠋ᠠᠨ ᠨᠥᠯᠥᠭᠡ ᠵᠢ ᠠᠰᠢᠭᠯᠠᠨ ᠬᠠᠨᠢ ᠨᠥᠬᠥᠷ᠂  ᠦᠷ᠎ᠡ ᠬᠡᠦᠬᠡᠳ ᠵᠢᠴᠢ ᠲᠡᠭᠦᠨ᠎ᠤ ᠬᠠᠨᠢ ᠨᠥᠬᠥᠷ ᠵᠡᠷᠭᠡ ᠲᠦᠷᠦᠯ ᠰᠠᠳᠤᠨ ᠪᠠ ᠪᠤᠰᠤᠳ ᠣᠨᠴᠠᠭ᠋ᠠᠢ ᠬᠠᠷᠢᠴᠠᠭ᠎ᠠ᠎ᠲᠠᠢ ᠬᠥᠮᠥᠨ᠎ᠢ ᠬᠠᠪᠰᠤᠷᠤᠨ ᠲᠤᠰ ᠬᠥᠮᠥᠨ᠎ᠤ ᠬᠠᠮᠢᠶᠠᠷᠴᠤ ᠪᠠᠢ᠌ᠭ᠎ᠠ ᠭᠠᠵᠠᠷ ᠣᠷᠣᠨ ᠪᠠ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠠᠬᠢ ᠵᠦᠢ᠍ᠯᠡᠰ᠎ᠢ ᠳᠠᠭ᠋ᠠᠭ᠋ᠠᠨ ᠠᠪᠤᠬᠰᠠᠨ;

      (ᠲᠠᠪᠤ)  ᠰᠢᠶᠠᠩ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂  ᠨᠡᠢ᠌ᠲᠡ ᠵᠢ ᠬᠣᠬᠢᠷᠠᠭᠤᠯᠵᠤ ᠪᠡᠶ᠎ᠡ᠎ᠪᠠᠨ ᠪᠣᠷᠳᠣᠭᠰᠠᠨ ᠪᠤᠰᠤᠳ ᠦᠢ᠍ᠯᠡ ᠠᠵᠢᠯᠯᠠᠭ᠎ᠠ᠃

      ᠶᠢᠰᠦᠳᠦᠭᠡᠷ ᠵᠦᠢ᠍ᠯ  ᠬᠥᠳᠡᠭᠡ ᠲᠣᠰᠬᠣᠨ᠎ᠤ ᠨᠡᠢ᠌ᠭᠡᠮ᠎ᠤᠨ ᠬᠠᠮᠢᠶᠠᠷᠤᠯᠲᠠ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂  ᠭᠤᠶᠠᠴᠢᠯᠠᠨ ᠬᠠᠤᠯᠢ ᠶᠣᠰᠣ ᠵᠢ ᠵᠥᠷᠢᠴᠡᠬᠦ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ)  ᠬᠥᠳᠡᠭᠡ ᠲᠣᠰᠬᠣᠨ᠎ᠤ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠥᠷᠥᠯ᠎ᠤᠨ ᠠᠵᠢᠯ᠎ᠤᠨ ᠪᠠᠢ᠌ᠷᠢ ᠵᠢᠨ ᠠᠵᠢᠯᠲᠠᠨ ᠤᠷᠢᠵᠤ ᠬᠡᠷᠡᠭᠯᠡᠬᠦ᠂  ᠬᠥᠳᠡᠭᠡ ᠲᠣᠰᠬᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠰᠢᠨᠡᠳᠬᠡᠬᠦ᠂  ᠵᠡᠮᠳᠡᠭ᠎ᠢ ᠰᠢᠯᠭ᠋ᠠᠨ ᠲᠣᠭᠲᠠᠭ᠋ᠠᠬᠤ᠂  ᠣᠷᠣᠯᠭ᠎ᠠ ᠪᠠᠭ᠋ᠠᠲᠠᠢ ᠬᠥᠮᠥᠨ ᠠᠮᠠ ᠵᠢ ᠬᠢᠨᠠᠨ ᠲᠣᠭᠲᠠᠭ᠋ᠠᠬᠤ ᠵᠢᠴᠢ ᠪᠤᠰᠤᠳ ᠨᠡᠢ᠌ᠭᠡᠮ᠎ᠤᠨ ᠪᠠᠲᠤᠯᠠᠭ᠎ᠠ᠂  ᠨᠡᠢ᠌ᠭᠡᠮ᠎ᠤᠨ ᠠᠪᠤᠷᠠᠨ ᠲᠤᠰᠠᠯᠠᠯᠲᠠ᠂  ᠲᠥᠷᠥ ᠵᠢᠨ ᠪᠣᠳᠣᠯᠭ᠎ᠠ ᠵᠢᠨ ᠳᠡᠮᠵᠢᠯᠭᠡ᠂  ᠭᠠᠮᠰᠢᠭ᠎ᠠᠴᠠ ᠠᠪᠤᠷᠠᠨ ᠲᠡᠳᠬᠦᠬᠦ ᠵᠣᠭᠣᠰ ᠮᠥᠩᠭᠥ ᠡᠳ᠋ ᠪᠣᠳᠠᠰ᠎ᠢ ᠬᠤᠪᠢᠶᠠᠷᠢᠯᠠᠬᠤ ᠵᠡᠷᠭᠡ ᠵᠦᠢ᠍ᠯᠡᠰ᠎ᠲᠤ᠂  ᠲᠥᠷᠥᠯ ᠰᠠᠳᠤᠨ ᠨᠠᠢ᠌ᠵᠠ ᠨᠥᠬᠥᠳ᠎ᠲᠡᠭᠡᠨ ᠬᠠᠷᠠᠭ᠋ᠠᠯᠵᠠᠯ ᠦᠵᠡᠭᠦᠯᠵᠦ᠂  ᠡᠷᠬᠡ ᠲᠡᠭᠰᠢ ᠵᠢ ᠢᠯᠡᠳᠲᠡ ᠠᠯᠳᠠᠬᠤ;

      (ᠬᠣᠶᠠᠷ)  ᠲᠤᠰᠬᠤᠨ᠎ᠤ ᠠᠷᠠᠳ᠎ᠤᠨ ᠭᠦᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠵᠦᠢ ᠵᠣᠬᠢᠰᠲᠠᠢ ᠵᠣᠭᠣᠰ᠎ᠢ ᠵᠣᠷᠢᠭᠤᠳᠠ ᠥᠷᠢᠲᠦᠵᠦ᠂  ᠰᠠᠭᠤᠳᠬᠠᠨ ᠠᠪᠤᠭᠰᠠᠨ᠂  ᠡᠰᠡᠬᠦᠯ᠎ᠡ ᠭᠠᠮᠰᠢᠭ᠎ᠠᠴᠠ ᠠᠪᠤᠷᠠᠵᠤ ᠠᠪᠤᠷᠠᠨ ᠲᠤᠰᠠᠯᠠᠬᠤ᠂  ᠨᠥᠬᠥᠪᠦᠷᠢ᠂  ᠲᠤᠰᠠᠯᠠᠮᠵᠢ ᠵᠢᠨ ᠮᠥᠩᠭᠥ᠂  ᠡᠳ᠋ ᠪᠣᠳᠠᠰ᠎ᠢ ᠰᠢᠯᠵᠢᠭᠦᠯᠦᠨ ᠥᠭᠬᠦ ᠵᠢ ᠤᠳᠠᠭ᠋ᠠᠰᠢᠷᠠᠭᠤᠯᠬᠤ;

      (ᠭᠤᠷᠪᠠ)  ᠬᠡᠪᠴᠢᠶ᠎ᠡ᠂  ᠪᠠᠷᠢᠮᠵᠢᠶ᠎ᠠ᠎ᠠᠴᠠ ᠬᠡᠲᠦᠷᠡᠭᠦᠯᠦᠨ ᠲᠣᠰᠬᠣᠨ᠎ᠤ ᠠᠷᠠᠳ᠎ᠠᠴᠠ ᠪᠡᠯᠡ ᠴᠤᠭᠯᠠᠭᠤᠯᠵᠤ ᠭᠦᠳᠡᠯᠮᠦᠷᠢ ᠬᠦᠴᠦ ᠭᠠᠷᠭ᠋ᠠᠯᠭ᠋ᠠᠬᠤ᠂  ᠵᠠᠷᠤᠳᠠᠯ ᠲᠡᠰᠬᠡᠨ ᠨᠣᠭᠳᠠᠭᠤᠯᠬᠤ ᠪᠤᠶᠤ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂  ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ᠂  ᠠᠵᠤ ᠠᠬᠤᠢ᠌ᠯᠠᠯ ᠵᠡᠷᠭᠡ᠎ᠠᠴᠠ ᠳᠤᠷ᠎ᠠ᠎ᠪᠠᠷ ᠵᠶ᠋ᠠᠨ ᠪᠡᠯᠡ ᠴᠤᠭᠯᠠᠭᠤᠯᠵᠤ᠂  ᠳᠤᠷ᠎ᠠ᠎ᠪᠠᠷ ᠵᠶ᠋ᠠᠨ ᠲᠡᠰᠬᠡᠨ ᠨᠣᠭᠳᠠᠭᠤᠯᠵᠤ᠂  ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ;

      (ᠳᠥᠷᠪᠡ)  ᠴᠢᠯᠡᠭᠡ ᠲᠠᠢ᠌ᠯᠬᠤ ᠮᠥᠩᠭᠥ᠂  ᠲᠠᠯᠠᠷᠬᠠᠯ᠎ᠤᠨ ᠮᠥᠩᠭᠥ᠂  ᠦᠢ᠍ᠯᠡᠴᠢᠯᠡᠭᠡᠨ᠎ᠤ ᠵᠠᠷᠤᠳᠠᠯ ᠵᠡᠷᠭᠡ ᠨᠡᠷ᠎ᠡ᠎ᠪᠠᠷ ᠲᠣᠰᠬᠣᠨ᠎ᠤ ᠠᠷᠠᠳ ᠪᠣᠯᠣᠨ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂  ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ᠂  ᠠᠵᠤ ᠠᠬᠤᠢ᠌ᠯᠠᠯ ᠵᠡᠷᠭᠡ᠎ᠠᠴᠠ ᠡᠳ᠋ ᠪᠣᠳᠠᠰ ᠠᠪᠬᠤ ᠪᠤᠶᠤ ᠢᠯᠡᠷᠬᠡᠢ ᠳᠣᠣᠷ᠎ᠠ ᠦᠨ᠎ᠡ᠎ᠪᠠᠷ ᠲᠦᠷᠢᠶᠡᠰᠦᠯᠡᠨ ᠬᠡᠷᠡᠭᠯᠡᠬᠦ᠂  ᠵᠢᠭᠡᠯᠡᠬᠦ ᠨᠡᠷ᠎ᠡ᠎ᠪᠠᠷ ᠲᠣᠰᠬᠣᠨ᠎ᠤ ᠠᠷᠠᠳ ᠪᠣᠯᠣᠨ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂  ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ᠂  ᠠᠵᠤ ᠠᠬᠤᠢ᠌ᠯᠠᠯ ᠵᠡᠷᠭᠡ᠎ᠠᠴᠠ ᠡᠳ᠋ ᠪᠣᠳᠠᠰ ᠠᠪᠬᠤ;

      (ᠲᠠᠪᠤ)  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠤ ᠲᠠᠰᠤᠯᠤᠯᠲᠠ ᠵᠢᠨ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠬᠦ ᠪᠤᠶᠤ ᠬᠠᠤᠯᠢ ᠬᠡᠷᠡᠭᠵᠢᠭᠦᠯᠬᠦ ᠡᠷᠬᠡ᠎ᠪᠠᠨ ᠠᠰᠢᠭᠯᠠᠨ ᠬᠤᠪᠢ ᠵᠢᠨ ᠠᠰᠢᠭ ᠤᠯᠬᠤ;

      (ᠵᠢᠷᠭᠤᠭ᠎ᠠ)  ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠂  ᠨᠠᠰᠤᠵᠢᠯ᠎ᠤᠨ ᠠᠰᠠᠷᠠᠮᠵᠢ ᠨᠠᠢ᠌ᠳᠠᠨ ᠬᠥᠮᠥᠵᠢᠭᠦᠯᠬᠦ ᠵᠡᠷᠭᠡ ᠲᠣᠰᠬᠣᠨ᠎ᠤ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠳᠤᠮᠳᠠ ᠬᠤᠪᠢ ᠵᠢᠨ ᠠᠰᠢᠭ ᠣᠯᠬᠤ;

      (ᠳᠣᠯᠣᠭ᠎ᠠ) ᠰᠢᠶᠠᠩ ᠲᠣᠰᠬᠣᠨ᠎ᠤ ᠨᠡᠢ᠌ᠭᠡᠮ᠎ᠤᠨ ᠬᠠᠮᠢᠶᠠᠷᠤᠯᠲᠠ ᠪᠣᠯᠣᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂  ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃

      ᠠᠷᠪᠠᠳᠤᠭ᠋ᠠᠷ ᠵᠦᠢ᠍ᠯ  ᠲᠤᠰᠬᠤᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠰᠣᠩᠭᠣᠭᠤᠯᠢ᠎ᠳᠤ ᠳᠡᠮᠵᠢᠯᠭᠡ ᠣᠯᠬᠤ᠎ᠪᠠᠷ ᠬᠡᠭᠡᠯᠢ ᠲᠦᠯᠬᠢᠬᠦ᠂  ᠰᠣᠩᠭᠣᠭᠤᠯᠢ ᠵᠢ ᠡᠪᠳᠡᠬᠦ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ)  ᠲᠣᠭᠲᠠᠭᠰᠠᠨ ᠳᠡᠰ ᠳᠠᠷᠠᠭ᠋ᠠᠯᠠᠯ᠎ᠢ ᠵᠥᠷᠢᠴᠡᠨ ᠰᠣᠩᠭᠣᠭᠤᠯᠢ ᠵᠢ ᠵᠣᠬᠢᠶᠠᠨ ᠪᠠᠢ᠌ᠭᠤᠯᠵᠤ᠂  ᠣᠷᠣᠯᠴᠠᠬᠰᠠᠨ᠂  ᠡᠰᠡᠬᠦᠯ᠎ᠡ ᠰᠣᠩᠭᠣᠭᠤᠯᠢ ᠵᠢᠨ ᠪᠢᠯᠧᠲ᠎ᠢ ᠬᠠᠭᠤᠷᠮᠠᠭᠯᠠᠨ ᠵᠣᠬᠢᠶᠠᠵᠤ᠂  ᠰᠣᠩᠭᠣᠭᠤᠯᠢ ᠵᠢᠨ

ᠪᠢᠯᠧᠲ᠎ᠤᠨ ᠲᠣᠭ᠎ᠠ ᠵᠢ ᠬᠤᠳᠠᠯ ᠵᠶ᠋ᠠᠷ ᠮᠡᠳᠡᠭᠦᠯᠵᠦ᠂  ᠰᠣᠩᠭᠣᠭᠤᠯᠢ ᠵᠢᠨ ᠦᠷ᠎ᠡ ᠳ᠋ᠦᠩ᠎ᠢ ᠥᠭᠡᠷᠡᠲᠦᠭᠦᠯᠭᠦ;

      (ᠬᠣᠶᠠᠷ)  ᠬᠦᠴᠦᠷᠬᠡᠭᠯᠡᠬᠦ᠂  ᠰᠦᠷᠳᠡᠭᠦᠯᠬᠦ᠂  ᠮᠡᠬᠡᠯᠡᠬᠦ᠂  ᠬᠡᠭᠡᠯᠢ ᠲᠦᠯᠬᠢᠬᠦ᠂  ᠰᠦᠯᠪᠡᠭᠡᠯᠡᠬᠦ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠲᠤᠰᠬᠤᠨ᠎ᠤ ᠠᠷᠠᠳ᠎ᠤᠨ ᠰᠣᠩᠭᠣᠬᠤ ᠡᠷᠬᠡ ᠪᠠ ᠰᠣᠩᠭᠣᠭᠳᠠᠬᠤ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠬᠦ ᠵᠢ ᠬᠠᠷᠰᠢᠯᠠᠬᠰᠠᠨ;

      (ᠭᠤᠷᠪᠠ)  ᠬᠠᠷ᠎ᠠ ᠬᠠᠷᠭᠢᠰ ᠬᠦᠴᠦᠨ᠂  ᠣᠪᠣᠭ ᠲᠥᠷᠥᠯ᠎ᠤᠨ ᠬᠦᠴᠦᠨ᠂  ᠱᠠᠰᠢᠨ ᠰᠤᠷᠲᠠᠬᠤᠨ᠎ᠤ ᠬᠦᠴᠦᠨ᠎ᠢ ᠠᠰᠢᠭᠯᠠᠨ ᠰᠣᠩᠭᠣᠭᠤᠯᠢ ᠵᠢ ᠬᠠᠷᠰᠢᠯᠠᠬᠤ᠂  ᠵᠠᠬᠢᠷᠬᠤ᠂  ᠡᠪᠳᠡᠭᠦ;

      (ᠳᠥᠷᠪᠡ)  ᠰᠣᠩᠭᠣᠭᠤᠯᠢ ᠵᠢᠨ ᠵᠢᠱ᠌ᠢᠭᠳᠡᠭᠰᠡᠳ᠎ᠢ ᠭᠦᠳᠬᠡᠨ ᠭᠦᠵᠢᠷᠯᠡᠵᠦ᠂  ᠴᠤᠤᠷᠬᠠᠯ ᠲᠠᠯᠪᠢᠨ ᠭᠦᠳᠭᠡᠭᠦ;

      (ᠲᠠᠪᠤ)  ᠲᠤᠰᠬᠤᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠰᠣᠩᠭᠣᠭᠤᠯᠢ᠎ᠳᠤ ᠳᠡᠮᠵᠢᠯᠭᠡ ᠣᠯᠬᠤ᠎ᠪᠠᠷ ᠬᠡᠭᠡᠯᠢ ᠲᠦᠯᠬᠢᠬᠦ᠂  ᠰᠣᠩᠭᠣᠭᠤᠯᠢ ᠵᠢ ᠡᠪᠳᠡᠭᠰᠡᠨ ᠪᠤᠰᠤᠳ ᠠᠵᠢᠯᠯᠠᠭ᠎ᠠ᠎ᠨᠤᠭᠤᠳ᠃

      ᠠᠷᠪᠠᠨ ᠨᠢᠭᠡᠳᠦᠭᠡᠷ ᠵᠦᠢ᠍ᠯ  ᠬᠡᠯᠪᠡᠷᠢᠴᠢ ᠦᠵᠡᠯ᠂  ᠨᠣᠶᠠᠨᠴᠢ ᠰᠤᠷᠲᠠᠯ᠂  ᠵᠢᠷᠭ᠋ᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠶᠠᠪᠤᠭᠤᠯᠬᠤ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ) ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ 《ᠳᠦᠷᠢ ᠲᠥᠷᠬᠦ ᠵᠢᠨ ᠢᠨᠵᠧᠨᠧᠷᠢᠩ》 ᠂ 《ᠠᠵᠢᠯ᠎ᠤᠨ ᠪᠦᠲᠦᠮᠵᠢ ᠵᠢᠨ ᠢᠨᠵᠧᠨᠧᠷᠢᠩ》 ᠎ᠢ ᠭᠢᠭᠦ;

      (ᠬᠣᠶᠠᠷ)  ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠪᠠ ᠡᠭᠦᠷᠭᠡ ᠪᠠᠢ᠌ᠷᠢᠯᠠᠭᠤᠯᠬᠤ᠎ᠳᠤ 《ᠨᠢᠭᠡ ᠯᠡ ᠠᠳᠠᠯᠢ᠎ᠪᠠᠷ ᠱᠠᠭ᠋ᠠᠷᠳᠠᠬᠤ》᠂  ᠮᠧᠬᠠᠨᠢᠭ ᠵᠶ᠋ᠠᠷ ᠬᠡᠷᠡᠭᠵᠢᠭᠦᠯᠬᠦ᠂  ᠱᠠᠲᠤ ᠱᠠᠲᠤ᠎ᠪᠠᠷ ᠡᠭᠦᠷᠭᠡ ᠨᠡᠮᠡᠬᠦ᠂  ᠭᠡᠲᠦ ᠣᠷᠣᠮ ᠦᠯᠡᠳᠡᠭᠡᠬᠦ᠂  ᠣᠯᠠᠨ ᠲᠦᠮᠡᠨ᠎ᠤ ᠳᠠᠷᠤᠭ᠋ᠠᠰᠤ ᠵᠢ ᠭᠦᠨᠳᠦᠷᠡᠭᠦᠯᠭᠦ;

      (ᠭᠤᠷᠪᠠ)  ᠠᠯᠪᠠᠳᠠᠨ ᠵᠠᠷᠯᠢᠭᠳᠠᠬᠤ᠂  ᠲᠠᠷᠢᠶᠠᠴᠢᠳ᠎ᠤᠨ ᠬᠠᠤᠯᠢ ᠶᠣᠰᠣᠭ᠋ᠠᠷ ᠡᠵᠡᠨ ᠮᠡᠳᠡᠵᠦ ᠲᠣᠬᠢᠷᠠᠭᠤᠯᠤᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠵᠦᠢ᠍ᠯᠡᠰ᠎ᠲᠤ ᠭᠠᠷ ᠳᠦᠷᠦᠭᠦ᠂  ᠲᠠᠷᠢᠶᠠᠴᠢᠳ᠎ᠢ ᠠᠯᠪᠠᠳᠠᠵᠤ ᠪᠠᠢ᠌ᠭ᠋ᠠᠳ ᠵᠢᠭ᠋ᠠᠨ ᠲᠣᠭᠲᠠᠭ᠋ᠠᠭᠰᠠᠨ ᠦᠢ᠍ᠯᠡᠳᠪᠦᠷᠢᠯᠡᠯ᠎ᠤᠨ ᠬᠡᠷᠡᠭᠰᠡᠯ᠎ᠢ ᠬᠤᠳᠠᠯᠳᠤᠨ ᠠᠪᠤᠭᠤᠯᠬᠤ᠂  ᠵᠢᠭ᠋ᠠᠨ ᠲᠣᠭᠲᠠᠭ᠋ᠠᠭᠰᠠᠨ ᠠᠷᠭ᠎ᠠ ᠵᠠᠮ ᠵᠶ᠋ᠠᠷ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ ᠪᠤᠶᠤ ᠲᠥᠯᠥᠪᠦᠷᠢᠲᠦ ᠦᠢ᠍ᠯᠡᠴᠢᠯᠡᠭᠡ ᠭᠦᠯᠢᠶᠡᠯᠭᠡᠭᠦ;

      (ᠳᠥᠷᠪᠡ)  ᠲᠤᠰᠬᠤᠨ᠎ᠤ ᠠᠷᠠᠳ᠎ᠲᠤ ᠬᠠᠨᠳᠤᠬᠤ ᠣᠪᠣᠷ᠎ᠨᠢ ᠮᠠᠭᠤ᠂  ᠲᠤᠰᠬᠤᠨ᠎ᠤ ᠠᠷᠠᠳ᠎ᠢ ᠵᠣᠷᠢᠭᠤᠳᠠ ᠭᠠᠴᠢᠵᠤ᠂  ᠲᠤᠰᠬᠤᠨ᠎ᠤ ᠠᠷᠠᠳ᠎ᠤᠨ ᠬᠠᠤᠯᠢ ᠶᠣᠰᠣᠭ᠋ᠠᠷ ᠠᠰᠠᠭᠤᠳᠠᠯ ᠲᠤᠰᠬᠠᠬᠤ᠂  ᠬᠦᠰᠡᠯ ᠱᠠᠭ᠋ᠠᠷᠳᠠᠯᠭ᠎ᠠ᠎ᠪᠠᠨ ᠢᠯᠡᠳᠬᠡᠬᠦ ᠵᠢ ᠬᠠᠷᠰᠢᠯᠠᠨ ᠨᠥᠯᠥᠭᠡᠯᠡᠬᠦ᠂  ᠡᠰᠡᠬᠦᠯ᠎ᠡ ᠲᠤᠰᠬᠤᠨ᠎ᠤ ᠠᠷᠠᠳ᠎ᠤᠨ ᠦᠢ᠍ᠯᠡᠳᠪᠦᠷᠢᠯᠡᠯ᠂  ᠠᠮᠢᠳᠤᠷᠠᠯ ᠵᠡᠷᠭᠡ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠠᠰᠠᠭᠤᠳᠠᠯ᠎ᠢ ᠲᠦᠷᠦ ᠵᠢᠨ ᠪᠣᠳᠣᠯᠭ᠎ᠠ ᠪᠤᠶᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠠᠭ ᠲᠤᠬᠠᠢ᠎ᠳᠤᠨᠢ ᠰᠢᠢ᠍ᠳᠪᠦᠷᠢᠯᠡᠵᠦ ᠴᠢᠳᠠᠬᠤ ᠦᠭᠡᠢ ᠪᠠᠢ᠌ᠬᠤ;

      (ᠲᠠᠪᠤ)  ᠡᠯᠳᠡᠪ ᠨᠡᠷ᠎ᠡ᠎ᠪᠠᠷ ᠰᠢᠯᠲᠠᠭ ᠪᠤᠯᠭ᠋ᠠᠵᠤ ᠵᠣᠴᠢᠨ ᠵᠠᠯᠠᠵᠤ ᠪᠡᠯᠡᠭ ᠬᠦᠷᠭᠡᠬᠦ᠂  ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ᠂  ᠨᠡᠮᠡᠭᠦᠷᠢ ᠮᠥᠩᠭᠥ᠂  ᠨᠥᠬᠥᠪᠦᠷᠢ ᠮᠥᠩᠭᠥ᠂  ᠱᠠᠩᠨᠠᠯ᠎ᠤᠨ ᠮᠥᠩᠭᠥ᠂  ᠠᠰᠠᠷᠠᠮᠵᠢ ᠵᠡᠷᠭᠡ ᠵᠢ ᠳᠤᠷ᠎ᠠ᠎ᠪᠠᠷ ᠵᠶ᠋ᠠᠨ ᠣᠯᠭᠣᠬᠤ ᠪᠤᠶᠤ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ᠂  ᠲᠣᠰᠬᠣᠨ᠎ᠤ ᠠᠷᠠᠳ᠂  ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂  ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ᠂  ᠠᠵᠤ ᠠᠬᠤᠢ᠌ᠯᠠᠯ

ᠵᠡᠷᠭᠡ᠎ᠨᠢ ᠬᠤᠪᠢ ᠬᠥᠮᠥᠨ᠎ᠤ ᠡᠭᠦᠷᠭᠡᠯᠡᠬᠦ ᠶᠣᠰᠣᠲᠠᠢ  ᠵᠠᠷᠤᠳᠠᠯ᠎ᠢ ᠲᠠᠭ᠋ᠠᠭ᠋ᠠᠬᠤ;

      (ᠵᠢᠷᠭᠤᠭ᠎ᠠ)  ᠬᠤᠷᠢᠮ ᠪᠡᠯᠪᠡᠰᠦᠷᠡᠯ ᠪᠠᠶᠠᠷ᠎ᠤᠨ ᠶᠠᠪᠤᠳᠠᠯ᠎ᠢ ᠶᠡᠬᠡ᠎ᠪᠠᠷ ᠬᠢᠵᠦ᠂  ᠬᠤᠷᠢᠮ ᠪᠡᠯᠪᠡᠰᠦᠷᠡᠯ

ᠪᠠᠶᠠᠷ᠎ᠤᠨ ᠶᠠᠪᠤᠳᠠᠯ᠎ᠢ ᠡᠷᠭᠢᠯᠡᠨ ᠬᠢᠬᠦ ᠲᠣᠭᠢᠶᠠᠯ᠎ᠢ ᠠᠰᠢᠭᠯᠠᠨ ᠵᠣᠭᠣᠰ ᠮᠥᠩᠭᠥ ᠠᠪᠬᠤ;

      (ᠲᠤᠯᠦᠭ᠎ᠠ) ᠠᠮᠢᠳᠤᠷᠠᠯ᠎ᠤᠨ ᠲᠠᠯ᠎ᠠ᠎ᠪᠠᠷ ᠱᠠᠯᠢᠨ ᠪᠦᠷᠢᠯᠭᠡᠬᠦ᠂  ᠪᠦᠷᠢᠯᠭᠡᠨ ᠰᠦᠢ᠍ᠳᠬᠡᠬᠦ᠂  ᠵᠢᠷᠭ᠋ᠠᠯ ᠴᠡᠩᠭᠡᠯ᠎ᠢ ᠬᠥᠭᠡᠭᠡᠴᠡᠯᠳᠦᠬᠦ᠂  ᠳᠣᠣᠷᠠᠳᠤ ᠳᠤᠷᠠᠰᠢᠯ᠎ᠢ ᠬᠥᠭᠡᠭᠡᠴᠡᠯᠳᠦᠬᠦ᠂  ᠶᠡᠬᠡ ᠪᠡᠯᠡᠭ ᠰᠡᠯᠲᠡ ᠬᠦᠷᠭᠡᠬᠦ᠂  ᠨᠠᠢ᠌ᠷ ᠲᠠᠯ᠎ᠠ ᠬᠠᠷᠠᠵᠤ ᠠᠳᠠᠯᠢᠳᠬᠠᠬᠤ᠂  ᠬᠦᠨᠳᠦ᠎ᠪᠠᠷ ᠣᠷᠣᠰᠢᠭᠤᠯᠵᠤ ᠳᠥᠭᠥᠮᠬᠡᠨ ᠠᠰᠠᠷᠠᠬᠤ ᠵᠡᠷᠭᠡ ᠨᠡᠢ᠌ᠭᠡᠮ᠎ᠤᠨ ᠮᠠᠭᠤ ᠬᠡᠪ ᠰᠤᠷᠲᠠᠯ᠎ᠢ ᠭᠦᠭᠵᠢᠭᠡᠭᠦ;

      (ᠨᠠᠢ᠍ᠮᠠ)  ᠬᠡᠯᠪᠡᠷᠢᠴᠢ ᠦᠵᠡᠯ᠂  ᠨᠣᠶᠠᠨᠴᠢ ᠰᠤᠷᠲᠠᠯ᠂  ᠵᠢᠷᠭ᠋ᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠶᠠᠪᠤᠭᠤᠯᠬᠤ ᠪᠤᠰᠤᠳ ᠦᠢ᠍ᠯᠡ ᠠᠵᠢᠯᠯᠠᠭ᠎ᠠ᠃

      ᠠᠷᠪᠠᠨ ᠬᠣᠶᠠᠳᠤᠭ᠋ᠠᠷ ᠵᠦᠢ᠍ᠯ  ᠬᠥᠳᠡᠭᠡ ᠲᠣᠰᠬᠣᠨ᠎ᠤ ᠬᠡᠷᠡᠭ ᠶᠠᠪᠤᠳᠠᠯ᠎ᠳᠤ ᠬᠢᠨᠠᠯᠲᠠ ᠲᠠᠯᠪᠢᠬᠤ᠎ᠳᠠᠭᠠᠨ ᠳᠡᠭᠡᠷᠡᠬᠢ᠎ᠪᠠᠨ ᠮᠡᠬᠡᠯᠡᠨ ᠳᠣᠣᠷᠠᠬᠢ᠎ᠪᠠᠨ ᠬᠠᠭᠤᠷᠴᠤ᠂  ᠬᠢᠨᠠᠯᠲᠠ᠎ᠠᠴᠠ ᠵᠠᠢ᠌ᠯᠠᠬᠤ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ)  ᠲᠣᠭᠲᠠᠭ᠋ᠠᠯ ᠶᠣᠰᠣᠭ᠋ᠠᠷ ᠠᠷᠠᠳᠴᠢᠯᠠᠯ ᠵᠶ᠋ᠠᠷ ᠡᠳ᠋᠎ᠤᠨ ᠶᠠᠪᠤᠳᠠᠯ᠎ᠢ ᠬᠠᠮᠢᠶᠠᠷᠬᠤ ᠦᠭᠡᠢ ᠪᠤᠶᠤ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ᠂  ᠬᠤᠪᠢᠷᠠᠭᠤᠯᠤᠨ ᠵᠣᠬᠢᠶᠠᠬᠤ᠂  ᠨᠢᠭᠤᠨ ᠳᠠᠯᠳᠠᠯᠠᠬᠤ᠂  ᠡᠪᠳᠡᠵᠦ ᠰᠦᠢ᠍ᠳᠭᠡᠭᠦ;

      (ᠬᠣᠶᠠᠷ)  ᠮᠡᠳᠡᠭᠡ ᠵᠠᠩᠭᠢ ᠵᠢ ᠢᠯᠡ ᠪᠤᠯᠭ᠋ᠠᠬᠤ ᠵᠢ ᠡᠯ᠎ᠡ ᠵᠦᠢ᠍ᠯ᠎ᠤᠨ ᠭᠡᠯᠪᠡᠷᠢ᠎ᠪᠠᠷ ᠲᠡᠪᠴᠢᠬᠦ᠂  ᠲᠡᠭᠦᠨ᠎ᠠᠴᠠ ᠵᠠᠢ᠌ᠯᠠᠬᠤ᠂  ᠬᠠᠷᠰᠢᠯᠠᠬᠤ ᠪᠤᠶᠤ ᠬᠤᠳᠠᠯ ᠬᠠᠭᠤᠷᠮᠠᠭ ᠵᠶ᠋ᠠᠷ ᠢᠯᠡ ᠪᠤᠯᠭ᠋ᠠᠬᠤ;

      (ᠭᠤᠷᠪᠠ)  ᠬᠦᠴᠦᠷᠬᠡᠭᠯᠡᠬᠦ᠂  ᠰᠦᠷᠳᠡᠭᠦᠯᠬᠦ᠂  ᠮᠡᠬᠡᠯᠡᠬᠦ᠂  ᠬᠡᠭᠡᠯᠢ ᠲᠦᠯᠬᠢᠬᠦ᠂  ᠰᠦᠯᠪᠡᠭᠡᠯᠡᠬᠦ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠲᠤᠰᠬᠤᠨ᠎ᠤ ᠠᠷᠠᠳ ᠪᠤᠶᠤ ᠲᠤᠰᠬᠤᠨ᠎ᠤ ᠠᠷᠠᠳ᠎ᠤᠨ ᠲᠥᠯᠥᠭᠡᠯᠡᠭᠴᠢᠳ᠎ᠤᠨ ᠲᠤᠯᠭ᠋ᠠᠨ ᠠᠰᠠᠭᠤᠬᠤ ᠡᠷᠬᠡ᠂  ᠤᠬ᠍ᠴᠠᠷᠠᠭᠤᠯᠬᠤ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠬᠦ ᠵᠢ ᠬᠠᠷᠰᠢᠯᠠᠬᠤ;

      (ᠳᠥᠷᠪᠡ)  ᠬᠣᠯᠪᠣᠭᠳᠠᠯ ᠪᠦᠬᠦᠢ ᠪᠠᠢ᠌ᠭᠤᠯᠭ᠎ᠠ᠂  ᠰᠠᠯᠠᠭ᠎ᠠ ᠮᠥᠴᠢᠷ᠂  ᠨᠢᠭᠡᠴᠢ ᠵᠢᠨ ᠲᠣᠭᠲᠠᠭ᠋ᠠᠯ ᠶᠣᠰᠣᠭ᠋ᠠᠷ ᠰᠠᠬᠢᠯᠭ᠎ᠠ ᠪᠠᠲᠤ ᠶᠣᠰᠣᠭ᠋ᠠᠷ ᠬᠠᠤᠯᠢ ᠶᠣᠰᠣᠭ᠋ᠠᠷ ᠬᠢᠨᠠᠯᠲᠠ ᠲᠠᠯᠪᠢᠬᠤ ᠪᠤᠶᠤ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠵᠢ ᠬᠣᠷᠢᠭᠯᠠᠬᠤ ᠪᠠ ᠬᠠᠷᠰᠢᠯᠠᠬᠤ;

      (ᠲᠠᠪᠤ)  ᠰᠦᠷᠳᠡᠭᠦᠯᠬᠦ᠂  ᠠᠶᠤᠯᠭ᠋ᠠᠬᠤ ᠵᠡᠷᠭᠡ ᠵᠦᠢ ᠪᠤᠰᠤ ᠠᠷᠭ᠎ᠠ ᠪᠠᠷᠢᠯ ᠵᠶ᠋ᠠᠷ ᠲᠤᠰᠬᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠪᠦᠷᠢᠯᠳᠦᠭᠦᠨ᠎ᠤ ᠡᠷᠬᠡ ᠲᠤᠰᠢᠶᠠᠯ ᠵᠶ᠋ᠠᠨ ᠡᠵᠡᠨ ᠮᠡᠳᠡᠵᠦ ᠬᠡᠷᠡᠭᠵᠢᠭᠦᠯᠬᠦ ᠵᠢ ᠬᠠᠷᠰᠢᠯᠠᠬᠤ᠂  ᠡᠰᠡᠬᠦᠯ᠎ᠡ ᠲᠤᠰᠬᠤᠨ᠎ᠤ ᠶᠠᠪᠤᠳᠠᠯ᠎ᠳᠤ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠪᠦᠷᠢᠯᠳᠦᠭᠦᠨ᠎ᠳᠤ ᠴᠣᠬᠢᠯᠲᠠ ᠥᠭᠴᠦ ᠥᠰᠢᠶ᠎ᠡ ᠠᠪᠬᠤ;

      (ᠵᠢᠷᠭᠤᠭ᠎ᠠ)  ᠬᠥᠳᠡᠭᠡ ᠲᠣᠰᠬᠣᠨ᠎ᠤ ᠬᠡᠷᠡᠭ ᠶᠠᠪᠤᠳᠠᠯ᠎ᠳᠤ ᠬᠢᠨᠠᠯᠲᠠ ᠲᠠᠯᠪᠢᠬᠤ᠎ᠳᠠᠭᠠᠨ ᠳᠡᠭᠡᠷᠡᠬᠢ᠎ᠪᠠᠨ ᠮᠡᠬᠡᠯᠡᠨ ᠳᠣᠣᠷᠠᠬᠢ᠎ᠪᠠᠨ ᠬᠠᠭᠤᠷᠴᠤ᠂  ᠬᠢᠨᠠᠯᠲᠠ᠎ᠠᠴᠠ ᠵᠠᠢ᠌ᠯᠠᠬᠤ ᠪᠤᠰᠤᠳ ᠦᠢ᠍ᠯᠡ ᠠᠵᠢᠯᠯᠠᠭ᠎ᠠ᠃

      ᠠᠷᠪᠠᠨ ᠭᠤᠷᠪᠠᠳᠤᠭ᠋ᠠᠷ ᠵᠦᠢ᠍ᠯ  ᠨᠡᠢ᠌ᠭᠡᠮ᠎ᠤᠨ ᠬᠠᠮᠢᠶᠠᠷᠤᠯᠲᠠ ᠵᠢᠨ ᠡᠮᠬᠢ ᠵᠢᠷᠤᠮ᠎ᠢ ᠰᠠᠮᠠᠭᠤᠷᠠᠭᠤᠯᠬᠤ ᠵᠢ ᠴᠠᠭ᠋ᠠᠵᠠᠯᠠᠨ᠎ᠠ᠃  ᠳᠣᠣᠷᠠᠬᠢ ᠮᠡᠲᠦ ᠦᠢ᠍ᠯᠡ ᠠᠵᠢᠯᠯᠠᠭ᠎ᠠ᠎ᠲᠠᠢ ᠪᠠᠢ᠌ᠵᠤ ᠪᠤᠯᠬᠤ ᠦᠭᠡᠢ᠄

      (ᠨᠢᠭᠡ) 《ᠲᠤᠰᠬᠤᠨ᠎ᠤ ᠡᠵᠡᠷᠬᠡᠭᠴᠢ》  ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠰᠢᠭᠯᠠᠨ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢ ᠡᠵᠡᠮᠰᠢᠵᠦ᠂  ᠤᠯᠠᠨ ᠲᠦᠮᠡᠨ᠎ᠢ ᠳᠠᠷᠤᠯᠠᠵᠤ᠂  ᠬᠠᠮᠲᠤ ᠵᠢᠨ ᠡᠬᠢ ᠪᠠᠶᠠᠯᠢᠭ᠎ᠢ ᠭᠠᠭᠴᠠᠭ᠋ᠠᠷ ᠡᠵᠡᠮᠰᠢᠵᠦ᠂  ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ᠂  ᠰᠢᠶᠠᠩ ᠪᠠᠯᠭ᠋ᠠᠰᠤᠨ᠎ᠤ ᠴᠤᠭᠯᠠᠭ᠎ᠠ ᠮᠠᠢ᠌ᠮᠠᠢ ᠵᠡᠷᠭᠡ ᠭᠦᠢ᠍ᠯᠭᠡᠭᠡᠨ᠎ᠤ ᠬᠦᠷᠢᠶᠡᠨ᠎ᠳᠤ ᠠᠵᠢᠯ ᠨᠢᠭᠡᠲᠡᠨ ᠵᠢᠡᠨ ᠳᠠᠷᠤᠯᠠᠵᠤ ᠵᠠᠬ᠎ᠠ ᠳᠡᠯᠭᠡᠭᠦᠷ᠎ᠢ ᠡᠵᠡᠷᠬᠡᠵᠦ᠂  ᠠᠯᠪᠠᠳᠠᠨ ᠠᠷᠠᠯᠵᠢᠶᠠᠯᠠᠭᠤᠯᠬᠤ᠂  ᠡᠰᠡᠬᠦᠯ᠎ᠡ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠬᠤ ᠠᠵᠢᠯᠯᠠᠭ᠎ᠠ᠎ᠳᠤ ᠣᠷᠤᠯᠴᠠᠬᠤ ᠪᠠ ᠳᠤᠷ᠎ᠠ᠎ᠪᠠᠷ᠎ᠨᠢ ᠲᠠᠯᠪᠢᠵᠤ᠂  ᠬᠠᠷ᠎ᠠ ᠪᠦᠯᠦᠭᠲᠡᠨ ᠬᠠᠷᠭᠢᠰ ᠬᠦᠴᠦᠨ᠎ᠤ 《ᠬᠠᠮᠠᠭ᠋ᠠᠯᠠᠭᠴᠢ》  ᠪᠤᠯᠬᠤ;

      (ᠬᠣᠶᠠᠷ)  ᠣᠪᠣᠭ ᠲᠦᠷᠦᠯ᠂  ᠠᠢ᠌ᠮᠠᠭ ᠪᠦᠯᠦᠭ᠎ᠤᠨ ᠵᠠᠭᠤᠷᠠᠯᠳᠤᠭ᠋ᠠᠨ᠎ᠢ ᠵᠣᠬᠢᠶᠠᠨ ᠪᠠᠢ᠌ᠭᠤᠯᠵᠤ ᠣᠷᠣᠯᠴᠠᠬᠤ;

      (ᠭᠤᠷᠪᠠ)  ᠬᠠᠤᠯᠢ ᠪᠤᠰᠤ ᠱᠠᠰᠢᠨ ᠰᠤᠷᠲᠠᠬᠤᠨ᠎ᠤ ᠠᠵᠢᠯᠯᠠᠭ᠎ᠠ ᠥᠷᠨᠢᠭᠦᠯᠬᠦ᠂  ᠡᠰᠡᠬᠦᠯ᠎ᠡ ᠱᠠᠰᠢᠨ ᠰᠤᠷᠲᠠᠬᠤᠨ᠎ᠢ ᠠᠰᠢᠭᠯᠠᠨ ᠬᠥᠳᠡᠭᠡ ᠲᠣᠰᠬᠣᠨ᠎ᠤ ᠤᠯᠠᠨ ᠨᠡᠢ᠌ᠲᠡ ᠵᠢᠨ ᠬᠡᠷᠡᠭ ᠶᠠᠪᠤᠳᠠᠯ᠎ᠳᠤ ᠭᠠᠷ ᠲᠦᠷᠦᠭᠦ;

      (ᠳᠥᠷᠪᠡ)  ᠵᠣᠭᠣᠰ ᠨᠠᠭ᠋ᠠᠳᠬᠤ ᠭᠠᠵᠠᠷ ᠭᠠᠷᠭ᠋ᠠᠬᠤ ᠵᠢ ᠵᠣᠬᠢᠶᠠᠨ ᠪᠠᠢ᠌ᠭᠤᠯᠬᠤ᠂  ᠲᠡᠭᠦᠨ᠎ᠳᠤ ᠣᠷᠤᠯᠴᠠᠬᠤ᠂  ᠲᠡᠭᠦᠨ᠎ᠢ ᠳᠤᠷ᠎ᠠ᠎ᠪᠠᠷ᠎ᠨᠢ ᠲᠠᠯᠪᠢᠬᠤ᠂  ᠡᠰᠡᠬᠦᠯ᠎ᠡ ᠵᠣᠭᠣᠰ ᠨᠠᠭ᠋ᠠᠳᠬᠤ ᠠᠵᠢᠯᠯᠠᠭ᠎ᠠ᠎ᠳᠤ ᠲᠦᠭᠦᠮ ᠨᠥᠬᠥᠴᠡᠯ ᠬᠠᠩᠭ᠋ᠠᠬᠤ;

      (ᠲᠠᠪᠤ)  ᠨᠡᠢ᠌ᠭᠡᠮ᠎ᠤᠨ ᠬᠠᠮᠢᠶᠠᠷᠤᠯᠲᠠ ᠵᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠪᠤᠰᠤᠳ ᠤᠢ᠌ᠯᠡ ᠠᠵᠢᠯᠯᠠᠭ᠎ᠠ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            