ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠲᠤᠰᠬᠠᠶ ᠵᠦᠪᠯᠡᠯ᠎ᠤᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-11-25

     11 ᠰᠠᠷ᠎ᠠ ᠵᠢᠨ 24᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠲᠤᠰᠬᠠᠶ ᠵᠦᠪᠯᠡᠯ᠎ᠤᠨ ᠠᠵᠢᠯ᠎ᠤᠨ ᠶᠠᠷᠢᠯᠴᠠᠬᠤ ᠬᠤᠷᠠᠯ ᠬᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠦ᠂ ᠲᠤᠷᠰᠢᠯᠭ᠎ᠠ᠎ᠪᠠᠨ ᠳ᠋ᠦᠩᠨᠡᠵᠦ᠂ ᠲᠤᠰᠬᠠᠶ ᠵᠦᠪᠯᠡᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠯᠢ ᠰᠢᠤ ᠯᠢᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠤᠯᠭ᠎ᠠ ᠸᠠᠩ ᠵᠥᠩ ᠾᠧ᠂ ᠯᠦᠸᠧ ᡁᠢ ᠬᠤ᠌᠂ ᠳ᠋ᠦᠩ ᠾᠧᠩ ᠢᠦᠶ᠂ ᠵᠧᠩ ᠹᠦ᠋ ᠲᠢᠶᠠᠨ᠂ ᠯᠢᠦ ᠰᠢᠨ ᠯᠧ᠂ ᠴᠠᠩ ᠵᠢᠶᠦ᠋ᠨ ᠵᠧᠩ᠂ ᠮᠠ ᠰᠢᠤᠸᠠᠢ ᠵᠢᠶᠦ᠋ᠨ᠂ ᠸᠧᠶ ᠭᠦᠸᠧ ᠨᠠᠨ᠂ ᠳ᠋ᠢ ᠷᠦᠢ ᠮᠢᠩ ᠬᠤᠷᠠᠯ᠎ᠳᠤ ᠣᠷᠣᠯᠴᠠᠬᠰᠠᠨ ᠪᠦᠭᠡᠳ ᠦᠭᠡ ᠬᠡᠯᠡᠪᠡ᠃
      ᠬᠤᠷᠠᠯ᠎ᠠᠴᠠ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠬᠤᠷᠢᠶ᠎ᠠ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠡᠯ᠎ᠡ ᠲᠤᠰᠬᠠᠶ ᠵᠦᠪᠯᠡᠯ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠯᠭ᠎ᠠ᠎ᠪᠠᠨ ᠴᠢᠩᠭ᠋ᠠᠳᠬᠠᠬᠤ᠂ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ᠂ ᠭᠣᠤᠯ ᠠᠵᠢᠯ᠎ᠤᠨ ᠲᠤᠭᠤᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ᠂ ᠵᠥᠪᠯᠡᠯᠭᠡ ᠬᠢᠵᠦ ᠲᠦᠷᠦ ᠵᠢᠨ ᠶᠠᠪᠤᠳᠠᠯ᠎ᠢ ᠵᠥᠪᠯᠡᠬᠦ᠂ ᠭᠡᠰᠢᠭᠦᠳ᠎ᠤᠨ ᠦᠶᠯᠡᠳᠦᠯ᠎ᠢ ᠪᠠᠳᠠᠷᠠᠭᠤᠯᠬᠤ ᠪᠠ ᠲᠤᠰᠬᠠᠶ ᠵᠦᠪᠯᠡᠯ᠎ᠤᠨ ᠲᠤᠰ ᠪᠡᠶ᠎ᠡ ᠵᠢᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠳᠤᠪᠤᠢ᠌ᠮ᠎ᠠ ᠦᠷ᠎ᠡ ᠪᠦᠲᠦᠮᠵᠢ ᠤᠯᠪᠠ᠃ ᠭᠡᠪᠡᠴᠦ ᠲᠤᠰᠬᠠᠶ ᠵᠥᠪᠯᠡᠬᠦ ᠪᠠᠶ᠋ᠢᠭᠤᠯᠤᠮᠵᠢ ᠵᠢᠨ ᠲᠤᠰᠬᠠᠢ᠍ᠢ᠍ᠵᠢᠬᠰᠠᠨ ᠣᠨᠴᠠᠯᠢᠭ᠂ ᠲᠤᠰᠬᠠᠢ᠍ᠢ᠍ᠵᠢᠬᠰᠠᠨ ᠴᠢᠨᠠᠷ ᠴᠢᠨᠰᠠᠭ᠎ᠠ᠂ ᠲᠤᠰᠬᠠᠢ᠍ᠢ᠍ᠵᠢᠬᠰᠠᠨ ᠬᠢᠷᠢ ᠲᠦᠪᠰᠢᠨ᠎ᠤ ᠰᠢᠨ᠎ᠡ ᠱᠠᠭ᠋ᠠᠷᠳᠠᠯᠭ᠎ᠠ᠎ᠠᠴᠠ ᠪᠠᠰᠠ ᠨᠡᠯᠢᠶᠡᠳ ᠵᠥᠷᠢᠶ᠎ᠡ᠎ᠲᠠᠢ ᠪᠠᠶ᠋ᠢᠨ᠎ᠠ ᠭᠡᠵᠦ ᠵᠢᠭ᠋ᠠᠵᠦ ᠭᠠᠷᠭ᠋ᠠᠪᠠ᠃
    ᠬᠤᠷᠠᠯ ᠠᠴᠠ᠂ ᠲᠤᠰᠬᠠᠶ ᠵᠦᠪᠯᠡᠯ ᠪᠣᠯ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠬᠤᠯᠠ ᠠᠴᠢᠶᠠᠯᠠᠪᠤᠷᠢ᠂ ᠭᠡᠰᠢᠭᠦᠳ᠎ᠲᠠᠢ ᠬᠠᠷᠢᠯᠴᠠᠬᠤ ᠴᠢᠬᠤᠯᠠ ᠬᠦᠬᠦᠷᠭᠡ ᠬᠣᠯᠪᠣᠭ᠋ᠠᠰᠤ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠲᠤᠰᠬᠠᠶ ᠵᠥᠪᠯᠡᠬᠦ ᠪᠠᠶ᠋ᠢᠭᠤᠯᠤᠮᠵᠢ ᠵᠢᠨ ᠦᠢ᠍ᠯᠡᠳᠦᠯ᠎ᠢ ᠪᠠᠳᠠᠷᠠᠭᠤᠯᠬᠤ ᠭᠣᠤᠯ ᠲᠦᠰᠢᠭ ᠲᠤᠯᠭ᠋ᠠᠭᠤᠷᠢ ᠪᠠᠢ᠍ᠢ᠍ᠵᠦ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠳᠤᠮᠳᠠ ᠦᠨᠳᠦᠰᠦᠨ ᠴᠢᠨᠠᠷᠲᠠᠶ ᠪᠠᠶ᠋ᠢᠷᠢ ᠰᠠᠭᠤᠷᠢ ᠪᠠ ᠦᠢ᠍ᠯᠡᠳᠦᠯ᠎ᠲᠠᠢ ᠶᠤᠮ᠂ ᠡᠷᠭᠡᠪᠰᠢ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠨᠠᠩ ᠰᠠᠶ᠋ᠢᠨ ᠵᠶ᠋ᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠶ ᠭᠡᠵᠦ ᠴᠢᠬᠤᠯᠠᠴᠢᠯᠠᠵᠠᠢ᠃
      ᠯᠢ ᠰᠢᠤ ᠯᠢᠩ᠂ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠵᠤ᠂ ᠲᠤᠰᠬᠠᠶ ᠵᠦᠪᠯᠡᠯ᠎ᠤᠨ ᠤᠯᠤᠰ ᠲᠥᠷᠥ ᠵᠢᠨ ᠪᠠᠶ᠋ᠢᠭᠤᠯᠤᠯᠲᠠ᠎ᠪᠠᠨ ᠦᠨᠡᠨ ᠬᠦ᠌ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠡᠯ᠎ᠡ ᠵᠦᠢ᠍ᠯ᠎ᠤᠨ ᠠᠵᠢᠯᠯᠠᠭ᠎ᠠ᠎ᠳᠤ᠎ᠪᠠᠨ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ ᠪᠣᠯᠤᠨ ᠥᠪᠥᠷ ᠮᠣᠩᠭᠣᠯ᠎ᠤᠨ ᠠᠵᠢᠯ᠎ᠳᠤ ᠲᠠᠯᠪᠢᠭᠰᠠᠨ ᠰᠢᠨ᠎ᠡ ᠱᠠᠭ᠋ᠠᠷᠳᠠᠯᠭ᠎ᠠ ᠵᠢ ᠢᠯᠡᠷᠡᠭᠦᠯᠬᠦ ᠵᠢ ᠪᠠᠲᠤᠯᠠᠬᠤ ᠬᠡᠷᠡᠭᠲᠡᠶ; ᠡᠯ᠎ᠡ ᠵᠦᠢ᠍ᠯ᠎ᠤᠨ ᠵᠣᠬᠢᠶᠠᠨ ᠪᠠᠶ᠋ᠢᠭᠤᠯᠤᠯᠲᠠ ᠵᠢᠨ ᠲᠦᠷᠢᠮ ᠠᠵᠢᠯ᠎ᠤᠨ ᠲᠦᠷᠢᠮ᠎ᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠲᠤᠰᠬᠠᠶ ᠵᠦᠪᠯᠡᠯ᠎ᠤᠨ ᠠᠵᠢᠯ᠎ᠤᠨ ᠲᠦᠷᠢᠮᠵᠢᠬᠦᠯᠦᠯᠲᠡ ᠵᠢᠨ ᠬᠢᠷᠢ ᠲᠦᠪᠰᠢᠨ ᠵᠶ᠋ᠠᠨ ᠴᠢᠨᠠᠬᠰᠢᠲᠠ ᠳᠡᠭᠡᠭᠰᠢᠯᠡᠭᠦᠯᠬᠦ ᠬᠡᠷᠡᠭᠲᠡᠶ; ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠵᠢ ᠨᠡᠮᠡᠭᠳᠡᠭᠦᠯᠬᠦ ᠱᠠᠭ᠋ᠠᠷᠳᠠᠯᠭ᠎ᠠ ᠵᠢ ᠲᠤᠰᠬᠠᠶ ᠵᠦᠪᠯᠡᠯ᠎ᠤᠨ ᠠᠵᠢᠯ᠎ᠤᠨ ᠡᠯ᠎ᠡ ᠭᠣᠭᠴᠣᠭ᠎ᠠ᠂ ᠪᠦᠬᠦ ᠶᠠᠪᠤᠴᠠ᠎ᠳᠤ ᠲᠤᠭᠤᠰᠢᠯᠠᠭᠤᠯᠵᠦ᠂ ᠮᠡᠳᠡᠭᠡ ᠵᠠᠩᠭᠢᠴᠢᠯᠠᠯᠲᠠ ᠵᠢᠨ ᠨᠥᠬᠥᠴᠡᠯ ᠳᠣᠣᠷ᠎ᠠ ᠰᠤᠷᠤᠯᠴᠠᠬᠤ ᠪᠠ ᠪᠠᠶ᠋ᠢᠴᠠᠭ᠋ᠠᠨ ᠰᠤᠳᠤᠯᠬᠤ ᠠᠵᠢᠯ ᠵᠶ᠋ᠠᠨ ᠲᠡᠬᠦᠯᠳᠡᠷᠵᠢᠬᠦᠯᠵᠦ᠂ ᠰᠤᠷᠤᠯᠴᠠᠬᠤ ᠰᠤᠷᠲᠠᠯ ᠪᠠ ᠠᠵᠢᠯ᠎ᠤᠨ ᠰᠤᠷᠲᠠᠯ ᠵᠶ᠋ᠠᠨ ᠰᠠᠶ᠋ᠢᠵᠢᠷᠠᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠢᠷᠢ ᠲᠦᠪᠰᠢᠨ ᠪᠠ ᠠᠵᠢᠯ᠎ᠤᠨ ᠪᠣᠳᠠᠲᠤ ᠦᠷ᠎ᠡ ᠪᠦᠲᠦᠮᠵᠢ᠎ᠪᠠᠨ ᠴᠢᠨᠠᠬᠰᠢᠲᠠ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
      ᠡᠯ᠎ᠡ ᠲᠤᠰᠬᠠᠢ ᠵᠦᠪᠯᠡᠯ᠎ᠤᠨ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠪᠦᠬᠦ ᠤᠯᠤᠰ᠎ᠤᠨ ᠠᠷᠠᠳ᠎ᠤᠨ ᠴᠠᠭᠳᠠᠭ᠎ᠠ ᠵᠢ ᠴᠢᠩ ᠰᠡᠳᠬᠢᠯ᠎ᠠᠴᠠ᠎ᠪᠠᠨ ᠲᠤᠬᠤᠨᠢᠭᠤᠯᠵᠤ ᠪᠠᠢ᠌ᠬᠤ᠎ᠪᠠᠨ ᠢᠯᠡᠳᠬᠡᠪᠡ
2021 ᠣᠨ ᠯᠢ ᠺᠧ ᠴᠢᠶᠠᠩ ᠶᠡᠷᠦᠩᠬᠡᠢ ᠰᠠᠢ᠌ᠳ᠎ᠤᠨ ᠰᠤᠷᠪᠤᠯᠵᠢᠯᠠᠭ᠎ᠠ ᠵᠢᠨ ᠬᠤᠷᠠᠯ ᠶᠡᠷᠦᠩᠬᠡᠢ ᠰᠠᠢ᠌ᠳ᠎ᠤᠨ ᠬᠡᠯᠡᠭᠰᠡᠨ ᠡᠨᠡ 9 ᠵᠦᠢ᠍ᠯ᠂ ᠵᠣᠷᠢᠭ᠎ᠢ ᠬᠥᠪᠴᠢᠯᠡᠵᠦ ᠰᠡᠳᠬᠢᠯ᠎ᠢ ᠳᠣᠭᠳᠣᠯᠤᠭᠤᠯᠤᠮ᠎ᠠ!
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠬᠥᠬᠡᠬᠣᠲᠠ ᠵᠢᠨ ᠳᠥᠷᠪᠡᠳᠦᠭᠡᠷ ᠭᠢᠨᠳᠠᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢᠨ ᠠᠩᠭᠢ ᠡᠷᠬᠢᠯᠡᠪᠡ
ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠠᠩᠬᠠᠳᠤᠭ᠋ᠠᠷ ᠤᠳᠠᠭ᠋ᠠᠨ᠎ᠤ ᠠᠯᠪᠠᠨ ᠬᠡᠷ᠎ᠤᠨ ᠡᠷᠬᠢᠯᠡᠭᠴᠢ ᠵᠢᠨ ᠬᠤᠷᠠᠯ ᠬᠤᠷᠠᠯᠳᠤᠪᠠ
 
            