ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2020-11-23

(2020 ᠣᠨ᠎ᠤ 10 ᠰᠠᠷ᠎ᠠ ᠵᠢᠨ 29᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ᠎ᠠᠴᠠ ᠪᠠᠲᠤᠯᠠᠪᠠ)

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠲᠠᠪᠤᠳᠤᠭ᠋ᠠᠷ ᠪᠥᠬᠦᠳᠡ ᠬᠤᠷᠠᠯ 2020 ᠣᠨ᠎ᠤ 10 ᠰᠠᠷ᠎ᠠ ᠵᠢᠨ 26᠎ᠤ ᠡᠳᠦᠷ᠎ᠠᠴᠠ 29᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃
      ᠡᠨᠡ ᠤᠳᠠᠭ᠎ᠠ ᠵᠢᠨ ᠪᠥᠬᠦᠳᠡ ᠬᠤᠷᠠᠯ᠎ᠳᠤ᠂ ᠲᠥᠪ ᠬᠤᠷᠢᠶᠠᠨ᠎ᠤ ᠭᠡᠰᠢᠭᠦᠨ 198 ᠬᠥᠮᠦᠨ᠂ ᠲᠥᠪ ᠬᠤᠷᠢᠶᠠᠨ᠎ᠤ ᠣᠷᠣᠯᠠᠭᠴᠢ ᠭᠡᠰᠢᠭᠦᠨ 166 ᠬᠥᠮᠦᠨ ᠣᠷᠣᠯᠴᠠᠪᠠ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠲᠥᠯᠥᠭᠡᠯᠡᠭᠴᠢ ᠵᠢᠨ ᠳᠣᠲᠣᠷᠠᠬᠢ ᠦᠨᠳᠦᠰᠦᠨ ᠱᠠᠲᠤᠨ᠎ᠤ ᠬᠡᠰᠡᠭ ᠨᠥᠬᠦᠳ ᠪᠤᠯᠤᠨ ᠲᠤᠰᠬᠠᠶ ᠮᠡᠷᠭᠡᠵᠢᠯᠲᠡᠨ ᠡᠷᠳᠡᠮᠲᠡᠨ ᠪᠠᠰᠠ ᠬᠤᠷᠠᠯ᠎ᠳᠤ ᠰᠤᠯᠠ ᠣᠷᠣᠯᠴᠠᠵᠢ᠃
      ᠪᠥᠬᠦᠳᠡ ᠬᠤᠷᠠᠯ᠎ᠢ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠡᠷᠬᠢᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃
      ᠪᠥᠬᠦᠳᠡ ᠬᠤᠷᠠᠯ᠎ᠠᠴᠠ ᠰᠢ ᠵᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠵᠢ ᠬᠢᠨᠠᠨ ᠵᠦᠪᠯᠡᠵᠥ ᠪᠠᠲᠤᠯᠠᠪᠠ᠃ ᠰᠢ ᠵᠢᠨ ᠫᠢᠩ 《ᠰᠠᠨᠠᠭᠤᠯᠭ᠎ᠠ (ᠶᠠᠷᠢᠯᠴᠠᠬᠤ ᠨᠣᠤᠷᠠᠭ)》 ᠵᠢᠨ ᠲᠤᠬᠠᠶ ᠪᠥᠬᠦᠳᠡ ᠬᠤᠷᠠᠯ᠎ᠳᠤ ᠲᠣᠳᠣᠷᠬᠠᠶ᠋ᠢᠯᠠᠯᠲᠠ ᠬᠢᠪᠠ᠃
      ᠪᠥᠬᠦᠳᠡ ᠬᠤᠷᠠᠯ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ ᠨᠠᠭ᠋ᠠᠰᠢᠬᠢ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠭᠦᠢ᠍ᠴᠡᠳ ᠨᠤᠲᠠᠯᠠᠪᠠ᠃ ᠨᠢᠭᠡ ᠵᠢᠯ᠎ᠤᠨ ᠲᠤᠷᠰᠢ᠂ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠥ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠬᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠯᠠᠪᠳᠠᠭᠤᠨ ᠪᠦᠭᠡᠳ ᠡᠷᠴᠢᠮᠳᠠᠢ ᠠᠷᠭ᠋ᠠᠴᠠᠭ᠋ᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠵᠢᠬᠦᠯᠵᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢᠨ ᠰᠠᠭᠤᠷᠢ ᠴᠡᠭ᠎ᠢ ᠡᠵᠡᠮᠳᠡᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠷᠸ᠎ᠠ ᠲᠥᠷᠥ ᠵᠢᠨ ᠪᠣᠳᠣᠯᠭ᠎ᠠ᠎ᠪᠠᠷ ᠠᠷᠭ᠋ᠠᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠦᠷ᠎ᠡ ᠪᠦᠲᠦᠭᠡᠯ ᠣᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠯᠠᠪᠳᠠᠭᠤᠨ ᠪᠠᠲᠤᠲᠠᠶ ᠠᠬᠢᠵᠤ᠂ ᠠᠵᠤ ᠠᠬᠤᠢ ᠵᠢᠨ ᠨᠡᠮᠡᠭᠳᠡᠯ ᠵᠢᠱ᠌ᠢᠯᠲᠡ᠎ᠠᠴᠠ ᠰᠠᠶ᠋ᠢᠨ ᠪᠠᠶ᠋ᠢᠵᠤ᠂ ᠠᠷᠠᠳ᠎ᠤᠨ ᠠᠮᠢᠳᠤᠷᠠᠯ᠎ᠢ ᠬᠦᠴᠦᠲᠡᠶ ᠪᠠᠲᠤᠯᠠᠵᠤ᠂ ᠨᠡᠶ᠋ᠢᠭᠡᠮ᠎ᠤᠨ ᠶᠡᠭᠡ ᠲᠠᠯ᠎ᠠ ᠲᠣᠭᠲᠠᠭᠤᠨ ᠪᠠᠶ᠋ᠢᠳᠠᠯ ᠵᠶ᠋ᠠᠨ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠤᠮᠤ ᠤᠯᠤᠰ᠎ᠤᠨ ᠭᠠᠳᠠᠭ᠋ᠠᠳᠤ ᠬᠠᠷᠢᠯᠴᠠᠭ᠎ᠠ ᠢᠳᠡᠪᠬᠢᠲᠡᠶ ᠠᠬᠢᠵᠤ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠤᠯᠵᠠᠢ ᠬᠡᠵᠥ ᠰᠠᠨᠠᠯ ᠨᠢᠬᠡᠳᠡᠢ ᠦᠵᠡᠪᠡ᠃
      ᠪᠥᠬᠦᠳᠡ ᠬᠤᠷᠠᠯ᠎ᠠᠴᠠ᠂ ᠨᠠᠷᠢᠨ ᠪᠤᠳᠤᠯᠢᠶᠠᠨᠲᠠᠶ ᠳᠡᠯᠡᠬᠡᠢ ᠵᠢᠨ ᠪᠠᠶ᠋ᠢᠳᠠᠯ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶ᠋ᠢᠭ᠎ᠠ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠣᠨᠴᠠᠭ᠋ᠠᠶ᠋ᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠦᠨᠳᠦ ᠨᠣᠴᠢᠲᠠᠶ ᠳᠠᠭ᠋ᠠᠷᠢᠯᠲᠠ ᠵᠢᠨ ᠡᠮᠦᠨ᠎ᠡ᠂ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠮᠡᠬᠡᠶ᠋ᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠬᠦᠴᠦᠯᠡᠨ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠯᠭᠡ ᠣᠩᠭᠤᠴᠠ ᠦᠷᠭᠦᠯᠵᠢᠯᠡᠨ ᠰᠠᠯᠬᠢ ᠳᠠᠪᠠᠯᠭ᠋ᠠᠨ᠎ᠢ ᠵᠦᠰᠦᠨ᠂ ᠡᠷᠡᠰ ᠰᠢᠭᠤᠷᠬᠠᠶ᠎ᠪᠠᠷ ᠤᠷᠤᠭᠰᠢᠯᠠᠪᠠ᠃ ᠰᠢ ᠵᠢᠨ ᠫᠢᠩ ᠨᠥᠬᠦᠷ ᠨᠠᠮ᠎ᠤᠨ ᠲᠥᠪ ᠬᠤᠷᠢᠶᠠᠨ᠎ᠤ ᠭᠤᠤᠯᠯᠠᠭᠴᠢ᠂ ᠪᠦᠬᠦ ᠨᠠᠮ᠎ᠤᠨ ᠭᠤᠤᠯᠯᠠᠭᠴᠢ ᠪᠤᠯᠵᠤ ᠠᠶᠠᠯᠠᠯ ᠵᠠᠮᠴᠢᠯᠠᠨ ᠴᠢᠭᠯᠡᠯ᠎ᠢ ᠡᠵᠡᠮᠳᠡᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠢᠷᠭ᠋ᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠯᠠᠪᠳᠠᠢ ᠨᠡᠩ ᠡᠷᠴᠢᠮᠳᠠᠢ ᠲᠦᠯᠬᠢᠨ ᠤᠷᠤᠭᠰᠢᠯᠠᠭᠤᠯᠵᠤ ᠴᠢᠳᠠᠬᠤ ᠵᠢ ᠦᠢ᠍ᠯᠡᠳᠦᠯᠭᠡ ᠳᠠᠬᠢᠨᠲᠠ ᠭᠡᠷᠡᠴᠢᠯᠡᠵᠠᠢ ᠬᠡᠵᠥ ᠰᠠᠨᠠᠯ ᠨᠢᠬᠡᠳᠡᠢ ᠦᠵᠡᠪᠡ᠃
      ᠪᠥᠬᠦᠳᠡ ᠬᠤᠷᠠᠯ᠎ᠠᠴᠠ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ ᠰᠢᠢ᠍ᠳᠪᠦᠷᠢᠲᠦ ᠢᠯᠠᠯᠲᠠ ᠵᠢ ᠤᠯᠬᠤ ᠲᠠᠯ᠎ᠠ᠎ᠪᠠᠷ ᠣᠯᠤᠭᠰᠠᠨ ᠰᠢᠢ᠍ᠳᠪᠦᠷᠢᠯᠡᠭᠴᠢ ᠴᠢᠨᠠᠷᠲᠠᠶ ᠠᠮᠵᠢᠯᠲᠠ ᠵᠢ ᠳᠡᠭᠡᠳᠦ ᠬᠡᠮᠵᠢᠶ᠎ᠡ᠎ᠪᠠᠷ ᠦᠨᠡᠯᠡᠪᠡ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ᠎ᠲᠠᠢ ᠪᠣᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ ᠴᠢᠬᠤᠯᠠ ᠶᠡᠭᠡ ᠠᠬᠢᠴᠠ᠎ᠲᠠᠢ ᠪᠣᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠲᠦᠷᠭᠡᠨ ᠠᠬᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠳᠠᠪᠠᠭᠤᠯᠢᠭ ᠤᠯᠠᠮ ᠨᠢᠭᠡ ᠠᠯᠬᠤᠮ ᠢᠯᠡᠷᠡᠪᠡ; ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ᠎ᠲᠤ ᠭᠠᠷᠴᠤ᠂ ᠠᠵᠤ ᠠᠬᠤᠶ ᠵᠢᠨ ᠡᠷᠬᠢᠯᠳᠡ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠵᠤ ᠠᠬᠤᠶ ᠵᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠵᠢᠱ᠌ᠢᠯᠲᠡ᠎ᠪᠠᠷ 2020 ᠣᠨ᠎ᠳᠤ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 100 ᠲᠦᠮᠡᠨ ᠳ᠋ᠦᠩᠰᠢᠭᠤᠷ ᠲᠥᠭᠦᠷᠢᠭ᠎ᠢ ᠳᠠᠪᠠᠭ᠍ᠤ ᠪᠤᠯᠤᠨ᠎ᠠ; ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠬᠥᠳᠡᠭᠡ ᠲᠣᠰᠬᠤᠨ᠎ᠤ ᠲᠠᠪᠤᠨ ᠮᠢᠩᠭ᠎ᠠ ᠲᠠᠪᠤᠨ ᠵᠠᠭᠤ ᠲᠠᠯᠠᠨ ᠲᠠᠪᠤᠨ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠠᠳᠠᠭᠤ᠎ᠠᠴᠠ ᠠᠩᠭᠢᠵᠢᠷᠠᠪᠠ; ᠠᠮᠤ ᠪᠤᠳᠠᠭ᠋ᠠᠨ᠎ᠤ ᠤᠨᠠᠯᠲᠠ ᠲᠠᠪᠤᠨ ᠵᠢᠯ ᠳᠠᠷᠠᠭ᠋ᠠᠯᠠᠨ ᠲᠦᠮᠡ ᠭᠤᠷᠪᠠᠨ ᠮᠢᠩᠭ᠋ᠠᠨ ᠳ᠋ᠦᠩᠰᠢᠭᠤᠷ ᠵᠢᠩ᠎ᠢ ᠳᠠᠪᠠᠪᠠ; ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠷᠴᠢᠮ ᠴᠢᠩᠭ᠋ᠠᠷᠠᠵᠤ᠂ ᠠᠮᠢ ᠠᠬᠤᠶ ᠣᠷᠴᠢᠨ ᠳᠤᠭᠤᠷᠢᠨ ᠢᠯᠡᠳᠲᠡ ᠰᠠᠶ᠋ᠢᠵᠢᠷᠠᠪᠠ; ᠭᠠᠳᠠᠭ᠋ᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠠᠵᠢᠯ ᠪᠠᠶᠠᠯᠢᠭ ᠦᠷ᠎ᠡ ᠪᠦᠲᠦᠭᠡᠯ ᠤᠯᠪᠠ; ᠠᠷᠠᠳ᠎ᠤᠨ ᠠᠮᠢᠳᠤᠷᠠᠯ᠎ᠤᠨ ᠲᠦᠪᠰᠢᠨ ᠢᠯᠡᠳᠲᠡ ᠳᠡᠭᠡᠭᠰᠢᠯᠡᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠲᠦᠭᠡᠮᠡᠯᠵᠢᠬᠦ ᠱᠠᠲᠤᠨ᠎ᠳᠤ ᠣᠷᠣᠵᠤ᠂ ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ ᠵᠢᠷᠭᠤᠭ᠋ᠠᠨ ᠮᠢᠩᠭ᠋ᠠᠨ ᠲᠦᠮᠡ ᠵᠢ ᠳᠠᠪᠠᠵᠤ᠂ ᠳᠡᠯᠡᠬᠡᠶ ᠳᠡᠬᠡᠷᠡᠬᠢ ᠬᠡᠪᠴᠢᠶ᠎ᠡ᠎ᠪᠠᠷ ᠬᠠᠮᠤᠭ᠎ᠤᠨ ᠶᠡᠭᠡ ᠨᠡᠶ᠋ᠢᠭᠡᠮ᠎ᠤᠨ ᠪᠠᠳᠤᠯᠠᠭ᠎ᠠ ᠵᠢᠨ ᠰᠢᠰᠲ᠋ᠧᠮ᠎ᠢ ᠪᠠᠶ᠋ᠢᠭᠤᠯᠤᠨ᠂ ᠦᠨᠳᠦᠰᠦᠨ ᠡᠮ ᠡᠮᠴᠢᠯᠡᠭᠡᠨ᠎ᠤ ᠳᠠᠭ᠋ᠠᠳᠬᠠᠯ 13 ᠳ᠋ᠦᠩᠰᠢᠭᠤᠷ ᠭᠠᠷᠤᠢ ᠬᠥᠮᠦᠨ᠎ᠢ ᠬᠠᠮᠤᠷᠴᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ 10 ᠳ᠋ᠦᠩᠰᠢᠭᠤᠷ ᠰᠢᠬᠠᠮ ᠬᠥᠮᠦᠨ᠎ᠢ ᠬᠠᠮᠤᠷᠴᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠦᠷ᠎ᠡ ᠪᠦᠲᠦᠭᠡᠯ ᠤᠯᠪᠠ; ᠰᠣᠶᠣᠯ᠎ᠤᠨ ᠦᠢ᠍ᠯᠡᠰ ᠪᠠ ᠰᠣᠶᠣᠯ᠎ᠤᠨ ᠠᠵᠤ ᠦᠢ᠍ᠯᠡᠰ ᠴᠡᠴᠡᠭᠯᠡᠨ ᠬᠥᠭᠵᠢᠪᠡ; ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ ᠶᠡᠭᠡ᠎ᠪᠠᠷ ᠳᠡᠭᠡᠭᠰᠢᠯᠡᠵᠦ᠂ ᠴᠡᠷᠢᠭ ᠠᠩᠬᠢ ᠵᠢᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠪᠠᠶ᠋ᠢᠳᠠᠯ᠎ᠳᠤ ᠴᠢᠬᠤᠯᠠ ᠶᠡᠭᠡ ᠬᠤᠪᠢᠷᠠᠯᠲᠠ ᠭᠠᠷᠪᠠ; ᠤᠯᠤᠰ᠎ᠤᠨ ᠠᠮᠤᠷ ᠲᠦᠪᠰᠢᠨ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠡᠶ᠋ᠢᠭᠡᠮ ᠡᠶ᠎ᠡ ᠵᠤᠬᠢᠴᠠᠩᠭᠤᠢ ᠲᠣᠭᠲᠠᠭᠤᠨ ᠪᠠᠶ᠋ᠢᠳᠠᠯ ᠵᠶ᠋ᠠᠨ ᠪᠠᠲᠤᠯᠠᠪᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠤᠳᠠᠯ ᠦᠭᠡᠢ ᠪᠡᠶᠡᠯᠡᠭᠳᠡᠬᠦ᠎ᠪᠠᠷ ᠪᠠᠶ᠋ᠢᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠠᠵᠢᠯ ᠠᠮᠵᠢᠯᠲᠠ ᠣᠯᠤᠮᠠᠷ ᠪᠤᠯᠵᠥ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠤᠷᠤᠭᠰᠢ᠎ᠪᠠᠨ ᠨᠢᠭᠡ ᠶᠡᠭᠡ ᠰᠢᠨ᠎ᠠ ᠠᠯᠬᠤᠮ ᠠᠬᠢᠵᠤ᠂ ᠨᠡᠶ᠋ᠢᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ ᠲᠥᠷᠬᠦ᠎ᠪᠠᠷ ᠳᠡᠯᠡᠬᠡᠢ ᠵᠢᠨ ᠳᠣᠷᠣᠨᠠᠳᠠᠬᠢᠨ᠎ᠳᠤ ᠰᠡᠬᠦ᠋ᠢ᠍ᠨ ᠰᠦᠨᠳᠡᠷᠯᠡᠵᠠᠢ ᠭᠡᠪᠡ᠃
      ᠪᠥᠬᠦᠳᠡ ᠬᠤᠷᠠᠯ᠎ᠠᠴᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠨᠢᠭᠡ ᠯᠡ ᠠᠮᠢᠰᠬᠤᠭ᠎ᠠ᠎ᠪᠠᠷ ᠴᠢᠷᠮᠠᠶ᠋ᠢᠨ᠂ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠵᠢ ᠦᠨᠡᠨ ᠬᠦ᠌ ᠪᠠᠲᠤᠯᠠᠵᠤ᠂ ᠲᠣᠭᠲᠠᠭᠰᠠᠨ ᠬᠤᠭᠤᠴᠠᠭ᠋ᠠᠨ᠎ᠳᠤ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠶ ᠬᠡᠵᠥ ᠴᠢᠬᠤᠯᠠᠴᠢᠯᠠᠪᠠ᠃
      ᠪᠥᠬᠦᠳᠡ ᠬᠤᠷᠠᠯ᠎ᠠᠴᠠ ᠮᠠᠨ᠎ᠤ ᠤᠯᠤᠰ᠎ᠤᠨ ᠬᠥᠭᠵᠢᠯᠲᠡ ᠵᠢᠨ ᠣᠷᠴᠢᠨ ᠲᠣᠭᠤᠷᠢᠨ᠎ᠳᠤ ᠲᠤᠯᠭ᠋ᠠᠷᠠᠵᠤ ᠪᠠᠶ᠋ᠢᠭ᠎ᠠ ᠭᠦᠨ ᠭᠦᠨᠵᠡᠭᠡᠶ ᠨᠠᠷᠢᠨ ᠪᠤᠳᠤᠯᠢᠶᠠᠨᠲᠠᠶ ᠬᠤᠪᠢᠷᠠᠯᠲᠠ ᠵᠢ ᠭᠦᠨᠵᠡᠭᠡᠶ ᠵᠠᠳᠠᠯᠵᠤ᠂ ᠣᠳᠣᠬᠠᠨ ᠪᠠ ᠬᠤᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠮᠠᠨ᠎ᠤ ᠤᠯᠤᠰ᠎ᠤᠨ ᠬᠥᠭᠵᠢᠯᠲᠡ ᠮᠥᠨ ᠬᠦ᠌ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠠᠵᠠ ᠲᠤᠬᠢᠶᠠᠯᠳᠤ ᠬᠤᠭᠤᠴᠠᠭ᠋ᠠᠨ᠎ᠳᠤ ᠣᠷᠣᠰᠢᠨ᠎ᠠ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ᠎ᠳᠤ ᠴᠥᠮ ᠰᠢᠨ᠎ᠡ ᠬᠥᠭᠵᠢᠯᠲᠡ ᠬᠤᠪᠢᠷᠠᠯᠲᠠ᠎ᠲᠠᠢ᠃ ᠣᠳᠣᠬᠠᠨ᠎ᠤ ᠳᠡᠯᠡᠬᠡᠶ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢ ᠥᠩᠭᠡᠷᠡᠭᠡᠵᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠭᠦᠨᠵᠡᠭᠡᠶ᠋ᠢᠷᠡᠨ ᠬᠦᠭᠵᠢᠵᠦ᠂ ᠣᠯᠠᠨ ᠤᠯᠤᠰ᠎ᠤᠨ ᠬᠦᠴᠦᠨ᠎ᠤ ᠬᠠᠷᠢᠴᠠᠯ᠎ᠳᠤ ᠭᠦᠨᠵᠡᠭᠡᠢ ᠳᠤᠬᠢᠷᠠᠭᠤᠯᠤᠯᠳᠠ ᠡᠭᠦᠰᠴᠤ᠂ ᠡᠩᠬᠡ ᠲᠠᠶ᠋ᠢᠪᠤᠩ ᠪᠠ ᠬᠥᠭᠵᠢᠯᠲᠡ ᠮᠥᠨ ᠬᠦ᠌ ᠴᠠᠭ ᠦᠶ᠎ᠡ ᠵᠢᠨ ᠭᠤᠣᠯ ᠰᠡᠳᠦᠪ ᠪᠠᠶ᠋ᠢᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ ᠬᠥᠮᠦᠰ᠎ᠤᠨ ᠰᠡᠳᠬᠢᠯ᠎ᠳᠤ ᠭᠦᠨ ᠬᠠᠳᠠᠩᠰᠢᠬᠤ ᠵᠢᠨ ᠬᠠᠮᠲᠤ ᠤᠯᠠᠨ ᠤᠯᠤᠰ᠎ᠤᠨ ᠣᠷᠴᠢᠨ ᠡᠳᠦᠷ ᠢᠷᠡᠬᠦᠶ᠎ᠡ ᠪᠤᠳᠤᠯᠢᠶᠠᠨᠲᠠᠶ ᠪᠤᠯᠵᠤ᠂ ᠳᠤᠭᠳᠠᠭᠤᠨ ᠪᠤᠰᠤ ᠴᠢᠨᠠᠷ ᠳᠤᠳᠤᠷᠬᠠᠢ ᠦᠭᠡᠢ ᠴᠢᠨᠠᠷ ᠢᠯᠡᠳᠲᠡ ᠨᠡᠮᠡᠭᠳᠡᠪᠡ᠃ ᠮᠠᠨ᠎ᠤ ᠤᠯᠤᠰ ᠨᠢᠭᠡᠨᠲᠡ ᠴᠢᠨᠠᠷ ᠰᠠᠶ᠋ᠢᠲᠠᠶ ᠬᠥᠭᠵᠢᠯᠲᠡ ᠵᠢᠨ ᠱᠠᠲᠤᠨ᠎ᠳᠤ ᠰᠢᠯᠵᠢᠵᠦ᠂ ᠪᠠᠶ᠋ᠢᠭᠤᠯᠤᠯ᠎ᠤᠨ ᠳᠠᠪᠠᠭᠤᠯᠢᠭ ᠢᠯᠡᠷᠬᠡᠢ ᠪᠣᠯᠵᠤ᠂ ᠵᠠᠰᠠᠯᠲᠠ ᠵᠢᠨ ᠦᠷ᠎ᠡ ᠪᠦᠲᠦᠮᠵᠢ ᠳᠡᠭᠡᠭᠰᠢᠯᠡᠵᠤ᠂ ᠠᠵᠤ ᠠᠬᠤᠶ ᠤᠷᠲᠤ ᠬᠤᠭᠤᠴᠠᠭ᠎ᠠ᠎ᠪᠠᠷ ᠰᠠᠶ᠋ᠢᠵᠢᠷᠠᠵᠤ᠂ ᠪᠣᠳᠠᠰ᠎ᠤᠨ ᠰᠠᠭᠤᠷᠢ ᠵᠤᠵᠠᠭ᠋ᠠᠨ᠂ ᠬᠥᠮᠦᠨ᠎ᠤ ᠬᠦᠴᠦᠨ᠎ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ᠎ᠤᠨ ᠣᠷᠣᠨ ᠵᠠᠶ ᠦᠷᠭᠡᠨ ᠠᠭᠤᠳᠠᠮ᠂ ᠬᠥᠭᠵᠢᠯᠲᠡ ᠵᠢᠨ ᠤᠶᠠᠨ ᠬᠠᠳᠠᠨ ᠴᠢᠨᠠᠷ ᠴᠢᠩᠭ᠎ᠠ᠂ ᠨᠡᠶ᠋ᠢᠭᠡᠮ᠎ᠤᠨ ᠶᠡᠭᠡ ᠲᠠᠯ᠎ᠠ ᠲᠣᠭᠲᠠᠭᠤᠨ ᠪᠠᠶ᠋ᠢᠵᠤ᠂ ᠦᠷᠭᠦᠯᠵᠢᠯᠡᠨ ᠬᠥᠭᠵᠢᠬᠦ᠎ᠳᠤ ᠣᠯᠠᠨ ᠲᠠᠯ᠎ᠠ ᠵᠢᠨ ᠳᠠᠪᠠᠭᠤᠯᠢᠭ ᠪᠠ ᠨᠥᠬᠦᠴᠡᠯ᠎ᠲᠠᠢ ᠪᠠᠶ᠋ᠢᠬᠤ ᠵᠢᠨ ᠵᠡᠷᠭᠡ᠎ᠪᠠᠷ ᠮᠠᠨ᠎ᠤ ᠤᠯᠤᠰ᠎ᠤᠨ ᠬᠥᠭᠵᠢᠯᠲᠡ ᠲᠡᠩᠴᠡᠭᠦᠷᠢ ᠦᠭᠡᠶ ᠭᠦᠢ᠍ᠴᠡᠳ ᠪᠤᠰᠤ ᠪᠠᠶ᠋ᠢᠬᠤ ᠠᠰᠠᠭᠤᠳᠠᠯ ᠮᠥᠨ ᠬᠦ᠌ ᠳᠣᠪᠤᠶ᠋ᠢᠮ᠎ᠠ ᠪᠠᠶ᠋ᠢᠭᠰᠠᠭ᠋ᠠᠷ᠂ ᠭᠤᠣᠯᠳᠠᠯᠭ᠎ᠠ᠎ᠲᠠᠢ ᠬᠦᠷᠢᠶᠡᠨ᠎ᠤ ᠵᠠᠩᠭᠢᠯᠠᠭ᠎ᠠ ᠵᠢᠨ ᠭᠤᠭᠴᠤᠭ᠎ᠠ ᠵᠢᠨ ᠥᠭᠡᠷᠡᠴᠢᠯᠡᠯᠲᠡ ᠵᠢᠨ ᠡᠭᠦᠷᠭᠡ ᠮᠥᠨ ᠬᠦ᠌ ᠬᠠᠲᠠᠭᠤᠵᠢᠯᠲᠠᠢ ᠪᠠᠶ᠋ᠢᠵᠤ᠂ ᠰᠢᠨ᠎ᠡ ᠵᠢ ᠡᠭᠦᠳᠬᠦ ᠴᠢᠳᠠᠪᠤᠷᠢ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠵᠢᠨ ᠰᠠᠭᠤᠷᠢ ᠪᠠᠰᠠ ᠪᠠᠲᠤ ᠪᠠᠬᠢ ᠪᠢᠰᠢ᠂ ᠬᠤᠲᠠ ᠬᠥᠳᠡᠭᠡ ᠣᠷᠣᠨ ᠪᠦᠰᠡ ᠵᠢᠨ ᠬᠥᠭᠵᠢᠯᠲᠡ ᠪᠠ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠨᠡᠯᠢᠶᠡᠳ ᠶᠡᠭᠡ ᠪᠠᠶ᠋ᠢᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠡᠭᠦᠷᠭᠡ ᠬᠦᠨᠳᠦ ᠵᠠᠮ ᠬᠤᠯᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠣᠷᠣᠰᠢᠵᠤ᠂ ᠨᠡᠶ᠋ᠢᠭᠡᠮ᠎ᠤᠨ ᠵᠠᠰᠠᠯᠲᠠ᠎ᠳᠤ ᠪᠠᠰᠠ ᠪᠠᠭᠤᠷᠠᠢ ᠵᠦᠢ᠍ᠯ ᠪᠠᠶ᠋ᠢᠨ᠎ᠠ᠃ ᠪᠦᠬᠦ ᠨᠠᠮ ᠵᠶ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠪᠦᠬᠦ ᠲᠠᠯ᠎ᠠ ᠪᠠ ᠳᠡᠯᠡᠬᠡᠶ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢ ᠨᠢᠭᠡᠳᠦᠯᠲᠡᠶ ᠲᠥᠯᠥᠪᠵᠢᠭᠦᠯᠵᠦ᠂ ᠮᠠᠨ᠎ᠤ ᠤᠯᠤᠰ᠎ᠤᠨ ᠨᠡᠶ᠋ᠢᠭᠡᠮ᠎ᠤᠨ ᠭᠤᠣᠯ ᠵᠥᠷᠢᠴᠡᠯ᠎ᠤᠨ ᠬᠤᠪᠢᠷᠠᠯᠲᠠ ᠵᠢᠨ ᠠᠪᠴᠢᠷᠠᠭᠰᠠᠨ ᠰᠢᠨ᠎ᠡ ᠣᠨᠴᠠᠯᠢᠭ ᠰᠢᠨ᠎ᠡ ᠱᠠᠭ᠋ᠠᠷᠳᠠᠯᠭ᠎ᠠ ᠵᠢ ᠭᠦᠨᠵᠡᠭᠡᠶ ᠲᠠᠨᠢᠵᠤ᠂ ᠨᠠᠷᠢᠨ ᠪᠤᠳᠤᠯᠢᠶᠠᠨᠲᠠᠶ ᠣᠯᠠᠨ ᠤᠯᠤᠰ᠎ᠤᠨ ᠣᠷᠴᠢᠨ᠎ᠤ ᠠᠪᠴᠢᠷᠠᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ᠎ᠢ ᠭᠦᠨᠵᠡᠭᠡᠶ ᠲᠠᠨᠢᠵᠤ᠂ ᠠᠵᠠ ᠲᠣᠬᠢᠶᠠᠯ᠎ᠤᠨ ᠤᠬᠠᠮᠰᠠᠷ ᠪᠣᠯᠤᠨ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠨ᠂ ᠨᠡᠶ᠋ᠢᠭᠡᠮ ᠵᠢᠷᠤᠮ᠎ᠤᠨ ᠠᠩᠬᠠᠨ᠎ᠤ ᠱᠠᠲᠤᠨ᠎ᠳᠤ ᠪᠠᠶ᠋ᠢᠭ᠎ᠠ ᠦᠨᠳᠦᠰᠦᠨ ᠤᠯᠤᠰ᠎ᠤᠨ ᠪᠠᠶ᠋ᠢᠳᠠᠯ᠎ᠳᠤ ᠰᠠᠭᠤᠷᠢᠯᠠᠵᠤ᠂ ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠥᠪᠡᠷ᠎ᠤᠨ ᠶᠠᠪᠤᠳᠠᠯ ᠵᠶ᠋ᠠᠨ ᠰᠠᠶ᠋ᠢᠲᠤᠷ ᠬᠢᠵᠦ᠂ ᠬᠥᠭᠵᠢᠯᠲᠡ ᠵᠢᠨ ᠵᠢᠮ᠎ᠡ ᠶᠣᠰᠣ ᠵᠢ ᠲᠠᠨᠢᠵᠤ ᠡᠵᠡᠮᠰᠢᠨ᠂ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠤᠷᠢᠭ᠎ᠠ ᠱᠤᠭᠤᠮ᠎ᠤᠨ ᠰᠡᠳᠬᠢᠬᠦᠶ ᠵᠢ ᠪᠤᠢ ᠪᠣᠯᠭ᠋ᠠᠨ᠂ ᠬᠤᠪᠢᠷᠠᠯᠲᠠ ᠵᠢ ᠵᠥᠪ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠭ᠋ᠠᠨ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠭᠤᠯᠵᠤ᠂ ᠳᠦᠭᠰᠢᠬᠦᠷᠢ ᠵᠢᠨ ᠳᠤᠮᠳᠠ ᠠᠵᠠ ᠲᠣᠬᠢᠶᠠᠯ᠎ᠢ ᠡᠭᠦᠳᠬᠦ᠂ ᠬᠤᠪᠢᠷᠠᠯᠲᠠ ᠵᠢᠨ ᠳᠤᠮᠳᠠ ᠰᠢᠨ᠎ᠡ ᠪᠠᠶ᠋ᠢᠳᠠᠯ᠎ᠢ ᠨᠡᠭᠡᠭᠡᠬᠦ᠎ᠳᠡᠭᠡᠨ ᠴᠢᠳᠠᠮᠠᠭ᠋ᠠᠢ ᠪᠠᠶ᠋ᠢᠵᠥ᠂ ᠠᠵᠠ ᠲᠣᠬᠢᠶᠠᠯ᠎ᠢ ᠠᠳᠬᠤᠵᠤ᠂ ᠥᠷᠢᠰᠥᠯᠳᠦᠭᠡᠨ᠎ᠢ ᠠᠷᠭ᠋ᠠᠴᠠᠭ᠋ᠠᠨ᠂ ᠬᠤᠣᠷ ᠬᠥᠨᠥᠭᠡᠯ᠎ᠠᠴᠠ ᠵᠠᠶ᠋ᠢᠯᠠᠵᠤ᠂ ᠡᠷᠡᠯᠬᠡᠭᠯᠡᠨ ᠤᠷᠤᠭᠰᠢᠯᠠᠬᠤ ᠬᠡᠷᠡᠭᠳᠡᠢ ᠭᠡᠵᠦ ᠦᠵᠡᠪᠡ᠃
      ᠪᠥᠬᠦᠳᠡ ᠬᠤᠷᠠᠯ᠎ᠠᠴᠠ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢᠨ ᠠᠯᠤᠰ᠎ᠤᠨ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠠ ᠭᠡᠵᠦ ᠳᠤᠷᠠᠳᠪᠠ᠂ ᠳᠠᠷᠤᠶ᠄ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠶᠡᠭᠡ᠎ᠪᠠᠷ ᠳᠡᠭᠡᠭᠰᠢᠯᠡᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠪᠣᠯᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠣᠷᠣᠯᠭ᠎ᠠ ᠳᠠᠬᠢᠨᠳᠠ ᠰᠢᠨ᠎ᠡ ᠶᠡᠭᠡ ᠳᠡᠭᠲᠡᠷ᠎ᠲᠤ ᠭᠠᠷᠴᠤ᠂ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠳᠤ ᠴᠢᠬᠤᠯᠠ ᠶᠡᠭᠡ ᠰᠢᠪᠲᠤᠯᠤᠯᠲᠠ᠎ᠲᠠᠢ ᠪᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠤᠨ ᠡᠮᠦᠨ᠎ᠡ ᠡᠩᠨᠡᠭᠡᠨ᠎ᠳᠤ ᠣᠷᠣᠨ᠎ᠠ; ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠤᠳᠠ ᠪᠠᠯᠭ᠋ᠠᠰᠤᠵᠢᠯᠳᠠ᠂ ᠬᠦᠳᠡᠭᠡ ᠠᠵᠤ ᠠᠬᠤᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠢ ᠪᠠᠶ᠋ᠢᠭᠤᠯᠤᠨ᠎ᠠ; ᠤᠯᠤᠰ᠎ᠤᠨ ᠵᠠᠰᠠᠯᠳᠠ ᠵᠢᠨ ᠰᠢᠰᠲ᠋ᠧᠮ ᠪᠠ ᠵᠠᠰᠠᠯᠳᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂ ᠠᠷᠠᠳ ᠲᠦᠮᠡᠨ᠎ᠤ ᠡᠷᠬᠡ ᠲᠡᠭᠰᠢ᠎ᠪᠠᠷ ᠣᠷᠣᠯᠴᠠᠬᠤ᠂ ᠡᠷᠬᠡ ᠲᠡᠭᠰᠢ᠎ᠪᠠᠷ ᠬᠥᠭᠵᠢᠬᠦ ᠡᠷᠬᠡ ᠵᠢ ᠭᠦᠢ᠍ᠴᠡᠳ ᠪᠠᠲᠤᠯᠠᠵᠤ᠂ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠂ ᠬᠠᠤᠯᠢᠵᠢᠯ᠎ᠤᠨ ᠨᠡᠶ᠋ᠢᠭᠡᠮ᠎ᠢ ᠦᠨᠳᠦᠰᠦᠨ᠎ᠳᠡᠭᠡᠨ ᠪᠠᠶ᠋ᠢᠭᠤᠯᠤᠨ᠎ᠠ; ᠰᠣᠶᠣᠯ᠎ᠤᠨ ᠬᠦᠴᠦᠷᠬᠡᠭ ᠤᠯᠤᠰ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠪᠠᠶ᠋ᠢᠭᠤᠯᠵᠤ᠂ ᠤᠯᠤᠰ ᠠᠷᠠᠳ᠎ᠤᠨ ᠬᠡᠪ ᠪᠤᠯᠪᠠᠰᠤᠷᠠᠯ ᠪᠠ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠰᠢᠨ᠎ᠡ ᠦᠨᠳᠦᠷᠴᠡ᠎ᠳᠤ ᠬᠦᠷᠴᠤ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠳᠲᠡ ᠴᠢᠩᠭ᠋ᠠᠷᠠᠭᠤᠯᠤᠨ᠎ᠠ; ᠪᠣᠬᠢᠷᠲᠤᠯ ᠦᠭᠡᠢ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠥᠷᠭᠡᠨ ᠵᠶ᠋ᠠᠷ ᠪᠤᠢ ᠪᠤᠯᠭ᠋ᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠦᠭᠰᠡᠨ᠎ᠤ ᠳᠠᠷᠠᠭ᠎ᠠ ᠲᠣᠭᠲᠠᠭᠤᠨ ᠵᠶ᠋ᠠᠷ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠦᠨᠳᠦᠰᠦᠨ᠎ᠠᠴᠠ᠎ᠪᠠᠨ ᠰᠠᠶ᠋ᠢᠵᠢᠷᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠠ; ᠭᠠᠳᠠᠭ᠋ᠠᠳᠤ ᠨᠡᠭᠡᠭᠡᠯᠳᠡ ᠵᠢᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠵᠤ᠂ ᠤᠯᠠᠨ ᠤᠯᠤᠰ᠎ᠤᠨ ᠠᠵᠤ ᠠᠬᠤᠶ ᠵᠢᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠳᠤ ᠣᠷᠣᠯᠴᠠᠬᠤ ᠰᠢᠨ᠎ᠡ ᠳᠠᠪᠠᠭᠤᠯᠢᠭ ᠢᠯᠡᠳᠲᠡ ᠴᠢᠩᠭ᠋ᠠᠷᠠᠨ᠎ᠠ; ᠬᠥᠮᠦᠨ ᠳᠤᠮᠳᠠᠴᠢ ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠳᠤᠮᠳᠠ ᠵᠡᠷᠭᠡ ᠵᠢᠨ ᠬᠥᠭᠵᠢᠭᠰᠡᠨ ᠤᠯᠤᠰ᠎ᠤᠨ ᠬᠢᠷᠢ ᠬᠡᠮᠵᠢᠶ᠎ᠡ᠎ᠳᠤ ᠬᠦᠷᠴᠤ᠂ ᠳᠤᠮᠳᠠ ᠵᠡᠷᠭᠡ ᠵᠢᠨ ᠣᠷᠣᠯᠭ᠎ᠠ᠎ᠲᠠᠢ ᠬᠦᠮᠦᠰ ᠢᠯᠡᠳᠲᠡ ᠤᠯᠠᠰᠢᠷᠠᠵᠤ᠂ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠲᠡᠩᠴᠡᠭᠦᠷᠢᠳᠠᠢ ᠪᠤᠯᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠥᠷᠢᠶ᠎ᠡ ᠪᠠ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠲᠦᠪᠰᠢᠨ᠎ᠤ ᠵᠥᠷᠢᠶ᠎ᠡ ᠢᠯᠡᠳᠳᠡ ᠪᠠᠭ᠋ᠠᠰᠤᠨ᠎ᠠ; ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠨᠡᠩ ᠥᠨᠳᠥᠷ ᠲᠦᠪᠰᠢᠨ᠎ᠳᠤ ᠬᠦᠷᠴᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; ᠠᠷᠠᠳ᠎ᠤᠨ ᠠᠮᠢᠳᠤᠷᠠᠯ ᠨᠡᠩ ᠰᠠᠶ᠋ᠢᠨ ᠰᠠᠶ᠋ᠢᠬᠠᠨ ᠪᠤᠯᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ᠎ᠪᠠᠷ ᠴᠢᠨᠡᠭᠡᠯᠢᠭᠵᠢᠬᠦ ᠶᠠᠪᠤᠳᠠᠯ ᠨᠡᠩ ᠢᠯᠡᠷᠬᠡᠶ ᠮᠥᠨ ᠴᠢᠨᠠᠷ᠎ᠤᠨ ᠠᠬᠢᠴᠠ᠎ᠲᠠᠢ ᠪᠣᠯᠤᠨ᠎ᠠ᠃
      ᠪᠥᠬᠦᠳᠡ ᠬᠤᠷᠠᠯ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠢᠯᠣᠭᠤᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠵᠠᠷᠴᠢᠮ᠎ᠢ ᠳᠤᠷᠠᠳᠴᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠵᠤ ᠠᠬᠤᠶ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠥᠷᠥ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠶᠡᠷᠦᠩᠬᠡᠶ ᠪᠠᠶ᠋ᠢᠷᠢᠰᠢᠭᠤᠯᠤᠯᠳᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶ᠋ᠢᠭᠡᠮ ᠵᠢᠷᠦᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠳᠠ ᠵᠢ ᠵᠣᠬᠢᠴᠠᠩᠭᠤᠢ ᠠᠬᠢᠭᠤᠯᠵᠤ᠂ ᠰᠢᠨ᠎ᠡ ᠵᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠳᠡᠳᠤ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠡᠳᠦᠪ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠤᠣᠯ ᠰᠢᠵᠢᠮ ᠪᠣᠯᠭ᠋ᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠬᠠᠷᠠᠯᠳᠠ ᠪᠣᠯᠭ᠋ᠠᠨ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ ᠵᠶ᠋ᠠᠷ ᠭᠤᠤᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠱᠠᠯᠠᠪᠳᠠᠨ ᠪᠠᠶ᠋ᠢᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠂ ᠠᠵᠤ ᠠᠬᠤᠶ ᠵᠢᠨ ᠯᠠᠪᠳᠠᠭᠤᠨ ᠵᠶ᠋ᠠᠷ ᠬᠤᠯᠠ ᠠᠶᠠᠯᠠᠬᠤ᠂ ᠨᠡᠶ᠋ᠢᠭᠡᠮ᠎ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠶ᠋ᠢᠬᠤ ᠵᠢ ᠪᠡᠶᠡᠯᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ᠎ᠢ ᠰᠠᠶ᠋ᠢᠳᠦᠷ ᠡᠬᠢᠯᠡᠭᠦᠯᠵᠦ᠂ ᠡᠬᠢᠨ᠎ᠤ ᠠᠯᠬᠤᠭ᠎ᠠ᠎ᠪᠠᠨ ᠰᠠᠶ᠋ᠢᠳᠤᠷ ᠠᠯᠬᠤᠬᠤ ᠬᠡᠷᠡᠭᠳᠠᠢ᠃ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠠᠴᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠤᠳᠤᠷᠢᠳᠬᠤ ᠪᠠᠶ᠋ᠢᠭᠤᠯᠤᠮᠵᠢ ᠲᠣᠭᠲᠠᠴᠠ ᠵᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠴᠢᠳᠠᠪᠤᠷᠢ ᠪᠠ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠎ᠳᠤ ᠦᠨᠳᠦᠰᠦᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠵᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠪᠥᠬᠦᠳᠡ ᠬᠤᠷᠠᠯ᠎ᠠᠴᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠵᠢ ᠳᠤᠷᠠᠳᠴᠠᠢ᠂ ᠳᠠᠷᠤᠶ᠄ ᠠᠵᠤ ᠠᠬᠤᠶ ᠵᠢᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠣᠯᠵᠤ᠂ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠰᠠᠭᠤᠷᠢᠨ ᠳᠡᠭᠡᠷ᠎ᠡ ᠠᠵᠤ ᠠᠬᠤᠶ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠪᠡᠶᠡᠯᠡᠭᠦᠯᠵᠤ᠂ ᠨᠡᠮᠡᠭᠳᠡᠯ᠎ᠤᠨ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ ᠨᠡᠩ ᠬᠦᠴᠦᠷᠬᠡᠭᠵᠢᠨ᠂ ᠠᠵᠤ ᠠᠬᠤᠶ ᠵᠢᠨ ᠪᠦᠲᠦᠴᠡ ᠨᠡᠩ ᠰᠢᠯᠢᠳᠡᠭᠵᠢᠵᠤ᠂ ᠰᠢᠨ᠎ᠡ ᠵᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠤ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ ᠢᠯᠡᠳᠲᠡ ᠳᠡᠭᠡᠭᠰᠢᠯᠡᠨ᠂ ᠬᠦᠳᠡᠭᠡ ᠠᠵᠤ ᠠᠬᠤᠢ ᠵᠢᠨ ᠰᠠᠭᠤᠷᠢ ᠨᠡᠩ ᠪᠠᠲᠤ ᠪᠠᠬᠢ ᠪᠤᠯᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠣᠬᠢᠴᠠᠩᠭᠤᠶ ᠴᠢᠨᠠᠷ ᠢᠯᠡᠳᠲᠡ ᠴᠢᠩᠭ᠋ᠠᠷᠠᠵᠤ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠤᠨ ᠪᠠᠶ᠋ᠢᠭᠤᠯᠤᠯᠲᠠ ᠴᠢᠬᠤᠯᠠ ᠶᠡᠭᠡ ᠠᠬᠢᠴᠠ᠎ᠲᠠᠢ ᠪᠣᠯᠤᠨ᠎ᠠ; ᠥᠭᠡᠷᠡᠴᠢᠯᠡᠯᠲᠡ ᠨᠡᠭᠡᠭᠡᠯᠲᠡ ᠰᠢᠨ᠎ᠡ ᠠᠬᠢᠴᠠ᠎ᠲᠠᠢ ᠪᠤᠯᠵᠤ᠂ ᠨᠡᠶ᠋ᠢᠭᠡᠮ ᠵᠢᠷᠦᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠯ ᠤᠯᠠᠮ ᠲᠡᠭᠦᠯᠳᠡᠷᠵᠢᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠨᠡᠩ ᠠᠮᠢᠵᠢᠷᠠᠯ᠎ᠤᠨ ᠬᠦᠴᠦᠨ᠎ᠲᠠᠢ ᠪᠤᠯᠵᠤ᠂ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠴᠢᠬᠤᠯᠠ ᠶᠡᠭᠡ ᠠᠬᠢᠴᠠ᠎ᠲᠠᠢ ᠪᠣᠯᠵᠤ᠂ ᠡᠷᠬᠡ ᠲᠡᠭᠰᠢ᠎ᠪᠠᠷ ᠥᠷᠢᠰᠦᠯᠳᠦᠬᠦ ᠳᠦᠷᠢᠮ ᠨᠠᠩ ᠲᠡᠭᠦᠯᠳᠡᠷᠵᠢᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶᠢᠭ᠎ᠤᠨ ᠠᠵᠤ ᠠᠬᠤᠶ ᠵᠢᠨ ᠰᠢᠨ᠎ᠡ ᠪᠠᠶ᠋ᠢᠭᠤᠯᠤᠮᠵᠢ ᠵᠢ ᠦᠨᠳᠦᠰᠦᠨ᠎ᠳᠡᠭᠡᠨ ᠪᠦᠷᠢᠯᠳᠦᠭᠦᠯᠦᠨ᠎ᠠ; ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠰᠢᠨ᠎ᠡ ᠳᠡᠭᠡᠭᠰᠢᠯᠡᠯᠲᠡ᠎ᠲᠠᠢ ᠪᠣᠯᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠬᠥᠮᠦᠰ᠎ᠤᠨ ᠰᠡᠳᠬᠢᠯ᠎ᠳᠤ ᠭᠦᠨ ᠬᠠᠳᠠᠩᠰᠢᠵᠤ᠂ ᠠᠷᠠᠳ ᠲᠦᠮᠡᠨ᠎ᠤ ᠦᠵᠡᠯ ᠰᠠᠨᠠᠭ᠎ᠠ ᠶᠣᠰᠣ ᠰᠤᠷᠳᠠᠬᠤᠨ᠎ᠤ ᠬᠡᠪ ᠪᠤᠯᠪᠠᠰᠤᠷᠠᠯ᠂ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠪᠤᠯᠪᠠᠰᠤᠷᠠᠯ ᠪᠣᠯᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠬᠡᠪ ᠪᠤᠯᠪᠠᠰᠤᠷᠠᠯ ᠢᠯᠡᠳᠲᠡ ᠳᠡᠭᠡᠭᠰᠢᠯᠡᠵᠤ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ ᠪᠣᠯᠤᠨ ᠰᠣᠶᠣᠯ᠎ᠤᠨ ᠠᠵᠤ ᠦᠢ᠍ᠯᠡᠰ᠎ᠤᠨ ᠰᠢᠰᠲ᠋ᠧᠮ ᠨᠡᠩ ᠲᠡᠭᠦᠯᠳᠡᠷᠵᠢᠨ᠂ ᠠᠷᠠᠳ ᠲᠦᠮᠡᠨ᠎ᠤ ᠤᠶᠤᠨ ᠤᠬᠠᠭ᠋ᠠᠨ ᠰᠣᠶᠣᠯ᠎ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ; ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠰᠢᠨ᠎ᠡ ᠳᠠᠪᠰᠢᠯᠲᠠ᠎ᠲᠠᠢ ᠪᠣᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ ᠰᠢᠯᠢᠳᠡᠭᠵᠢᠵᠦ᠂ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠪᠣᠬᠢᠷᠲᠤᠯ ᠦᠭᠡᠶ ᠪᠤᠯᠭ᠋ᠠᠨ ᠬᠤᠪᠢᠷᠠᠭᠤᠯᠬᠤ ᠠᠵᠢᠯ ᠢᠯᠡᠳᠲᠡ ᠦᠷ᠎ᠠ ᠪᠦᠲᠦᠮᠵᠢ ᠣᠯᠵᠤ᠂ ᠡᠨᠧᠷᠭᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠡᠩ ᠵᠦᠶ ᠵᠣᠬᠢᠰᠲᠠᠶ ᠪᠣᠯᠭ᠋ᠠᠵᠤ᠂ ᠠᠰᠢᠡᠡᠯᠠᠯᠳᠠ ᠵᠢᠨ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠵᠤ᠂ ᠭᠤᠤᠯ ᠪᠣᠯᠬᠤ ᠪᠣᠬᠢᠷᠳᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭ᠋ᠠᠰᠴᠤ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠵᠤ᠂ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠨᠠᠩ ᠪᠠᠲᠤ ᠪᠠᠬᠢ ᠪᠣᠯᠭ᠋ᠠᠵᠤ᠂ ᠬᠤᠲᠠ ᠬᠥᠳᠡᠭᠡ ᠵᠢᠨ ᠣᠷᠣᠰᠢᠨ ᠰᠠᠭᠤᠬᠤ ᠣᠷᠴᠢᠨ ᠨᠥᠬᠦᠴᠡᠯ᠎ᠢ ᠢᠯᠡᠳᠲᠡ ᠰᠠᠶ᠋ᠢᠵᠢᠷᠠᠭᠤᠯᠤᠨ᠎ᠠ; ᠠᠷᠠᠳ᠎ᠤᠨ ᠠᠵᠠ ᠵᠢᠷᠭ᠋ᠠᠯ ᠰᠢᠨ᠎ᠡ ᠲᠦᠪᠰᠢᠨ᠎ᠳᠤ ᠬᠦᠷᠴᠤ᠂ ᠨᠡᠩ ᠭᠦᠢ᠍ᠴᠡᠳ ᠨᠡᠩ ᠴᠢᠨᠠᠷ ᠰᠠᠶ᠋ᠢᠲᠠᠶ ᠠᠵᠢᠯ ᠣᠯᠭᠤᠯᠲᠠ ᠵᠢ ᠪᠡᠶᠡᠯᠡᠭᠦᠯᠵᠤ᠂ ᠠᠷᠠᠳ᠎ᠤᠨ ᠣᠷᠣᠯᠭ᠎ᠠ ᠵᠢᠨ ᠨᠡᠮᠡᠭᠳᠡᠯ ᠪᠣᠯᠤᠨ ᠠᠵᠤ ᠠᠬᠤᠶ ᠵᠢᠨ ᠨᠡᠮᠡᠭᠳᠡᠯ᠎ᠢ ᠦᠨᠳᠦᠰᠦᠨ᠎ᠳᠡᠭᠡᠨ ᠠᠯᠬᠤᠭ᠎ᠠ ᠨᠢᠭᠡᠳᠠᠢ ᠪᠤᠯᠭ᠋ᠠᠵᠤ᠂ ᠬᠤᠪᠢᠶᠠᠷᠢᠯᠠᠯᠲᠠ ᠵᠢᠨ ᠪᠦᠲᠦᠴᠡ ᠢᠯᠡᠳᠲᠡ ᠰᠠᠶ᠋ᠢᠵᠢᠷᠠᠵᠤ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠲᠡᠩᠴᠡᠭᠦᠷᠢ᠎ᠲᠠᠢ ᠲᠦᠪᠰᠢᠨ ᠢᠯᠡᠳᠲᠡ ᠳᠡᠭᠡᠭᠰᠢᠯᠡᠵᠤ᠂ ᠪᠦᠬᠦ ᠠᠷᠠᠳ᠎ᠤᠨ ᠰᠤᠷᠭ᠋ᠠᠨ ᠬᠥᠮᠦᠵᠢᠯ ᠬᠦᠷᠲᠡᠬᠦ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠣᠯᠠᠨ ᠳᠡᠰ ᠳᠠᠪᠬᠤᠷᠭ᠎ᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠨᠠᠩ ᠪᠦᠷᠢᠨᠰᠢᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠢᠰᠲ᠋ᠧᠮ ᠨᠠᠩ ᠲᠡᠭᠦᠯᠳᠡᠷᠵᠢᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠪᠠᠬᠢᠵᠢᠨ ᠦᠷᠭᠡᠵᠢᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠠᠬᠢᠭᠤᠯᠤᠨ᠎ᠠ; ᠤᠯᠤᠰ᠎ᠤᠨ ᠵᠠᠰᠠᠯᠲᠠ ᠵᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ᠎ᠲᠠᠢ ᠪᠣᠯᠵᠤ᠂ ᠨᠡᠶ᠋ᠢᠭᠡᠮ ᠵᠢᠷᠤᠮ᠎ᠤᠨ ᠠᠷᠠᠳᠴᠢᠯᠠᠭᠰᠠᠨ ᠬᠠᠤᠯᠢᠵᠢᠯ ᠨᠠᠩ ᠪᠦᠷᠢᠨᠰᠢᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠤᠯᠠᠮ ᠴᠢᠨᠠᠭᠰᠢᠳᠠ ᠢᠯᠡᠷᠡᠭᠦᠯᠵᠦ᠂ ᠤᠯᠤᠰ᠎ᠤᠨ ᠵᠠᠰᠠᠭ ᠵᠠᠬᠢᠷᠭ᠋ᠠᠨ᠎ᠤ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠠᠩ ᠰᠠᠶ᠋ᠢᠨ ᠪᠠᠳᠠᠷᠠᠭᠤᠯᠵᠤ᠂ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠪᠣᠯᠤᠨ ᠨᠡᠶ᠋ᠢᠳᠡ᠎ᠳᠤ ᠢᠲᠡᠭᠡᠭᠦᠯᠬᠦ ᠬᠦᠴᠦᠨ᠎ᠢ ᠢᠯᠡᠳᠲᠡ ᠳᠡᠭᠡᠭᠰᠢᠯᠡᠭᠦᠯᠵᠦ᠂ ᠨᠡᠶ᠋ᠢᠭᠡᠮ᠎ᠤᠨ ᠵᠠᠰᠠᠯᠲᠠ ᠣᠨᠴᠠᠭ᠋ᠠᠶ᠋ᠢᠯᠠᠨ ᠦᠨᠳᠦᠰᠦᠨ ᠱᠠᠲᠤᠨ᠎ᠤ ᠵᠠᠰᠠᠯᠲᠠ ᠵᠢᠨ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠪᠠᠶ᠋ᠢᠭᠤᠯᠤᠮᠵᠢ ᠲᠣᠭᠲᠠᠴᠠ ᠲᠠᠰᠤᠷᠠᠯᠲᠠ ᠤᠢ᠍ᠭᠡᠢ ᠲᠡᠭᠦᠯᠳᠡᠷᠵᠢᠵᠤ᠂ ᠭᠡᠨᠡᠳᠲᠡ᠎ᠪᠠᠷ ᠡᠭᠦᠰᠬᠦ ᠣᠯᠠᠨ ᠨᠡᠶ᠋ᠢᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠢᠯᠡᠳᠲᠡ ᠴᠢᠩᠭ᠋ᠠᠷᠠᠵᠤ᠂ ᠪᠠᠶ᠋ᠢᠭ᠋ᠠᠯᠢ ᠵᠢᠨ ᠭᠠᠮᠰᠢᠭ᠎ᠢ ᠰᠡᠷᠭᠡᠶ᠋ᠢᠯᠡᠬᠦ ᠲᠦᠪᠰᠢᠨ ᠢᠯᠡᠳᠲᠡ ᠳᠡᠭᠡᠭᠰᠢᠯᠡᠵᠤ᠂ ᠬᠥᠭᠵᠢᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠨᠡᠩ ᠬᠦᠴᠦᠲᠡᠶ ᠪᠤᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠬᠢ ᠵᠢᠨ ᠣᠳᠣᠬᠢᠴᠢᠯᠠᠯᠲᠠ ᠴᠢᠬᠤᠯᠠ ᠶᠡᠭᠡ ᠠᠯᠬᠤᠮ᠎ᠢ ᠠᠯᠬᠤᠨ᠎ᠠ ᠭᠡᠪᠡ᠃
      ᠪᠥᠬᠦᠳᠡ ᠬᠤᠷᠠᠯ᠎ᠠᠴᠠ᠂ ᠰᠢᠨ᠎ᠡ ᠵᠢ ᠡᠭᠦᠳᠬᠦ ᠵᠢᠨ ᠮᠠᠨ᠎ᠤ ᠤᠯᠤᠰ᠎ᠤᠨ ᠣᠳᠣᠬᠢᠴᠢᠯᠠᠯᠳᠠ ᠵᠢᠨ ᠪᠦᠲᠦᠭᠡᠨ ᠪᠠᠶ᠋ᠢᠭᠤᠯᠤᠯᠲᠠ ᠵᠢᠨ ᠪᠦᠬᠦ ᠲᠠᠯ᠎ᠠ᠎ᠳᠠᠬᠢ ᠭᠤᠤᠯᠯᠠᠬᠤ ᠪᠠᠶ᠋ᠢᠷᠢ ᠰᠠᠭᠤᠷᠢ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ ᠪᠣᠯᠭ᠋ᠠᠵᠤ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠮᠦᠨ᠎ᠠ ᠡᠩᠨᠡᠭᠡᠨ᠎ᠳᠤ ᠬᠠᠨᠳᠤᠭᠤᠯᠵᠤ᠂ ᠠᠵᠤ ᠠᠬᠤᠶ ᠵᠢᠨ ᠭᠤᠤᠯ ᠳᠠᠶ᠋ᠢᠨ᠎ᠤ ᠲᠠᠯᠠᠪᠤᠷ᠎ᠲᠤ ᠬᠠᠨᠳᠤᠭᠤᠯᠵᠤ᠂ ᠤᠯᠤᠰ᠎ᠤᠨ ᠴᠢᠬᠤᠯᠠ ᠶᠡᠭᠡ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠵᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠎ᠳᠤ ᠬᠠᠨᠳᠤᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ ᠬᠡᠷᠡᠭᠳᠠᠢ᠃ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠨ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠳᠠᠢ ᠭᠡᠵᠤ ᠳᠤᠷᠠᠳᠪᠠ᠃
      ᠪᠥᠬᠦᠳᠡ ᠬᠤᠷᠠᠯ᠎ᠠᠴᠠ᠂ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠨ ᠬᠥᠭᠵᠢᠭᠦᠯᠵᠦ᠂ ᠠᠵᠤ ᠠᠬᠤᠶ ᠵᠢᠨ ᠰᠢᠰᠲ᠋ᠧᠮ᠎ᠤᠨ ᠰᠢᠯᠢᠳᠡᠭᠵᠢᠨ ᠲᠡᠰ ᠳᠡᠪᠰᠢᠬᠦ ᠵᠢ ᠠᠬᠢᠭᠤᠯᠬᠤ ᠬᠡᠷᠡᠭᠳᠠᠢ᠃ ᠠᠵᠤ ᠠᠬᠤᠶ᠎ᠪᠠᠨ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠶ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠂ ᠲᠣᠭ᠋ᠠᠴᠢᠯᠠᠭᠰᠠᠨ ᠳᠤᠮᠳᠠᠳᠤ ᠤᠯᠤᠰ᠎ᠢ ᠡᠷᠡᠰ ᠭᠤᠶ᠋ᠢᠪᠢᠰᠢ ᠦᠭᠡᠶ ᠪᠦᠲᠦᠭᠡᠨ ᠪᠠᠶ᠋ᠢᠭᠤᠯᠵᠤ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠤ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢ ᠠᠬᠢᠭᠤᠯᠵᠤ᠂ ᠠᠵᠤ ᠠᠬᠤᠶ ᠵᠢᠨ ᠶᠠᠰᠤ ᠴᠢᠨᠠᠷ ᠦᠷ᠎ᠡ ᠠᠰᠢᠭ ᠪᠠ ᠭᠤᠤᠯᠯᠠᠭᠴᠢ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠳᠠᠢ᠃ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠳᠡ ᠵᠢ ᠲᠦᠷᠭᠡᠳᠭᠡᠵᠦ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠳᠠ ᠵᠢ ᠲᠦᠷᠭᠡᠳᠭᠡᠵᠦ᠂ ᠡᠨᠧᠷᠭᠢ ᠵᠢᠨ ᠬᠤᠪᠢᠰᠬᠠᠯ᠎ᠢ ᠠᠬᠢᠭᠤᠯᠵᠤ᠂ ᠲᠤᠭ᠋ᠠᠴᠢᠯᠠᠭᠰᠠᠨ ᠬᠥᠭᠵᠢᠯᠲᠡ ᠵᠢ ᠲᠦᠷᠭᠡᠳᠭᠡᠬᠦ ᠬᠡᠷᠡᠭᠳᠠᠢ ᠭᠡᠵᠤ ᠳᠤᠷᠠᠳᠴᠠᠢ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠲᠤᠰᠬᠠᠶ ᠵᠦᠪᠯᠡᠯ᠎ᠤᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠰᠢ ᠵᠢᠨ ᠫᠢᠩ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠪᠦᠬᠦ ᠤᠯᠤᠰ᠎ᠤᠨ ᠠᠷᠠᠳ᠎ᠤᠨ ᠴᠠᠭᠳᠠᠭ᠎ᠠ ᠵᠢ ᠴᠢᠩ ᠰᠡᠳᠬᠢᠯ᠎ᠠᠴᠠ᠎ᠪᠠᠨ ᠲᠤᠬᠤᠨᠢᠭᠤᠯᠵᠤ ᠪᠠᠢ᠌ᠬᠤ᠎ᠪᠠᠨ ᠢᠯᠡᠳᠬᠡᠪᠡ
2021 ᠣᠨ ᠯᠢ ᠺᠧ ᠴᠢᠶᠠᠩ ᠶᠡᠷᠦᠩᠬᠡᠢ ᠰᠠᠢ᠌ᠳ᠎ᠤᠨ ᠰᠤᠷᠪᠤᠯᠵᠢᠯᠠᠭ᠎ᠠ ᠵᠢᠨ ᠬᠤᠷᠠᠯ ᠶᠡᠷᠦᠩᠬᠡᠢ ᠰᠠᠢ᠌ᠳ᠎ᠤᠨ ᠬᠡᠯᠡᠭᠰᠡᠨ ᠡᠨᠡ 9 ᠵᠦᠢ᠍ᠯ᠂ ᠵᠣᠷᠢᠭ᠎ᠢ ᠬᠥᠪᠴᠢᠯᠡᠵᠦ ᠰᠡᠳᠬᠢᠯ᠎ᠢ ᠳᠣᠭᠳᠣᠯᠤᠭᠤᠯᠤᠮ᠎ᠠ!
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠬᠥᠬᠡᠬᠣᠲᠠ ᠵᠢᠨ ᠳᠥᠷᠪᠡᠳᠦᠭᠡᠷ ᠭᠢᠨᠳᠠᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢᠨ ᠠᠩᠭᠢ ᠡᠷᠬᠢᠯᠡᠪᠡ
 
            