ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠪᠦᠬᠦ ᠤᠯᠤᠰ᠎ᠤᠨ ᠠᠷᠠᠳ᠎ᠤᠨ ᠴᠠᠭᠳᠠᠭ᠎ᠠ ᠵᠢ ᠴᠢᠩ ᠰᠡᠳᠬᠢᠯ᠎ᠠᠴᠠ᠎ᠪᠠᠨ ᠲᠤᠬᠤᠨᠢᠭᠤᠯᠵᠤ ᠪᠠᠢ᠌ᠬᠤ᠎ᠪᠠᠨ ᠢᠯᠡᠳᠬᠡᠪᠡ
ᠨᠡᠶ᠋ᠢᠲᠡᠯᠡᠭᠰᠡᠨ ᠴᠠᠭ᠄ 2021-01-12

      ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠳᠤ ᠴᠢᠬᠤᠯᠠ ᠵᠢᠭ᠋ᠠᠪᠤᠷᠢ ᠦᠭᠬᠦ᠎ᠳᠤ᠎ᠪᠠᠨ᠂ 2020 ᠤᠨ᠎ᠳᠤ᠂ ᠤᠯᠤᠰ ᠲᠦᠷᠦ ᠬᠠᠤᠯᠢ ᠴᠠᠭ᠋ᠠᠵᠠ ᠵᠢᠨ ᠹᠷᠤᠨᠲ᠎ᠤᠨ᠎ᠬᠢᠨ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠦ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠡᠷᠡᠰ ᠲᠤᠭᠤᠰᠢᠯᠠᠭᠤᠯᠵᠦ᠂ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠠᠵᠢᠯ᠎ᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ᠎ᠳᠤ ᠠᠮᠤᠷ ᠲᠤᠭᠳᠠᠭᠤᠨ ᠪᠦᠬᠦᠢ ᠨᠡᠢ᠍ᠢ᠍ᠭᠡᠮ᠎ᠤᠨ ᠤᠷᠴᠢᠨ ᠲᠤᠭᠤᠷᠢᠨ᠎ᠢ ᠪᠤᠢ ᠪᠤᠯᠭ᠋ᠠᠨ ᠦᠭᠴᠠᠢ᠃ 2021 ᠤᠨ ᠪᠤᠯ 《ᠠᠷᠪᠡᠨ ᠲᠦᠷᠪᠡᠳᠦᠭᠡᠷ ᠲᠠᠪᠤᠨ ᠵᠢᠯ》᠎ᠤᠨ ᠡᠬᠢᠯᠡᠯᠳᠠ ᠵᠢᠨ ᠵᠢᠯ ᠮᠦᠨ᠂ ᠡᠯ᠎ᠠ ᠱᠠᠳᠤᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠪᠠᠢ᠍ᠢ᠍ᠭᠤᠯᠭ᠎ᠠ ᠵᠢᠨ᠎ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠦᠪ ᠬᠤᠷᠢᠶᠠᠨ᠎ᠤ ᠲᠠᠪᠤᠳᠤᠭ᠋ᠠᠷ ᠪᠦᠬᠦᠳᠠ ᠬᠤᠷᠠᠯ ᠪᠠ ᠲᠦᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠦ᠂ ᠰᠢᠰᠲᠸᠮᠲᠤ ᠦᠵᠡᠯᠳᠠ᠂ ᠬᠠᠤᠯᠢᠵᠢᠯ᠎ᠤᠨ ᠰᠡᠳᠬᠢᠬᠦᠢ᠂ ᠰᠠᠭᠤᠷᠢ ᠵᠢ ᠴᠢᠨᠭ᠌ᠭ᠋ᠠᠳᠬᠠᠬᠤ ᠤᠳᠤᠷᠢᠳᠤᠮᠵᠢ ᠵᠢ ᠨᠡᠩ ᠢᠯᠡᠬᠦᠦ ᠴᠢᠬᠤᠯᠠᠴᠢᠯᠠᠨ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠴᠢᠨᠠᠷ ᠰᠠᠢ᠍ᠢ᠍ᠳᠠᠢ ᠬᠦᠭᠵᠢᠯᠳᠠ ᠵᠢ ᠦᠨᠡᠨ ᠬᠦ᠌ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
      ᠠᠩᠬᠠᠳᠠᠬ᠍ᠴᠢ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ》 ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ᠂ ᠪᠦᠬᠦ ᠤᠯᠤᠰ᠎ᠤᠨ ᠠᠷᠠᠳ᠎ᠤᠨ ᠴᠠᠭᠳᠠᠭ᠎ᠠ ᠵᠢ ᠴᠢᠩ ᠰᠡᠳᠬᠢᠯ᠎ᠠᠴᠠ᠎ᠪᠠᠨ ᠲᠤᠬᠤᠨᠢᠭᠤᠯᠪᠠ᠃ ᠤᠯᠠᠨ ᠵᠶ᠋ᠠᠷ ᠵᠶ᠋ᠠᠨ ᠪᠤᠳᠠᠳᠤ ᠠᠵᠢᠯᠯᠠᠭ᠎ᠠ᠎ᠪᠠᠷ ᠵᠶ᠋ᠠᠨ ᠨᠠᠮ᠎ᠳᠤ᠎ᠪᠠᠨ ᠰᠢᠳᠤᠷᠭᠤ᠂ ᠠᠷᠠᠳ ᠲᠦᠮᠡᠨ᠎ᠳᠤ ᠦᠢ᠍ᠯᠡᠴᠢᠯᠡᠬᠦ᠂ ᠲᠦᠪ ᠭᠤᠤᠯᠴᠢ᠎ᠪᠠᠷ ᠬᠠᠤᠯᠢ ᠭᠡᠷᠡᠭᠵᠢᠬᠦᠯᠬᠦ᠂ ᠰᠠᠬᠢᠯᠭ᠎ᠠ ᠪᠠᠳᠤ ᠴᠢᠩᠭ᠎ᠠ ᠳᠤᠳᠤᠷᠬᠠᠢ ᠪᠠᠢ᠍ᠢ᠍ᠬᠤ ᠵᠢ ᠦᠢ᠍ᠯᠡᠳᠦᠯᠭᠡᠵᠢᠬᠦᠯᠵᠦ᠂ ᠨᠡᠩ ᠦᠨᠳᠦᠷ ᠲᠦᠪᠰᠢᠨ ᠪᠦᠬᠦᠢ ᠠᠮᠤᠭᠤᠯᠠᠩᠳᠦ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠴᠢᠷᠮᠠᠢ᠍ᠢ᠍ᠨ ᠪᠦᠳᠦᠭᠡᠨ ᠪᠠᠢ᠍ᠢ᠍ᠭᠤᠯᠵᠦ᠂ ᠠᠷᠠᠳ ᠲᠦᠮᠡᠨ᠎ᠤ ᠠᠵᠠ ᠵᠢᠷᠭ᠋ᠠᠯ᠂ ᠤᠯᠤᠰ᠎ᠤᠨ ᠠᠮᠤᠷ ᠲᠦᠪᠰᠢᠨ᠂ ᠨᠡᠢ᠍ᠢ᠍ᠭᠡᠮ᠎ᠤᠨ ᠲᠤᠭᠳᠠᠭᠤᠨ᠎ᠢ ᠪᠠᠳᠤᠯᠠᠬᠤ᠎ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠦᠨ᠂ ᠰᠢᠯᠢᠳᠡᠭ ᠠᠮᠵᠢᠯᠳᠠ᠎ᠪᠠᠷ ᠨᠠᠮ ᠪᠠᠢ᠍ᠢ᠍ᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢ ᠬᠦᠰᠡᠪᠡ᠃
      ᠲᠦᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ 9᠎ᠤ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠭᠡᠰᠢᠬᠦᠨ᠂ ᠲᠦᠪ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠬᠤᠷᠢᠶᠠᠨ᠎ᠤ ᠱᠦᠵᠢ ᠬᠦᠸᠸ ᠱᠸᠩ ᠺᠦᠨ ᠬᠤᠷᠠᠯ ᠲᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠬᠰᠡᠨ ᠪᠦᠭᠡᠳ ᠶᠠᠷᠢᠶ᠎ᠡ ᠲᠠᠯᠪᠢᠵᠤ᠂ ᠤᠯᠤᠰ ᠲᠦᠷᠦ ᠬᠠᠤᠯᠢ ᠴᠠᠭ᠋ᠠᠵᠠ ᠵᠢᠨ ᠪᠠᠢ᠍ᠢ᠍ᠭᠤᠯᠭ᠎ᠡ ᠵᠢᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠡ᠎ᠪᠠᠷ ᠵᠢᠯᠤᠭᠤᠳᠤᠯᠭ᠎ᠡ ᠪᠤᠯᠭ᠋ᠠᠬᠤ ᠵᠢ ᠪᠠᠷᠢᠮᠳᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠡ ᠵᠢ ᠬᠦᠨᠵᠡᠭᠡᠢ ᠲᠤᠭᠤᠰᠢᠯᠠᠭᠤᠯᠤᠨ᠂ 《ᠲᠦᠷᠪᠡᠨ ᠤᠬᠠᠮᠰᠠᠷ》 ᠵᠶ᠋ᠠᠨ ᠴᠢᠨᠭ᠌ᠭ᠋ᠠᠳᠬᠠᠵᠤ᠂ 《ᠲᠦᠷᠪᠡᠨ ᠢᠳᠡᠭᠡᠯ》 ᠵᠶ᠋ᠠᠨ ᠪᠠᠳᠤᠳᠬᠠᠨ᠂ 《ᠬᠤᠶᠠᠷ᠎ᠢ ᠬᠠᠮᠠᠭ᠋ᠠᠯᠬᠠᠤ》 ᠵᠢ ᠪᠠᠶᠠᠯᠡᠬᠦᠯᠵᠤ᠂ ᠨᠠᠮ᠎ᠤᠨ ᠤᠯᠤᠰ ᠲᠦᠷᠤ ᠵᠢᠨ ᠪᠠᠢ᠍ᠢ᠍ᠭᠤᠯᠤᠯᠳᠠ᠎ᠪᠠᠷ ᠶᠡᠷᠦᠨᠭᠬᠡᠢ᠍ᠢ᠍ᠯᠡᠨ ᠵᠢᠯᠤᠭᠤᠲᠤᠭᠤᠯᠵᠤ᠂ ᠡᠯ᠎ᠡ ᠲᠦᠷᠦᠯ᠎ᠤᠨ ᠠᠶᠤᠯ ᠲᠦᠭᠰᠢᠬᠦᠷᠢ ᠦᠷᠢᠰᠦᠯᠳᠤᠭᠡᠨ᠎ᠢ ᠰᠡᠷᠭᠡᠢ᠍ᠢ᠍ᠯᠡᠨ ᠠᠷᠢᠯᠭ᠋ᠠᠬᠤ᠎ᠪᠠᠷ ᠲᠠᠭ᠋ᠠᠭᠤᠯᠤᠯ ᠪᠤᠯᠭ᠋ᠠᠵᠦ᠂ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠬᠠᠷ᠎ᠡ ᠪᠦᠯᠦᠭᠳᠡᠨ ᠬᠠᠷᠬᠢᠰ ᠬᠦᠴᠤᠨ᠎ᠢ ᠠᠷᠢᠯᠭ᠋ᠠᠬᠤ ᠵᠢ ᠪᠠᠢ᠍ᠢ᠍ᠨᠭ᠌ᠭᠤᠵᠢᠭᠤᠯᠬᠤ ᠵᠢ ᠠᠬᠢᠭᠤᠯᠬᠤ᠂ ᠬᠤᠳᠠ ᠵᠢᠨ ᠬᠡᠪᠴᠢᠶᠠᠨ᠎ᠤ ᠨᠡᠢ᠍ᠢ᠍ᠭᠡᠮ᠎ᠤᠨ ᠵᠠᠰᠠᠯᠳᠠ ᠵᠢᠨ ᠤᠳᠤᠬᠢᠴᠢᠯᠠᠯᠳᠠ ᠵᠢᠨ ᠲᠤᠷᠰᠢᠯᠳᠠ ᠵᠢᠨ ᠴᠡᠭ᠎ᠢ ᠬᠦᠨᠵᠡᠭᠡᠢ᠍ᠢ᠍ᠷᠠᠬᠦᠯᠬᠦ᠂ ᠤᠯᠤᠰ ᠲᠦᠷᠤ ᠬᠠᠤᠯᠢ ᠴᠠᠭ᠋ᠠᠵᠠ ᠵᠢᠨ ᠬᠦᠷᠢᠶᠠᠨ᠎ᠤ ᠦᠭᠡᠷᠡᠴᠢᠯᠡᠯᠳᠠ ᠵᠢ ᠪᠦᠬᠦ ᠲᠠᠯ᠎ᠡ᠎ᠪᠠᠷ ᠬᠦᠨᠵᠡᠭᠡᠢ᠍ᠢ᠍ᠷᠠᠬᠦᠯᠬᠦ᠂ ᠤᠯᠤᠰ ᠲᠦᠷᠦ ᠬᠠᠤᠯᠢ ᠴᠠᠭ᠋ᠠᠵᠠ ᠵᠢᠨ ᠡᠨᠭᠨᠡᠭᠡᠨ᠎ᠤ ᠬᠦᠮᠦᠵᠢᠯ ᠴᠡᠭᠴᠡᠯᠡᠨ ᠵᠠᠰᠠᠯᠳᠠ᠎ᠪᠠᠷ ᠬᠦᠴᠦᠯᠡᠬᠦ ᠴᠡᠭ ᠪᠤᠯᠭ᠋ᠠᠵᠤ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠵᠤ᠂ ᠰᠢᠯᠢᠳᠡᠭ ᠠᠮᠵᠢᠯᠳᠠ᠎ᠪᠠᠷ ᠵᠶ᠋ᠠᠨ ᠨᠠᠮ ᠪᠠᠢ᠍ᠢ᠍ᠭᠤᠯᠤᠬᠳᠠᠬᠰᠡᠨ 100 ᠵᠢᠯ᠎ᠤᠨ ᠤᠢ ᠵᠢ ᠪᠡᠯᠭᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃
      ᠲᠦᠷᠦ ᠵᠢᠨ ᠶᠠᠪᠤᠳᠠᠯ᠎ᠤᠨ ᠭᠡᠰᠢᠬᠦᠨ᠂ ᠲᠤᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠍ᠢ᠍ᠳ ᠵᠤᠤ ᠺᠸ ᡁᠢ᠂ ᠠᠷᠠᠳ᠎ᠤᠨ ᠲᠡᠭᠡᠳᠤ ᠰᠢᠬᠦᠬᠦ ᠬᠤᠷᠢᠶᠠᠨ᠎ᠤ ᠲᠠᠷᠤᠭ᠎ᠡ ᠵᠸᠤ ᠴᠢᠶᠠᠩ᠂ ᠠᠷᠠᠳ᠎ᠤᠨ ᠲᠡᠭᠡᠳᠤ ᠪᠠᠢ᠍ᠢ᠍ᠴᠠᠭ᠋ᠠᠬᠤ ᠬᠤᠷᠢᠶᠠᠨ᠎ᠤ ᠪᠠᠢ᠍ᠢ᠍ᠴᠠᠭ᠋ᠠᠬᠤ ᠲᠠᠷᠤᠭ᠎ᠡ ᠵᠠᠩ ᠵᠢᠶᠦ᠋ᠨ ᠬᠤᠷᠠᠯ᠎ᠳᠤ ᠤᠷᠤᠯᠴᠠᠵᠠᠢ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            