ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠭᠤᠷᠪᠠᠳᠤᠭ᠋ᠠᠷ ᠤᠳᠠᠭ᠋ᠠᠨ᠎ᠤ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-09-10

     9 ᠰᠠᠷ᠎ᠠ ᠵᠢᠨ 6᠎ᠤ ᠡᠳᠦᠷ᠂ ᠥᠪᠥᠷ ᠮᠣᠩᠭᠣᠯ᠎ᠤᠨ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠤᠳᠤᠷᠢᠳᠬᠤ ᠳᠤᠭᠤᠢ᠌ᠯᠠᠩ᠎ᠤᠨ ᠭᠤᠷᠪᠠᠳᠤᠭ᠋ᠠᠷ ᠤᠳᠠᠭ᠎ᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠶ ᠶᠦᠩ ᠫᠢᠩ᠎ᠤᠨ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠬᠥᠮᠦᠵᠢᠯ ᠴᠡᠭᠴᠡᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠬᠣᠶᠠᠳᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠵᠤ᠂ ᠣᠢ᠌ᠷ᠎ᠠ ᠵᠢᠨ ᠬᠤᠭᠤᠴᠠᠭ᠋ᠠᠨ᠎ᠤ ᠭᠣᠤᠯᠳᠠᠯᠭ᠎ᠠ᠎ᠲᠠᠢ ᠠᠵᠢᠯ᠎ᠢ ᠰᠤᠳᠤᠯᠤᠨ ᠪᠠᠢ᠌ᠷᠢᠯᠠᠭᠤᠯᠪᠠ᠃



      ᠬᠤᠷᠠᠯ᠎ᠠᠴᠠ ᠵᠢᠭ᠋ᠠᠭᠰᠠᠨ᠎ᠨᠢ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠡᠬᠢᠯᠡᠭᠰᠡᠨ᠎ᠠᠴᠠ ᠨᠠᠭ᠋ᠠᠰᠢ᠂ ᠡᠯ᠎ᠡ ᠰᠠᠯᠠᠭ᠎ᠠ ᠮᠥᠴᠢᠷ᠎ᠤᠨ᠎ᠬᠢᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠺᠠᠳ᠋ᠷ ᠴᠠᠭᠳᠠᠭ᠎ᠠ ᠠᠵᠢᠯᠲᠠᠨ ᠵᠠᠷᠯᠢᠭ ᠰᠣᠨᠣᠰᠤᠮᠠᠭᠴᠠ ᠬᠥᠳᠡᠯᠦᠯᠴᠡᠵᠦ᠂ ᠵᠠᠷᠯᠢᠭ᠎ᠢ ᠵᠢᠷᠤᠮᠯᠠᠨ ᠠᠵᠢᠯᠯᠠᠵᠤ᠂ ᠲᠦᠷᠭᠡᠨ ᠪᠥᠭᠡᠳ ᠯᠠᠪᠳᠠᠭᠤᠨ ᠵᠶ᠋ᠠᠷ ᠠᠵᠢᠯᠯᠠᠵᠤ᠂ ᠰᠠᠢ᠌ᠨ ᠡᠬᠢᠯᠡᠯᠲᠡ᠎ᠲᠠᠢ ᠪᠣᠯᠵᠣ᠂ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ ᠰᠠᠢ᠌ᠨ ᠦᠷ᠎ᠡ ᠪᠦᠲᠦᠮᠵᠢ ᠤᠯᠪᠠ᠃



      ᠬᠤᠷᠠᠯ᠎ᠠᠴᠠ ᠴᠢᠬᠤᠯᠠᠴᠢᠯᠠᠭᠰᠠᠨ᠎ᠨᠢ᠂ ᠬᠥᠮᠦᠵᠢᠯ ᠴᠡᠭᠴᠡᠯᠡᠯᠲᠡ ᠵᠢ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠭᠣᠭᠴᠣᠭ᠎ᠠ᠎ᠳᠤ ᠰᠢᠯᠵᠢᠭᠦᠯᠵᠦ᠂ ᠦᠨᠡᠨ ᠬᠦ᠌ ᠬᠠᠲᠠᠭᠤ᠎ᠲᠠᠢ᠎ᠨᠢ ᠬᠠᠯᠳᠠᠵᠤ᠂ ᠠᠮᠢᠨ ᠭᠠᠵᠠᠷ᠎ᠢ᠎ᠨᠢ ᠬᠥᠨᠳᠡᠬᠦ ᠵᠠᠩᠭᠢᠯᠠᠭ᠎ᠠ ᠵᠢᠨ ᠱᠠᠲᠤᠨ᠎ᠳᠤ ᠣᠷᠣᠵᠤ᠂ ᠰᠤᠷᠤᠯᠴᠠᠬᠤ ᠵᠢᠨ ᠳᠠᠭ᠋ᠠᠤ ᠪᠠᠢ᠌ᠴᠠᠭ᠋ᠠᠵᠤ ᠰᠠᠢ᠌ᠵᠢᠷᠠᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠎ᠢ ᠪᠥᠬᠥ ᠶᠠᠪᠤᠴᠠ᠎ᠳᠤ ᠲᠤᠭᠤᠰᠢᠯᠠᠭᠤᠯᠵᠤ᠂ ᠤᠯᠤᠰ ᠲᠥᠷᠥ ᠵᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠎ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠺᠠᠳ᠋ᠷ ᠴᠠᠭᠳᠠᠭ᠎ᠠ ᠠᠵᠢᠯᠲᠠᠨ ᠠᠵᠢᠯᠴᠢᠨ᠎ᠤ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ ᠦᠵᠡᠯ ᠰᠠᠨᠠᠭ᠋ᠠᠨ᠎ᠤ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠬᠦ ᠬᠡᠷᠡᠭᠲᠡᠶ᠃ ᠬᠢᠳᠤᠭ᠋ᠠᠨ ᠢᠷ ᠵᠶ᠋ᠡᠨ ᠳᠣᠲᠣᠭᠰᠢ ᠬᠠᠨᠳᠤᠭᠤᠯᠬᠤ᠂ ᠶᠠᠰᠤ᠎ᠪᠠᠨ ᠬᠤᠰᠤᠵᠤ ᠬᠣᠣᠷ ᠵᠶ᠋ᠠᠨ ᠠᠷᠢᠯᠭ᠋ᠠᠬᠤ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠥᠪᠡᠷ᠎ᠢ᠎ᠪᠠᠨ ᠪᠠᠢ᠌ᠴᠠᠭ᠋ᠠᠵᠤ ᠥᠪᠡᠷ᠎ᠢ᠎ᠪᠠᠨ ᠵᠠᠯᠠᠷᠠᠭᠤᠯᠬᠤ ᠬᠡᠷᠡᠭᠲᠡᠢ ᠭᠡᠪᠡ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ ᠵᠢᠴᠢ ᠡᠯ᠎ᠡ ᠲᠤᠰᠬᠠᠶ ᠠᠵᠢᠯ᠎ᠤᠨ ᠳᠤᠭᠤᠢ᠌ᠯᠠᠩ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠡᠭᠦᠷᠭᠡᠯᠡᠯ ᠵᠶ᠋ᠡᠨ ᠴᠢᠩᠭ᠋ᠠᠳᠬᠠᠵᠤ᠂ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠠᠲᠤ ᠪᠣᠶ ᠪᠣᠯᠭ᠋ᠠᠵᠤ᠂ ᠭᠣᠤᠯ ᠴᠣᠭᠴᠠ ᠵᠢᠨ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ᠂ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢᠴᠡᠳᠬᠡᠵᠦ᠂ ᠢᠮᠠᠭᠲᠠ ᠢᠵᠢᠯ ᠴᠢᠭᠯᠡᠯ ᠵᠶ᠋ᠡᠷ ᠬᠦᠴᠦᠯᠡᠬᠦ᠂ ᠢᠵᠢᠯ ᠳᠠᠪᠲᠠᠮᠵᠢ᠎ᠪᠠᠷ ᠴᠢᠷᠮᠠᠢ᠌ᠬᠤ᠂ ᠠᠳᠠᠯᠢ ᠰᠡᠳᠦᠪ᠎ᠲᠤ ᠬᠠᠮᠲᠤ᠎ᠪᠠᠷ ᠬᠠᠷᠢᠭᠤᠯᠬᠤ ᠵᠢ ᠪᠠᠷᠢᠮᠲᠠᠯᠠᠵᠤ᠂ ᠠᠵᠢᠯ᠎ᠤᠨ ᠬᠠᠮᠲᠤᠷᠠᠯ ᠬᠦᠴᠦᠨ ᠵᠶ᠋ᠡᠨ ᠴᠢᠨᠠᠭᠰᠢᠳᠠ ᠴᠢᠩᠭ᠋ᠠᠳᠬᠠᠬᠤ ᠬᠡᠷᠡᠭᠲᠡᠶ᠃ ᠡᠯ᠎ᠡ ᠦᠨᠳᠦᠰᠦᠨ ᠱᠠᠲᠤᠨ᠎ᠤ ᠲᠠᠯᠠᠪᠤᠷ ᠭᠠᠵᠠᠷ᠎ᠤᠨ᠎ᠬᠢᠨ ᠵᠣᠬᠢᠴᠠᠯᠳᠤᠨ ᠬᠠᠮᠵᠢᠯᠴᠠᠬᠤ ᠠᠵᠢᠯ᠎ᠢ ᠰᠠᠢ᠌ᠲᠤᠷ ᠬᠢᠵᠦ᠂ ᠨᠢᠭᠡᠳᠦᠭᠡᠷ ᠪᠦᠯᠦᠭ᠎ᠤᠨ ᠬᠥᠮᠦᠵᠢᠯ ᠴᠡᠭᠴᠡᠯᠡᠯᠲᠡ ᠵᠢᠨ ᠠᠵᠢᠯ ᠬᠢᠭᠡᠳ ᠬᠣᠶᠠᠳᠤᠭ᠋ᠠᠷ ᠪᠦᠯᠦᠭ᠎ᠤᠨ ᠬᠣᠭᠣᠷᠣᠨᠳᠣᠬᠢ ᠣᠷᠭ᠋ᠠᠨᠢᠭ ᠵᠣᠯᠭ᠋ᠠᠯᠴᠠᠭ᠎ᠠ ᠵᠢ ᠪᠡᠶᠡᠯᠡᠭᠦᠯᠬᠦ᠂ ᠦᠷᠭᠦᠯᠵᠢᠯᠡᠨ ᠭᠦᠨᠵᠡᠭᠡᠶ ᠠᠬᠢᠭᠤᠯᠬᠤ ᠵᠢ ᠦᠨᠡᠨ ᠬᠦ᠌ ᠪᠠᠲᠤᠯᠠᠵᠤ᠂ ᠴᠢᠩᠭ᠎ᠠ ᠲᠥᠪ ᠭᠣᠤᠯᠴᠢ᠎ᠪᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠷᠰᠢ ᠰᠠᠭ᠋ᠠᠳ᠎ᠢ ᠬᠦᠴᠦᠯᠡᠨ ᠠᠷᠢᠯᠭ᠋ᠠᠵᠤ᠂ ᠬᠠᠷᠢᠴᠠᠯᠠᠰᠢ ᠥᠬᠡᠶ ᠦᠨᠡᠨᠴᠢ ᠰᠢᠳᠤᠷᠭᠤ᠂ ᠬᠠᠷᠢᠴᠠᠯᠠᠰᠢ ᠥᠬᠡᠶ ᠠᠷᠢᠭᠤᠨ ᠴᠡᠪᠡᠷ᠂ ᠬᠠᠷᠢᠴᠠᠯᠠᠰᠢ ᠥᠬᠡᠶ ᠨᠠᠢ᠌ᠳᠠᠪᠤᠷᠢᠲᠠᠶ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠬᠣᠤᠷ ᠲᠠᠲᠠᠬᠤ ᠵᠢ ᠴᠡᠭᠡᠷᠯᠡᠭᠦᠯᠬᠦ ᠲᠡᠮᠦᠷ ᠴᠡᠷᠢᠭ᠎ᠢ ᠪᠥᠬᠥ ᠬᠦᠴᠦᠨ ᠵᠶ᠋ᠡᠷ ᠵᠶ᠋ᠡᠨ ᠪᠠᠢ᠌ᠭᠤᠯᠬᠤ ᠬᠡᠷᠡᠭᠲᠡᠶ ᠭᠡᠪᠡ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            