ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ 《ᠣᠭ ᠰᠠᠨᠠᠭ᠎ᠠ᠎ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠢ ᠲᠤᠭᠤᠷᠢᠨ ᠦᠵᠡᠪᠡ
ᠨᠡᠶ᠋ᠢᠲᠡᠯᠡᠭᠰᠡᠨ ᠴᠠᠭ᠄ 2021-09-06


      ᠡᠩᠨᠡᠭᠡ ᠵᠢᠨ ᠬᠥᠮᠦᠵᠢᠯ ᠴᠡᠭᠴᠡᠯᠡᠯᠲᠡ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠨᠢᠭᠲᠠ ᠤᠶᠠᠯᠳᠤᠭᠤᠯᠬᠤ ᠵᠢ ᠦᠷᠭᠦᠯᠵᠢᠯᠡᠨ ᠠᠬᠢᠭᠤᠯᠵᠤ᠂ ᠠᠭᠤᠤ ᠶᠡᠬᠡ ᠨᠠᠮ ᠪᠠᠢ᠌ᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠭᠡᠯ᠎ᠢ ᠦᠨᠡᠨ ᠬᠦ᠌ ᠬᠦᠴᠢᠷ᠎ᠢ ᠳᠤᠭᠤᠯᠤᠨ ᠪᠡᠷᠬᠡ ᠵᠢ ᠳᠠᠪᠠᠬᠤ᠂ ᠵᠠᠮ ᠨᠡᠭᠡᠭᠡᠨ ᠤᠷᠤᠭᠰᠢᠯᠠᠬᠤ ᠬᠦᠴᠦᠷᠬᠡᠭ ᠶᠡᠬᠡ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠪᠣᠯᠭ᠋ᠠᠨ ᠤᠯᠠᠮ ᠨᠢᠭᠡ ᠠᠯᠬᠤᠮ ᠬᠤᠪᠢᠷᠠᠭᠤᠯᠬᠤ ᠵᠢᠨ ᠲᠥᠯᠥᠭᠡ᠂ 9 ᠰᠠᠷ᠎ᠠ ᠵᠢᠨ 16᠎ᠤ ᠡᠳᠦᠷ᠂ ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠲᠣᠪᠴᠢᠶ᠎ᠠ ᠵᠢᠨ ᠪᠠᠢ᠌ᠭᠤᠯᠭ᠎ᠠ ᠵᠢᠨ ᠪᠥᠬᠥ ᠠᠷᠠᠳ᠎ᠤᠨ ᠴᠠᠭᠳᠠᠭ᠎ᠠ ᠵᠢ ᠵᠣᠬᠢᠶᠠᠨ ᠪᠠᠢ᠌ᠭᠤᠯᠵᠤ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠬᠦᠷᠴᠦ 《ᠣᠭ ᠰᠠᠨᠠᠭ᠎ᠠ᠎ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠢ ᠲᠣᠭᠣᠷᠢᠨ ᠦᠵᠡᠪᠡ᠃



      ᠦᠵᠡᠰᠬᠦᠯᠡᠩ᠎ᠨᠢ ᠶᠡᠬᠡ ᠬᠡᠮᠵᠢᠶᠡᠨ᠎ᠤ ᠡᠯᠪᠡᠭ ᠪᠠᠶᠠᠯᠢᠭ ᠲᠡᠦᠬᠡᠨ ᠮᠠᠲ᠋ᠧᠷᠢᠶᠠᠯ᠎ᠤᠨ ᠬᠡᠷᠡᠯ ᠵᠢᠷᠤᠭ᠂ ᠨᠠᠷᠢᠨ ᠲᠣᠳᠣᠷᠬᠠᠶ ᠥᠰᠥᠭ ᠪᠢᠴᠢᠭ᠎ᠤᠨ ᠲᠣᠳᠣᠷᠬᠠᠢ᠌ᠯᠠᠯᠲᠠ᠂ ᠲᠡᠦᠬᠡ ᠵᠢᠨ ᠪᠠᠷᠢᠮᠲᠠᠲᠤ ᠺᠢᠨᠣ᠋᠎ᠪᠠᠷ ᠳᠠᠮᠵᠢᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠪᠤᠵᠤ ᠥᠩᠭᠡᠷᠡᠭᠰᠡᠨ ᠵᠠᠭᠤᠨ ᠵᠢᠯ᠎ᠤᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠪᠥᠬᠥ ᠦᠵᠡᠮᠵᠢ ᠵᠢᠨ ᠬᠡᠯᠪᠡᠷᠢ᠎ᠪᠠᠷ ᠳᠠᠬᠢᠨᠲᠠ ᠢᠯᠡᠷᠡᠭᠦᠯᠵᠦ᠂ ᠴᠢᠬᠤᠯᠠ ᠶᠡᠬᠡ ᠲᠡᠦᠬᠡᠨ ᠬᠡᠷᠡᠭ ᠶᠠᠪᠤᠳᠠᠯ᠂ ᠴᠢᠬᠤᠯᠠ ᠲᠡᠦᠬᠡᠨ ᠬᠥᠮᠦᠨ ᠪᠠ ᠵᠠᠩᠭᠢᠯᠠᠭ᠎ᠠ ᠵᠢᠨ ᠲᠡᠦᠬᠡ ᠵᠢᠨ ᠵᠠᠩᠭᠢᠯᠠᠭ᠎ᠠ ᠵᠢᠨ ᠴᠡᠭ᠎ᠢ ᠢᠯᠡᠷᠡᠭᠦᠯᠪᠡ᠃ ᠣᠯᠠᠨ ᠵᠶ᠋ᠠᠷ ᠵᠶ᠋ᠠᠨ ᠲᠠᠢ᠌ᠯᠪᠤᠷᠢᠯᠠᠬᠤ ᠵᠢ ᠰᠣᠨᠣᠰᠬᠤ ᠵᠢᠨ ᠳᠠᠭ᠋ᠠᠤ ᠬᠡᠷᠡᠯ ᠵᠢᠷᠤᠭ᠎ᠢ ᠰᠣᠨᠢᠷᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠰᠢᠷᠭ᠋ᠠᠭᠤ ᠬᠠᠲᠠᠭᠤᠵᠢᠯᠲᠠᠶ ᠬᠠᠢ᠌ᠨ ᠰᠦᠪᠡᠭᠴᠢᠯᠡᠵᠦ᠂ ᠬᠠᠷᠰᠢ ᠰᠠᠭ᠋ᠠᠳ᠎ᠢ ᠢᠯᠡᠨ ᠳᠠᠪᠠᠵᠤ᠂ ᠴᠥᠬᠥᠷᠡᠰᠢ ᠥᠬᠡᠶ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠲᠥᠯᠥᠭᠡ ᠵᠠᠮᠨᠠᠭᠰᠠᠨ ᠬᠡᠷᠡᠯ ᠰᠠᠴᠤᠷᠠᠩᠭᠤᠶ ᠵᠠᠮ᠂ ᠡᠭᠦᠳᠦᠨ ᠪᠦᠲᠦᠭᠡᠭᠰᠡᠨ ᠲᠡᠦᠬᠡ ᠵᠢᠨ ᠠᠭᠤᠤ ᠦᠢᠯᠡᠰ᠎ᠢ ᠭᠦᠨᠵᠡᠭᠡᠶ ᠣᠢ᠌ᠯᠠᠭ᠋ᠠᠪᠠ᠃
      ᠤᠯᠠᠨ ᠵᠶ᠋ᠠᠷ ᠵᠶ᠋ᠠᠨ ᠦᠵᠡᠭᠦᠯᠭᠡ ᠵᠢᠨ ᠲᠢᠩᠬᠢᠮ᠎ᠤᠨ ᠤᠷᠳᠤ ᠬᠤᠩᠬᠢᠯ ᠵᠶ᠋ᠠᠷ ᠠᠯᠭᠤᠷᠬᠠᠨ ᠠᠯᠬᠤᠵᠤ᠂ ᠪᠠᠢ᠌ᠨ ᠪᠠᠢ᠌ᠨ ᠵᠣᠭᠰᠣᠨ ᠦᠵᠡᠵᠦ ᠤᠩᠰᠢᠨ ᠰᠠᠨᠠᠯ ᠵᠶ᠋ᠠᠨ ᠰᠣᠯᠢᠯᠴᠠᠵᠤ᠂ ᠶᠠᠭ ᠯᠠ ᠴᠠᠭ᠎ᠤᠨ ᠨᠦᠭᠡᠨ ᠵᠠᠮ ᠦᠩᠭᠡᠷᠡᠬᠦ ᠮᠡᠲᠦ ᠳᠠᠬᠢᠨᠲᠠ ᠲᠡᠦᠬᠡ᠎ᠳᠤ ᠪᠤᠴᠠᠵᠤ᠂ ᠲᠡᠦᠬᠡ ᠵᠢ ᠮᠡᠳᠡᠷᠡᠭᠦᠯᠪᠡ᠃



      ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠠᠷᠠᠳ᠎ᠤᠨ ᠴᠠᠭᠳᠠᠭ᠎ᠠ ᠬᠣᠢ᠌ᠨ᠎ᠠ ᠬᠣᠢ᠌ᠨ᠎ᠠ᠎ᠠᠴᠠ᠎ᠪᠠᠨ ᠢᠯᠡᠷᠬᠡᠢ᠌ᠯᠡᠬᠦ᠎ᠳᠤ᠎ᠪᠠᠨ᠂ ᠲᠣᠭᠣᠷᠢᠨ ᠦᠵᠡᠬᠦ᠎ᠪᠠᠷ ᠳᠡᠮᠵᠢᠨ᠂ ᠨᠠᠮ᠎ᠤᠨ ᠵᠠᠭᠤᠨ ᠵᠢᠯ᠎ᠤᠨ ᠲᠡᠦᠬᠡ ᠵᠢ ᠳᠠᠬᠢᠨᠲᠠ ᠡᠷᠭᠢᠴᠡᠭᠦᠯᠵᠦ᠂ ᠨᠠᠮ᠎ᠤᠨ ᠲᠡᠦᠬᠡ ᠵᠢᠨ ᠮᠡᠳᠡᠯᠭᠡ ᠵᠢ ᠪᠠᠶᠠᠯᠢᠭᠵᠢᠭᠤᠯᠵᠤ᠂ ᠵᠠᠭᠤᠨ ᠵᠢᠯ᠎ᠤᠨ ᠨᠠᠮ᠎ᠤᠨ ᠲᠡᠦᠬᠡ ᠵᠢᠨ ᠰᠢᠰᠲ᠋ᠧᠮ᠎ᠤᠨ ᠡᠵᠡᠮᠳᠡᠯ᠎ᠢ ᠭᠦᠨᠵᠡᠭᠡᠢ᠌ᠷᠡᠭᠦᠯᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠠᠷᠠᠳ ᠲᠦᠮᠡᠨ᠎ᠤ ᠲᠥᠯᠥᠭᠡ ᠭᠡᠬᠦ ᠵᠣᠷᠢᠯᠲᠠ ᠵᠢ ᠦᠢᠯᠡᠳᠦᠯᠭᠡᠵᠢᠭᠦᠯᠵᠦ᠂ ᠤᠯᠤᠰ ᠲᠥᠷᠥ ᠵᠢᠨ ᠦᠨᠡᠨᠴᠢ ᠰᠢᠳᠤᠷᠭᠤ ᠵᠢ ᠪᠠᠲᠤᠳᠬᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠭᠢᠨᠳᠠᠨ᠎ᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠡᠶ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            