ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠣᠷᠳᠣᠰ᠎ᠤᠨ ᠭᠢᠨᠳᠠᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-09-04


     9 ᠰᠠᠷ᠎ᠠ ᠵᠢᠨ 3᠎ᠤ ᠡᠳᠦᠷ᠂ ᠣᠷᠳᠣᠰ ᠭᠢᠨᠳᠠᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃



      ᠬᠤᠷᠠᠯ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠪᠠᠢ᠌ᠴᠠᠭ᠋ᠠᠯᠲᠠ ᠵᠢ ᠤᠭᠲᠤᠬᠤ ᠪᠡᠯᠡᠳᠬᠡᠯ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ ᠪᠠ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠤᠳᠤᠷᠢᠳᠤᠯᠭ᠎ᠠ ᠵᠢᠨ ᠬᠣᠯᠪᠣᠭᠳᠠᠯ ᠪᠥᠬᠥᠶ ᠬᠢᠨᠠᠨ ᠵᠢᠯᠣᠭᠣᠳᠴᠤ ᠪᠠᠢ᠌ᠴᠠᠭ᠋ᠠᠬᠤ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠲᠤᠬᠠᠶ ᠪᠠᠴᠢᠮ ᠮᠡᠳᠡᠭᠳᠡᠯ᠎ᠢ ᠤᠩᠰᠢᠨ ᠨᠡᠢ᠌ᠲᠡᠯᠡᠵᠦ᠂ ᠲᠥᠪ᠎ᠤᠨ ᠬᠢᠨᠠᠨ ᠵᠢᠯᠣᠭᠣᠳᠬᠤ ᠳᠤᠭᠤᠢ᠌ᠯᠠᠩ᠎ᠤᠨ ᠬᠢᠨᠠᠨ ᠵᠢᠯᠣᠭᠣᠳᠴᠤ ᠪᠠᠢ᠌ᠴᠠᠭ᠋ᠠᠬᠤ ᠭᠣᠤᠯᠳᠠᠯᠭ᠎ᠠ᠎ᠲᠠᠢ ᠠᠭᠤᠯᠭ᠎ᠠ ᠵᠢ ᠤᠯᠠᠮᠵᠢᠯᠠᠪᠠ᠃



      ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠢᠭᠡ᠎ᠳᠤ ᠨᠢᠭᠡᠳᠦᠭᠡᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢ ᠪᠠᠢ᠌ᠩᠭᠤ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠭᠣᠭᠴᠣᠭ᠎ᠠ᠎ᠳᠤ ᠣᠷᠣᠭᠤᠯᠵᠤ᠂ ᠲᠦᠷᠢᠮ ᠲᠣᠭᠲᠠᠭ᠋ᠠᠯ ᠲᠣᠭᠲᠠᠭ᠋ᠠᠬᠤ᠂ ᠦᠷ᠎ᠡ ᠪᠦᠲᠦᠮᠵᠢ ᠵᠢ ᠪᠡᠬᠢᠵᠢᠭᠦᠯᠬᠦ ᠲᠠᠯ᠎ᠠ᠎ᠠᠴᠠ ᠪᠣᠳᠣᠯᠬᠢᠯᠠᠨ᠂ ᠲᠤᠷᠰᠢᠯᠭ᠎ᠠ᠎ᠪᠠᠨ ᠤᠯᠠᠮ ᠨᠢᠭᠡ ᠠᠯᠬᠤᠮ ᠳ᠋ᠦᠩᠨᠡᠵᠦ᠂ ᠳᠤᠲᠠᠭᠤᠳᠠᠯ ᠵᠶ᠋ᠠᠨ ᠪᠠᠢ᠌ᠴᠠᠭ᠋ᠠᠨ ᠨᠥᠬᠥᠪᠥᠷᠢᠯᠡᠵᠦ᠂ ᠪᠡᠬᠢᠵᠢᠭᠦᠯᠦᠨ ᠳᠡᠭᠡᠭᠰᠢᠯᠡᠭᠦᠯᠵᠦ᠂ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠶ; ᠬᠣᠶᠠᠷ᠎ᠲᠤ ᠲᠥᠪ᠎ᠤᠨ ᠳᠥᠷᠪᠡᠳᠦᠭᠡᠷ ᠰᠢᠮᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠰᠠᠨᠠᠯ᠎ᠢ ᠬᠠᠷᠢᠭᠤ ᠲᠤᠰᠬᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠬᠠᠮᠢᠶ᠎ᠠ ᠪᠥᠬᠥᠶ ᠡᠬᠡ ᠲᠠᠩᠰᠠ ᠪᠠ ᠭᠡᠷᠡᠴᠢ ᠮᠠᠲ᠋ᠧᠷᠢᠶᠠᠯ᠎ᠢ ᠡᠮᠬᠢᠯᠡᠵᠦ᠂ ᠰᠢᠮᠳᠠᠭᠤᠯᠤᠨ ᠵᠢᠯᠣᠭᠣᠳᠴᠤ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ; ᠭᠤᠷᠪᠠ᠎ᠳᠤ ᠭᠢᠨᠳᠠᠨ᠎ᠤ ᠡᠯ᠎ᠡ ᠱᠠᠲᠤᠨ᠎ᠤ ᠤᠳᠤᠷᠢᠳᠤᠯᠭ᠎ᠠ ᠵᠢᠨ ᠰᠡᠳᠬᠢᠯ᠎ᠤᠨ ᠦᠭᠡ᠎ᠪᠠᠨ ᠶᠠᠷᠢᠯᠴᠠᠬᠤ ᠠᠵᠢᠯ᠎ᠢ ᠪᠠᠢ᠌ᠩᠭᠤᠵᠢᠭᠤᠯᠤᠨ ᠠᠬᠢᠭᠤᠯᠵᠤ᠂ ᠠᠰᠠᠭᠤᠳᠠᠯ᠎ᠢ ᠪᠠᠢ᠌ᠴᠠᠭ᠋ᠠᠨ ᠵᠠᠯᠠᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠬᠥᠮᠦᠨ ᠨᠢᠭᠡᠪᠦᠷᠢ ᠠᠳᠠᠭ᠎ᠲᠤ᠎ᠪᠠᠨ ᠭᠤᠷᠪᠠᠨ ᠡᠭᠡᠯᠵᠢ ᠵᠢᠨ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠭᠢᠨᠳᠠᠨ᠎ᠤ ᠤᠳᠤᠷᠢᠳᠤᠯᠭ᠎ᠠ ᠰᠡᠳᠬᠢᠯ᠎ᠤᠨ ᠦᠭᠡ᠎ᠪᠠᠨ ᠶᠠᠷᠢᠯᠴᠠᠬᠤ ᠳᠤᠮᠳᠠ ᠬᠠᠷᠢᠯᠴᠠᠨ ᠶᠠᠷᠢᠯᠴᠠᠬᠤ ᠵᠢ ᠢᠯᠡᠷᠡᠭᠦᠯᠬᠦ ᠬᠡᠷᠡᠭᠲᠡᠶ; ᠳᠥᠷᠪᠡ᠎ᠳᠤ ᠰᠤᠷᠤᠯᠴᠠᠯᠭ᠎ᠠ ᠬᠥᠮᠦᠵᠢᠯ᠎ᠢ ᠢᠮᠠᠭᠲᠠ ᠲᠤᠭᠤᠰᠢᠯᠠᠭᠤᠯᠵᠤ᠂ ᠵᠣᠭᠰᠣᠩᠭᠤᠢ᠌ᠷᠠᠵᠤ ᠪᠣᠯᠬᠤ ᠥᠬᠡᠶ᠂ ᠰᠤᠷᠤᠯᠴᠠᠬᠤ ᠲᠡᠮᠳᠡᠭᠯᠡᠯ᠎ᠢ ᠡᠷᠬᠡᠪᠰᠢ ᠴᠠᠭ ᠲᠤᠬᠠᠶ᠎ᠳᠤ᠎ᠨᠢ ᠳᠠᠭ᠋ᠠᠵᠤ᠂ ᠮᠡᠳᠡᠬᠦ ᠵᠤᠬᠢᠰᠲᠠᠢ ᠮᠡᠳᠡᠯᠭᠡ ᠵᠢ ᠪᠣᠯᠪᠠᠰᠤᠷᠠᠩᠭᠤᠶ ᠡᠵᠡᠮᠰᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ; ᠲᠠᠪᠤ᠎ᠳᠤ ᠡᠯ᠎ᠡ ᠠᠵᠢᠯ᠎ᠤᠨ ᠲᠤᠰᠬᠠᠶ ᠠᠩᠭᠢ ᠵᠢᠨ᠎ᠬᠢᠨ ᠪᠠᠢ᠌ᠴᠠᠭ᠋ᠠᠨ ᠵᠠᠯᠠᠷᠠᠭᠤᠯᠬᠤ ᠴᠡᠭᠴᠡᠯᠡᠨ ᠰᠠᠢ᠌ᠵᠢᠷᠠᠭᠤᠯᠬᠤ ᠭᠣᠭᠴᠣᠭ᠎ᠠ ᠵᠢᠨ ᠡᠬᠡ ᠲᠠᠩᠰᠠ ᠵᠢᠨ ᠮᠠᠲ᠋ᠧᠷᠢᠶᠠᠯ᠎ᠢ ᠦᠷᠭᠦᠯᠵᠢᠯᠡᠨ ᠲᠡᠭᠦᠯᠳᠡᠷᠵᠢᠭᠦᠯᠵᠦ᠂ ᠠᠷᠬᠠᠭ ᠬᠡᠮ᠂ ᠰᠦᠪᠡᠭᠴᠢ ᠵᠢ ᠬᠠᠷᠭᠤᠭᠤᠯᠤᠨ ᠪᠠᠢ᠌ᠴᠠᠭ᠋ᠠᠬᠤ ᠵᠡᠷᠭᠡ ᠠᠵᠢᠯ᠎ᠢ ᠪᠠᠭᠲᠠᠭ᠋ᠠᠭᠰᠠᠨ ᠲᠣᠭ᠎ᠠ ᠪᠠᠷᠢᠮᠲᠠ ᠵᠢ ᠴᠠᠭ ᠲᠤᠬᠠᠶ᠎ᠳᠤ᠎ᠨᠢ ᠰᠢᠨᠡᠴᠢᠯᠡᠵᠦ᠂ ᠠᠷᠠᠳ᠎ᠤᠨ ᠴᠠᠭᠳᠠᠭ᠎ᠠ ᠨᠢᠭᠡᠪᠦᠷᠢ ᠭᠢᠨᠳᠠᠨ᠎ᠤ ᠡᠩᠨᠡᠭᠡ ᠵᠢ ᠬᠥᠮᠦᠵᠢᠭᠦᠯᠦᠨ ᠴᠡᠭᠴᠡᠯᠡᠬᠦ ᠠᠵᠢᠯ᠎ᠤᠨ ᠪᠠᠢ᠌ᠳᠠᠯ ᠵᠢᠴᠢ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠣᠢ᠌ᠯᠠᠭ᠋ᠠᠬᠤ ᠬᠡᠷᠡᠭᠲᠡᠶ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            