
ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠶᠤᠯᠭᠦᠶ ᠦᠢᠯᠡᠳᠪᠦᠷᠢᠯᠡᠯ᠎ᠤᠨ ᠬᠠᠤᠯᠢ》 ᠵᠢ 2021 ᠣᠨ᠎ᠤ 9 ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠦᠨ᠎ᠡ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠠᠶᠤᠯᠭᠦᠶ ᠦᠢᠯᠡᠳᠪᠦᠷᠢᠯᠡᠯ᠎ᠤᠨ ᠵᠥᠪᠯᠡᠯ᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠪᠤᠭᠤᠲᠤ ᠵᠢᠨ ᠭᠢᠨᠳᠠᠨ 《ᠠᠶᠤᠯᠭᠦᠶ ᠦᠢᠯᠡᠳᠪᠦᠷᠢᠯᠡᠯ᠎ᠤᠨ ᠬᠠᠤᠯᠢ》 ᠵᠢ ᠰᠤᠷᠤᠯᠴᠠᠬᠤ ᠲᠥᠯᠥᠪᠯᠡᠭᠡ ᠵᠢ ᠲᠣᠭᠲᠠᠭ᠋ᠠᠪᠠ᠃

8 ᠰᠠᠷ᠎ᠠ ᠵᠢᠨ 28᠎ᠤ ᠣᠷᠣᠶ᠂ ᠰᠤᠷᠤᠯᠴᠠᠬᠤ ᠲᠥᠯᠥᠪᠯᠡᠭᠡ ᠵᠢ ᠦᠨᠳᠦᠰᠦᠯᠡᠨ᠂ ᠭᠢᠨᠳᠠᠨ᠎ᠤ ᠳᠡᠳ᠋ ᠳᠠᠷᠤᠭ᠎ᠠ ᠵᠠᠩ ᠸᠸᠨ ᠯᠦᠩ ᠳᠠᠭ᠋ᠠᠭᠤᠯᠤᠨ ᠰᠤᠷᠤᠯᠴᠠᠵᠤ᠂ ᠲᠣᠰ ᠣᠷᠣᠶ ᠵᠢᠨ ᠵᠢᠵᠢᠭᠦᠷᠯᠡᠭᠴᠢ ᠠᠷᠠᠳ᠎ᠤᠨ ᠴᠠᠭᠳᠠᠭ᠎ᠠ᠎ᠠᠴᠠ ᠪᠤᠰᠤᠳ ᠪᠢᠲᠡᠭᠦᠮᠵᠢᠯᠡᠭᠰᠡᠨ ᠵᠢᠵᠢᠭᠦᠷᠯᠡᠭᠴᠢ ᠠᠷᠠᠳ᠎ᠤᠨ ᠴᠠᠭᠳᠠᠭ᠎ᠠ ᠠᠵᠢᠯᠲᠠᠨ ᠰᠢᠨ᠎ᠡ 《ᠠᠶᠤᠯᠭᠦᠶ ᠦᠢᠯᠡᠳᠪᠦᠷᠢᠯᠡᠯ᠎ᠤᠨ ᠬᠠᠤᠯᠢ》 ᠵᠢᠨ ᠰᠤᠷᠤᠯᠴᠠᠯᠭ᠎ᠠ᠎ᠳᠤ ᠣᠷᠣᠯᠴᠠᠪᠠ᠃
ᠬᠤᠷᠠᠯ ᠳᠡᠭᠡᠷ᠎ᠡ 《ᠠᠶᠤᠯᠭᠦᠶ ᠦᠢᠯᠡᠳᠪᠦᠷᠢᠯᠡᠯ᠎ᠤᠨ ᠬᠠᠤᠯᠢ》 ᠵᠢᠨ 118 ᠵᠦᠢᠯ᠎ᠤᠨ ᠠᠭᠤᠯᠭ᠎ᠠ ᠵᠢ ᠵᠤᠷᠪᠤᠰ ᠳᠠᠷᠠᠭ᠋ᠠᠯᠠᠨ ᠰᠤᠷᠤᠯᠴᠠᠭᠰᠠᠨ ᠪᠥᠭᠡᠳ ᠬᠤᠷᠠᠯ᠎ᠳᠤ ᠣᠷᠣᠯᠴᠠᠭᠰᠠᠳ᠎ᠲᠤ ᠪᠣᠳᠠᠲᠠᠶ ᠱᠠᠭ᠋ᠠᠷᠳᠠᠯᠭ᠎ᠠ ᠳᠤᠷᠠᠳᠪᠠ᠂ ᠨᠢᠭᠡ᠎ᠳᠤ ᠡᠯ᠎ᠡ ᠨᠢᠭᠡᠴᠢ ᠵᠢᠨ᠎ᠬᠢᠨ ᠠᠷᠠᠳ᠎ᠤᠨ ᠴᠠᠭᠳᠠᠭ᠎ᠠ ᠠᠵᠢᠯᠲᠠᠨ᠎ᠢ ᠵᠣᠬᠢᠶᠠᠨ ᠪᠠᠢ᠌ᠭᠤᠯᠵᠤ 《ᠠᠶᠤᠯᠭᠦᠶ ᠦᠢᠯᠡᠳᠪᠦᠷᠢᠯᠡᠯ᠎ᠤᠨ ᠬᠠᠤᠯᠢ》᠎ᠳᠤ ᠵᠠᠰᠠᠪᠤᠷᠢ ᠣᠷᠣᠭᠤᠯᠤᠭᠰᠠᠨ ᠴᠢᠬᠤᠯᠠ ᠠᠭᠤᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠴᠣᠭᠴᠠᠯᠠᠬᠤ ᠬᠡᠷᠡᠭᠲᠡᠶ; ᠬᠣᠶᠠᠷ᠎ᠲᠤ ᠡᠯ᠎ᠡ ᠨᠢᠭᠡᠴᠢ᠎ᠨᠦᠭᠦᠳ ᠭᠢᠨᠳᠠᠨ᠎ᠤ ᠵᠣᠬᠢᠶᠠᠨ ᠪᠠᠢ᠌ᠭᠤᠯᠤᠭᠰᠠᠨ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢᠨ ᠪᠣᠯᠪᠠᠰᠤᠷᠠᠭᠤᠯᠤᠯ᠎ᠳᠤ ᠢᠳᠡᠪᠬᠢᠲᠡᠢ ᠣᠷᠣᠯᠴᠠᠵᠤ᠂ ᠰᠤᠷᠤᠬᠰᠠᠨ ᠮᠡᠳᠡᠯᠭᠡ᠎ᠪᠠᠨ ᠠᠵᠢᠯ᠎ᠤᠨ ᠬᠠᠷᠢᠭᠤᠴᠠᠯᠭ᠎ᠠ ᠳᠡᠭᠡᠷ᠎ᠡ᠎ᠪᠠᠨ ᠦᠨᠡᠨ ᠬᠦ᠌ ᠬᠤᠪᠢᠷᠠᠭᠤᠯᠬᠤ ᠬᠡᠷᠡᠭᠲᠡᠢ; ᠭᠤᠷᠪᠠ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠢᠨ᠎ᠡ 《ᠠᠶᠤᠯᠭᠦᠶ ᠦᠢ᠍ᠯᠡᠳᠪᠦᠷᠢᠯᠡᠯ᠎ᠤᠨ ᠬᠠᠤᠯᠢ》᠎ᠲᠠᠢ ᠬᠠᠷᠢᠴᠠᠭᠤᠯᠤᠨ᠂ ᠣᠳᠣ ᠪᠠᠢ᠌ᠭ᠎ᠠ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠳᠦᠷᠢᠮ᠎ᠢ ᠡᠮᠬᠢᠯᠡᠨ᠂ ᠡᠯ᠎ᠡ ᠱᠠᠲᠤᠨ᠎ᠤ ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠠᠶᠤᠯᠭᠦᠶ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
ᠪᠤᠭᠤᠲᠤ ᠵᠢᠨ ᠭᠢᠨᠳᠠᠨ᠎ᠤ᠎ᠬᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠠᠷᠠᠳ᠎ᠤᠨ ᠴᠠᠭᠳᠠᠭ᠎ᠠ ᠵᠢᠨ ᠠᠵᠢᠯᠲᠠᠨ᠎ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠢ᠌ᠭᠤᠯᠤᠨ ᠰᠤᠷᠤᠯᠴᠠᠭᠤᠯᠤᠨ ᠡᠵᠡᠮᠰᠢᠭᠦᠯᠬᠦ ᠵᠢᠨ ᠬᠠᠮᠲᠤ ᠪᠢᠴᠢᠭᠡᠰᠦ ᠡᠯᠭᠦᠭᠰᠡᠨ ᠤᠷᠢᠶ᠎ᠠ ᠯᠣᠽᠦ᠋ᠩ᠂ ᠬᠥᠬᠡ ᠵᠠᠬᠢᠳᠠᠯ ᠵᠶ᠋ᠠᠷ ᠳᠠᠮᠵᠢᠭᠤᠯᠤᠨ ᠬᠦᠷᠭᠡᠬᠦ᠂ ᠭᠢᠨᠳᠠᠨ᠎ᠤ ᠳᠣᠲᠣᠷᠠᠬᠢ ᠴᠠᠬᠢᠯᠭ᠋ᠠᠨᠴᠢᠯᠠᠭᠰᠠᠨ ᠰᠤᠷᠭ᠋ᠠᠨ ᠬᠥᠮᠦᠵᠢᠯ᠂ ᠰᠤᠷᠤᠯᠴᠠᠯᠭ᠎ᠠ ᠵᠢᠨ ᠭᠠᠷ ᠳᠡᠪᠲᠡᠷ ᠦᠢᠯᠡᠳᠬᠦ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠶᠡᠬᠡᠪᠡᠷ ᠤᠬᠠᠭᠤᠯᠵᠤ᠂ ᠪᠥᠬᠥ ᠠᠷᠠᠳ᠎ᠤᠨ ᠴᠠᠭᠳᠠᠭ᠎ᠠ ᠵᠢᠨ ᠠᠵᠢᠯᠲᠠᠨ᠎ᠤ ᠰᠢᠨ᠎ᠡ 《ᠠᠶᠤᠯᠭᠦᠶ ᠦᠢᠯᠡᠳᠪᠦᠷᠢᠯᠡᠯ᠎ᠤᠨ ᠬᠠᠤᠯᠢ》 ᠵᠢᠨ ᠴᠢᠬᠤᠯᠠ ᠠᠭᠤᠯᠭ᠎ᠠ ᠵᠢ ᠤᠢ᠌ᠯᠠᠭ᠋ᠠᠨ ᠡᠵᠡᠮᠰᠢᠬᠦ ᠵᠢ ᠪᠠᠲᠤᠯᠠᠵᠤ᠂ ᠠᠷᠠᠳ᠎ᠤᠨ ᠴᠠᠭᠳᠠᠭ᠎ᠠ ᠵᠢᠨ ᠠᠵᠢᠯᠲᠠᠨ᠎ᠤ ᠠᠶᠤᠯᠭᠦᠶ ᠦᠢᠯᠡᠳᠪᠦᠷᠢᠯᠡᠯ᠎ᠤᠨ ᠦᠵᠡᠯ ᠤᠬᠠᠮᠰᠠᠷ᠎ᠢ ᠴᠢᠩᠭ᠋ᠠᠳᠬᠠᠵᠤ᠂ ᠠᠶᠤᠯᠭᠦᠶ ᠦᠢᠯᠡᠳᠪᠦᠷᠢᠯᠡᠯ᠎ᠤᠨ ᠬᠣᠷᠢᠭ᠎ᠠ ᠱᠤᠭᠤᠮ᠎ᠤᠨ ᠰᠡᠳᠬᠢᠬᠦᠶ ᠵᠢ ᠴᠢᠩᠭ᠋ᠠᠳᠬᠠᠵᠤ᠂ ᠭᠢᠨᠳᠠᠨ᠎ᠤ ᠠᠶᠤᠯᠭᠦᠶ ᠦᠢᠯᠡᠳᠪᠦᠷᠢᠯᠡᠯ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠭᠢᠨᠳᠠᠨ᠎ᠤ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ᠎ᠳᠤ ᠰᠠᠭᠤᠷᠢ ᠵᠢ ᠪᠠᠲᠤᠳᠬᠠᠪᠠ᠃