ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠶᠠᠳᠤᠭ᠋ᠠᠷ ᠡᠮᠡᠭᠲᠡᠶ ᠵᠢᠨ ᠭᠢᠨᠳᠠᠨ᠎ᠳᠤ ᠴᠢᠬᠡᠴᠢ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠳᠠᠢ᠌ᠴᠢᠯᠠᠯᠲᠠ ᠵᠢᠨ ᠶᠡᠬᠡ ᠬᠤᠷᠠᠯ ᠬᠢᠪᠡ
ᠨᠡᠶ᠋ᠢᠲᠡᠯᠡᠭᠰᠡᠨ ᠴᠠᠭ᠄ 2021-09-04

      ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠡᠮᠡᠭᠲᠡᠶ ᠵᠢᠨ ᠭᠢᠨᠳᠠᠨ ᠴᠢᠬᠡᠴᠢ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠳᠠᠢ᠌ᠴᠢᠯᠠᠯᠲᠠ ᠵᠢᠨ ᠶᠡᠬᠡ ᠬᠤᠷᠠᠯ ᠬᠢᠪᠠ᠃



      ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠡᠷᠡᠮᠵᠢᠯᠡᠭᠦᠯᠬᠦ ᠬᠥᠮᠦᠵᠢᠯ᠎ᠤᠨ ᠲᠦᠷᠢᠮ〉᠎ᠢ ᠳᠠᠷᠤᠮᠠᠯᠯᠠᠨ ᠲᠠᠷᠬᠠᠭ᠋ᠠᠭᠰᠠᠨ ᠮᠡᠳᠡᠭᠳᠡᠯ》᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2021 ᠣᠨ᠎ᠤ ᠴᠢᠬᠡᠴᠢ ᠵᠠᠰᠠᠭ᠎ᠤᠨ ᠰᠡᠷᠡᠮᠵᠢᠯᠡᠭᠦᠯᠬᠦ ᠬᠥᠮᠦᠵᠢᠯ᠎ᠤᠨ ᠠᠵᠢᠯ᠎ᠤᠨ ᠲᠥᠰᠦᠯ〉᠎ᠢ ᠤᠯᠠᠮᠵᠢᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ》᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠰᠢᠰᠲ᠋ᠧᠮ᠎ᠤᠨ ᠳᠣᠲᠣᠷᠠᠬᠢ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠬᠡᠷᠡᠭ᠎ᠢ ᠵᠠᠷᠯᠠᠨ ᠮᠡᠳᠡᠭᠳᠡᠵᠦ᠂ ᠪᠥᠬᠥ ᠠᠷᠠᠳ᠎ᠤᠨ ᠴᠠᠭᠳᠠᠭ᠎ᠠ ᠠᠵᠢᠯᠲᠠᠨ᠎ᠢ ᠳᠡᠭᠡᠳᠦ ᠬᠡᠮᠵᠢᠶ᠎ᠡ᠎ᠪᠠᠷ ᠰᠡᠷᠡᠮᠵᠢ᠎ᠲᠠᠢ ᠪᠠᠢ᠌ᠵᠤ᠂ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠨ᠂ ᠴᠢᠬᠡᠴᠢ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭ᠋ᠠᠷᠳᠠᠪᠠ᠃



      ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠬᠦ ᠠᠷᠠᠳ᠎ᠤᠨ ᠴᠠᠭᠳᠠᠭ᠎ᠠ ᠵᠢᠨ ᠠᠵᠢᠯᠳᠠᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠴᠢᠬᠡᠴᠢ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠦᠵᠡᠯ ᠰᠠᠨᠠᠭ᠋ᠠᠨ᠎ᠤ ᠶᠡᠷᠦᠩᠬᠡᠢ ᠨᠡᠭᠡᠭᠡᠯᠭᠡ ᠵᠢ ᠴᠢᠩᠭ᠋ᠠᠳᠬᠠᠵᠤ᠂ ᠢᠯᠵᠢᠷᠡᠯ᠎ᠢ ᠰᠡᠷᠡᠮᠵᠢᠯᠡᠬᠦ᠂ ᠡᠷᠬᠡ ᠵᠢ ᠪᠢᠰᠢᠷᠡᠨ ᠵᠢᠷᠦᠬᠡᠰᠢᠶᠡᠬᠦ ᠪᠠᠢ᠌ᠳᠠᠯ᠎ᠢ ᠪᠦᠷᠢᠯᠳᠦᠭᠦᠯᠬᠦ ᠬᠡᠷᠡᠭᠲᠡᠢ; ᠬᠡᠷᠡᠭ ᠵᠶ᠋ᠡᠷ ᠰᠠᠬᠢᠯᠭ᠎ᠠ ᠪᠠᠲᠤ ᠵᠢ ᠲᠣᠳᠣᠷᠬᠠᠢ᠌ᠯᠠᠵᠤ᠂ ᠰᠠᠬᠢᠯᠭ᠎ᠠ ᠪᠠᠲᠤ ᠵᠢ ᠴᠢᠩᠳᠠᠯᠠᠬᠤ ᠡᠨᠡ ᠬᠦ᠌ ᠵᠠᠩᠭᠢᠯᠠᠭ᠎ᠠ ᠵᠢ ᠠᠳᠬᠤᠵᠤ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠤᠯᠤᠰ ᠲᠦᠷᠦ ᠵᠢᠨ ᠤᠬᠠᠮᠰᠠᠷ ᠵᠶ᠋ᠠᠨ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠱᠠᠭ᠋ᠠᠷᠳᠠᠯᠭ᠎ᠠ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠬᠣᠷᠢᠭ᠎ᠠ ᠱᠤᠭᠤᠮ᠎ᠢ ᠪᠠᠲᠤ ᠴᠡᠭᠡᠵᠢᠯᠡᠬᠦ ᠬᠡᠷᠡᠭᠲᠡᠢ; ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠵᠤ᠂ ᠴᠢᠬᠡᠴᠢ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠬᠡᠷᠡᠭ᠎ᠤᠨ ᠵᠢᠱ᠌ᠢᠶ᠎ᠡ᠎ᠠᠴᠠ ᠰᠤᠷᠭ᠋ᠠᠮᠵᠢ ᠠᠪᠴᠤ᠂ ᠡᠭᠦᠨ ᠵᠶ᠋ᠡᠷ ᠴᠡᠭᠡᠷᠯᠡᠯ ᠪᠣᠯᠭ᠋ᠠᠨ᠂ ᠦᠵᠡᠯ ᠰᠠᠨᠠᠭ᠋ᠠᠨ᠎ᠤ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠢᠭᠤᠨ ᠴᠢᠬᠡᠴᠢ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠥᠪᠡᠷ᠎ᠢ᠎ᠪᠠᠨ ᠱᠠᠭ᠋ᠠᠷᠳᠠᠬᠤ ᠴᠢᠳᠠᠪᠤᠷᠢ᠎ᠪᠠᠨ ᠴᠢᠩᠭ᠋ᠠᠳᠬᠠᠵᠤ᠂ ᠬᠣᠶᠠᠳᠤᠭ᠋ᠠᠷ ᠡᠮᠡᠭᠲᠡᠶ ᠵᠢᠨ ᠭᠢᠨᠳᠠᠨ᠎ᠤ ᠢᠯᠵᠠᠷᠠᠯ᠎ᠢ ᠡᠰᠡᠷᠭᠦᠴᠡᠨ ᠠᠷᠢᠭᠤᠨ ᠴᠢᠬᠡᠴᠢ ᠵᠢ ᠡᠷᠬᠢᠮᠯᠡᠬᠦ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠠᠮᠤᠷ ᠠᠮᠤᠭᠤᠯᠠᠩ ᠭᠢᠨᠳᠠᠨ᠂ ᠬᠠᠤᠯᠢ᠎ᠪᠠᠷ ᠵᠠᠰᠠᠬᠤ ᠭᠢᠨᠳᠠᠨ᠎ᠢ ᠪᠥᠲᠥᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠪᠡ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            