ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠠ
ᠨᠡᠶ᠋ᠢᠲᠡᠯᠡᠭᠰᠡᠨ ᠴᠠᠭ᠄ 2021-04-15

      4 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢ ᠬᠦᠮᠦᠵᠢᠭᠦᠯᠦᠨ ᠴᠡᠭᠴᠡᠯᠡᠭᠰᠡᠨ ᠠᠵᠢᠯ᠎ᠤᠨ ᠪᠠᠢ᠌ᠳᠠᠯ᠎ᠢ ᠨᠡᠢ᠌ᠲᠡᠯᠡᠭᠰᠡᠨ ᠪᠥᠭᠡᠳ ᠨᠡᠢ᠌ᠭᠡᠮ ᠨᠡᠢ᠌ᠲᠡ᠎ᠳᠤ ᠢᠯᠡ᠎ᠪᠠᠷ ᠠᠮᠠᠯᠠᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠰᠣᠨᠢᠨ ᠮᠡᠳᠡᠭᠡᠨ ᠨᠡᠢ᠌ᠲᠡᠯᠡᠯ ᠬᠢᠵᠦ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠬᠠᠤᠯᠢᠴᠢ ᠵᠢᠨ ᠠᠵᠢᠯ᠎ᠤᠨ ᠭᠠᠵᠠᠷ᠂ ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ ᠬᠡᠷ᠎ᠤᠨ ᠬᠠᠷᠢᠭᠤᠴᠠᠯᠭ᠋ᠠᠲᠠᠨ ᠡᠷᠭᠢᠯᠡᠪᠡ᠃
      ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠠᠵᠢᠯ ᠥᠷᠨᠢᠭᠦᠯᠦᠭᠰᠡᠨ ᠪᠠᠢ᠌ᠳᠠᠯ᠎ᠢ ᠨᠡᠪᠲᠡᠷᠡᠭᠦᠯᠦᠨ ᠮᠡᠳᠡᠭᠡᠯᠡᠭᠰᠡᠨ ᠪᠥᠭᠡᠳ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠬᠠᠤᠯᠢ ᠴᠠᠭ᠋ᠠᠵᠠ ᠵᠢᠨ ᠶᠠᠮᠤᠨ᠎ᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠢᠳᠤᠭ᠋ᠠᠨ ᠢᠷ᠎ᠢ ᠳᠣᠲᠣᠭᠰᠢ ᠬᠠᠨᠳᠤᠭᠤᠯᠬᠤ᠂ ᠶᠠᠰᠤ ᠵᠢ᠎ᠨᠢ ᠬᠤᠰᠤᠵᠤ ᠬᠣᠤᠷ᠎ᠢ᠎ᠨᠢ ᠠᠷᠢᠯᠭ᠋ᠠᠬᠤ ᠡᠷᠡᠰ ᠰᠥᠰᠥ ᠵᠣᠷᠢᠭ ᠵᠶ᠋ᠠᠷ ᠬᠥᠮᠦᠵᠢᠯ ᠴᠡᠭᠴᠡᠯᠡᠯᠲᠡ ᠵᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠵᠢ ᠬᠦᠴᠦᠯᠡᠨ ᠠᠬᠢᠭᠤᠯᠵᠤ᠂ ᠢᠲᠡᠭᠡᠯ ᠪᠢᠰᠢᠷᠡᠯ ᠪᠠᠲᠤ ᠴᠢᠩᠭ᠎ᠠ᠂ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ᠂ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠣᠤᠯᠴᠢ ᠠᠷᠢᠭᠤᠨ ᠴᠢᠬᠡᠴᠢ ᠪᠠᠢ᠌ᠬᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠨᠢᠭᠡᠨ ᠰᠠᠯᠠᠭ᠎ᠠ ᠴᠠᠭ᠋ᠠᠷᠠᠭᠰᠠᠨ ᠡᠩᠨᠡᠭᠡ ᠵᠢ ᠴᠢᠷᠮᠠᠢ᠌ᠨ ᠪᠠᠢ᠌ᠭᠤᠯᠤᠨ᠎ᠠ ᠭᠡᠵᠦ ᠲᠦᠪ ᠴᠢᠩᠭ᠎ᠠ᠎ᠪᠠᠷ ᠠᠮᠠᠯᠠᠯᠲᠠ ᠬᠢᠪᠡ᠃
      ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠵᠢᠭ᠋ᠠᠪᠤᠷᠢ ᠪᠠ ᠰᠤᠷᠭ᠋ᠠᠯ ᠦᠭᠡ ᠵᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪ ᠬᠣᠷᠢᠶ᠎ᠠ᠂ ᠬᠠᠤᠯᠢ ᠴᠠᠭ᠋ᠠᠵᠠ ᠵᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠂ ᠪᠠᠢ᠌ᠭᠤᠯᠤᠮᠵᠢ ᠵᠢᠨ ᠪᠠᠢ᠌ᠭᠤᠯᠤᠯᠲᠠ᠂ ᠬᠢᠨᠠᠨ ᠵᠢᠯᠣᠭᠣᠳᠴᠤ ᠪᠠᠢ᠌ᠴᠠᠭ᠋ᠠᠬᠤ ᠵᠢ ᠴᠢᠩᠭ᠋ᠠᠳᠬᠠᠨ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠳᠣᠣᠷ᠎ᠠ᠎ᠪᠠᠨ ᠠᠯᠪᠠᠨ ᠭᠡᠷ ᠭᠠᠷᠭ᠋ᠠᠭ᠋ᠠᠳ᠂ 《ᠳᠥᠷᠪᠡᠨ ᠰᠢᠰᠲ᠋ᠧᠮ ᠵᠶ᠋ᠡᠷ ᠵᠶ᠋ᠡᠨ ᠬᠠᠷᠢᠯᠴᠠᠬᠤ ᠠᠵᠢᠯ᠎ᠤᠨ ᠲᠤᠰᠬᠠᠶ ᠠᠩᠭᠢ》 ᠵᠢ ᠨᠠᠷᠢᠯᠢᠬ᠍ᠵᠢᠭᠤᠯᠤᠨ ᠵᠣᠬᠢᠶᠠᠨ ᠪᠠᠢ᠌ᠭᠤᠯᠵᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ ᠪᠠ ᠡᠯ᠎ᠡ ᠪᠣᠳᠠᠲᠠᠶ ᠠᠵᠢᠯ ᠲᠥᠷᠥᠯ᠎ᠤᠨ ᠲᠥᠷᠥᠯ ᠬᠤᠪᠢᠶᠠᠨ ᠵᠢᠯᠣᠭᠣᠳᠬᠤ ᠵᠢ ᠪᠣᠳᠠᠲᠠᠶ ᠵᠣᠬᠢᠶᠠᠨ ᠪᠠᠢ᠌ᠭᠤᠯᠤᠨ ᠬᠡᠷᠡᠭᠵᠢᠭᠦᠯᠪᠡ᠃ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠶ ᠲᠥᠯᠥᠪᠯᠡᠨ ᠤᠬᠠᠭ᠋ᠠᠯᠠᠨ ᠲᠦᠯᠦᠪᠯᠡᠵᠦ᠂ ᠪᠦᠬᠦᠯᠢ ᠴᠣᠭᠴᠠ᠎ᠪᠠᠷ ᠠᠬᠢᠭᠤᠯᠬᠤ ᠪᠠ ᠭᠣᠤᠯᠳᠠᠯᠭ᠎ᠠ᠎ᠲᠠᠢ ᠰᠢᠪᠲᠤᠯᠬᠤ ᠵᠢᠨ ᠬᠠᠷᠢᠴᠠᠭ᠎ᠠ᠂ ᠣᠳᠣᠬᠠᠨ᠎ᠤ ᠪᠠ ᠠᠯᠤᠰ ᠬᠡᠲᠦ ᠵᠢᠨ ᠬᠠᠷᠢᠴᠠᠭ᠎ᠠ᠂ ᠲᠣᠭᠲᠠᠭᠰᠠᠨ ᠠᠵᠢᠯᠯᠠᠭ᠎ᠠ ᠪᠠ ᠥᠪᠡᠰᠦᠪᠡᠨ ᠰᠣᠩᠭᠣᠬᠤ ᠠᠵᠢᠯᠯᠠᠭ᠎ᠠ ᠵᠢᠨ ᠬᠠᠷᠢᠴᠠᠭ᠎ᠠ ᠵᠢ ᠵᠥᠪ ᠵᠶ᠋ᠡᠷ ᠰᠢᠢᠳᠪᠦᠷᠢᠯᠡᠵᠦ᠂ ᠰᠢᠰᠲ᠋ᠧᠮ᠎ᠲᠠᠢ ᠤᠬᠠᠭ᠋ᠠᠯᠠᠨ ᠲᠦᠯᠦᠪᠯᠡᠬᠦ᠎ᠪᠠᠨ ᠴᠢᠩᠭ᠋ᠠᠳᠬᠠᠪᠠ᠃ ᠤᠯᠤᠰ ᠲᠦᠷᠦ ᠵᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠦᠷ᠎ᠡ ᠪᠦᠲᠦᠮᠵᠢ᠂ ᠨᠡᠢ᠌ᠭᠡᠮ᠎ᠤᠨ ᠦᠷ᠎ᠡ ᠪᠦᠲᠦᠮᠵᠢ ᠬᠠᠷᠢᠯᠴᠠᠨ ᠨᠢᠭᠡᠳᠬᠦ ᠵᠢ ᠪᠠᠷᠢᠮᠲᠠᠯᠠᠵᠤ᠂ ᠡᠭᠦᠳᠡ᠎ᠪᠠᠨ ᠨᠡᠭᠡᠭᠡᠵᠦ ᠬᠥᠮᠦᠵᠢᠯ ᠴᠡᠭᠴᠡᠯᠡᠯᠲᠡ ᠬᠢᠵᠦ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠳᠤᠪᠤᠢ᠌ᠯᠭ᠋ᠠᠨ᠂ ᠠᠷᠭ᠎ᠠ ᠵᠠᠮ ᠵᠶ᠋ᠠᠨ ᠰᠢᠯᠢᠳᠡᠭᠵᠢᠭᠦᠯᠪᠡ᠃ ᠬᠠᠷᠠᠯᠲᠠ ᠵᠢᠨ ᠤᠳᠤᠷᠢᠳᠤᠮᠵᠢ᠂ ᠠᠰᠠᠭᠤᠳᠠᠯ᠎ᠤᠨ ᠤᠳᠤᠷᠢᠳᠤᠮᠵᠢ᠂ ᠦᠷ᠎ᠡ ᠪᠦᠲᠦᠮᠵᠢ ᠵᠢᠨ ᠤᠳᠤᠷᠢᠳᠤᠮᠵᠢ ᠵᠢ ᠢᠮᠠᠭᠲᠠ ᠪᠠᠲᠤ ᠪᠤᠢ ᠪᠣᠯᠭ᠋ᠠᠵᠤ᠂ ᠴᠡᠭᠴᠡᠯᠡᠯᠲᠡ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
      ᠰᠤᠷᠤᠯᠴᠠᠯᠭ᠎ᠠ ᠬᠥᠮᠦᠵᠢᠯ᠎ᠤᠨ ᠱᠠᠲᠤᠨ᠎ᠳᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ ᠦᠵᠡᠯ ᠰᠠᠨᠠᠭ᠎ᠠ ᠤᠯᠤᠰ ᠲᠥᠷᠥ ᠵᠢᠨ ᠰᠠᠭᠤᠷᠢ ᠵᠢ ᠦᠨᠡᠨ ᠬᠦ᠌ ᠪᠡᠬᠢᠵᠢᠭᠦᠯᠪᠡ᠃ ᠨᠢᠭᠡ᠎ᠳᠤ ᠤᠯᠤᠰ ᠲᠥᠷᠥ ᠵᠢᠨ ᠬᠥᠮᠦᠵᠢᠯ᠎ᠢ ᠲᠣᠪᠣᠢ᠌ᠮ᠎ᠠ ᠰᠠᠢ᠌ᠲᠤᠷ ᠠᠳᠬᠤᠵᠤ᠂ ᠣᠶᠤᠨ ᠰᠠᠨᠠᠭ᠋ᠠᠨ᠎ᠤ 《ᠺᠠᠯᠼ》᠎ᠢ ᠭᠦᠢᠴᠡᠳ ᠨᠦᠬᠦᠪᠦᠷᠢᠯᠡᠪᠡ᠃ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ 《ᠬᠥᠮᠦᠵᠢᠯ ᠴᠡᠭᠴᠡᠯᠡᠯᠲᠡ ᠵᠢᠨ ᠠᠵᠢᠯ᠎ᠤᠨ ᠰᠤᠷᠤᠯᠴᠠᠯᠭ᠎ᠠ ᠬᠥᠮᠦᠵᠢᠯ᠎ᠤᠨ ᠱᠠᠲᠤᠨ᠎ᠤ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠨᠡᠪᠲᠡᠷᠬᠡᠶ ᠣᠢ᠌ᠯᠠᠭ᠋ᠠᠬᠤ᠎ᠪᠠᠷ ᠦᠨᠳᠦᠰᠦᠨ ᠡᠭᠦᠷᠭᠡ ᠪᠣᠯᠭ᠋ᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠨᠢ 《ᠨᠢᠭᠡᠳᠦᠭᠡᠷ ᠭᠠᠷ》 ᠨᠠᠮ᠎ᠤᠨ ᠬᠢᠴᠢᠶᠡᠯ ᠣᠷᠣᠬᠤ᠂ ᠲᠤᠰᠬᠠᠶ ᠰᠡᠳᠦᠪ ᠵᠶ᠋ᠡᠷ ᠬᠠᠪᠰᠤᠷᠤᠨ ᠵᠢᠯᠣᠭᠣᠳᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠥᠬᠥ ᠠᠵᠢᠯᠲᠠᠨ ᠤᠯᠤᠰ ᠲᠥᠷᠥ ᠵᠢᠨ ᠡᠭᠡᠯᠵᠢᠯᠡᠨ ᠪᠤᠯᠪᠠᠰᠤᠷᠠᠬᠤ ᠵᠢ ᠥᠷᠨᠢᠭᠦᠯᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠵᠢᠨ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ 《ᠬᠣᠶᠠᠷ᠎ᠢ ᠬᠠᠮᠠᠭ᠋ᠠᠯᠠᠬᠤ》 ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠪᠡ᠃ ᠦᠨᠦ ᠪᠤᠯᠬᠤ᠎ᠳᠤ᠂ ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ᠎ᠬᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠭᠣᠤᠯ ᠳᠤᠭᠤᠢ᠌ᠯᠠᠩ᠎ᠤᠨ ᠲᠤᠰᠬᠠᠶ ᠰᠡᠳᠦᠪᠲᠦ ᠰᠤᠷᠤᠯᠴᠠᠯᠭ᠎ᠠ ᠵᠢ ᠨᠡᠢ᠌ᠲᠡ 41 ᠤᠳᠠᠭ᠎ᠠ ᠵᠣᠬᠢᠶᠠᠨ ᠪᠠᠢ᠌ᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ 《ᠨᠢᠭᠡᠳᠦᠭᠡᠷ ᠭᠠᠷ》 47 ᠤᠳᠠᠭ᠎ᠠ ᠨᠠᠮ᠎ᠤᠨ ᠬᠢᠴᠢᠶᠡᠯ ᠣᠷᠣᠵᠤ᠂ ᠬᠣᠤᠷ ᠲᠠᠲᠠᠬᠤ ᠵᠢ ᠵᠣᠭᠰᠣᠭ᠋ᠠᠬᠤ ᠰᠢᠰᠲ᠋ᠧᠮ ᠤᠯᠤᠰ ᠲᠥᠷᠥ ᠵᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠵᠢ 2 ᠬᠤᠭᠤᠴᠠᠭ᠎ᠠ ᠥᠷᠨᠢᠭᠦᠯᠪᠡ᠃ ᠬᠣᠶᠠᠷ᠎ᠲᠤ ᠨᠠᠮ᠎ᠤᠨ ᠲᠡᠦᠬᠡ ᠵᠢᠨ ᠬᠥᠮᠦᠵᠢᠯ᠎ᠢ ᠲᠤᠪᠤᠢ᠍ᠢ᠍ᠮ᠎ᠠ ᠰᠠᠢ᠌ᠲᠤᠷ ᠠᠳᠬᠤᠵᠤ᠂ ᠦᠵᠡᠯ ᠰᠠᠨᠠᠭ᠋ᠠᠨ᠎ᠤ 《ᠰᠦᠭ ᠰᠦᠨᠡᠰᠦ》 ᠵᠢ ᠨᠢᠭᠲᠠᠷᠠᠭᠤᠯᠪᠠ᠃ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠢ᠌ᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢ ᠰᠤᠷᠤᠯᠴᠠᠬᠤ ᠵᠡᠷᠭᠡ ᠠᠵᠢᠯᠯᠠᠭ᠎ᠠ ᠵᠢ ᠬᠢᠨᠠᠮᠠᠭ᠋ᠠᠶ ᠵᠣᠬᠢᠶᠠᠨ ᠪᠠᠢ᠌ᠭᠤᠯᠤᠨ ᠦᠷᠨᠢᠭᠦᠯᠪᠡ᠃ ᠰᠤᠷᠤᠯᠴᠠᠯᠭ᠎ᠠ᠎ᠳᠤ 《ᠲᠥᠷᠥᠯ ᠵᠦᠢᠯᠵᠢᠭᠦᠯᠬᠦ᠂ ᠨᠠᠷᠢᠨ ᠬᠠᠭᠤᠳᠠᠰᠤᠵᠢᠭᠤᠯᠬᠤ》 ᠬᠠᠮᠢᠶᠠᠷᠤᠯᠲᠠ ᠵᠢ ᠬᠡᠷᠡᠭᠵᠢᠭᠦᠯᠵᠦ᠂ ᠭᠢᠨᠳᠠᠨ᠎ᠤ ᠰᠢᠰᠲ᠋ᠧᠮ᠎ᠳᠤ 《ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠬᠥᠮᠦᠵᠢᠯ᠎ᠤᠨ ᠭᠣᠭᠴᠣᠭ᠋ᠠᠨ᠎ᠤ ᠠᠵᠢᠯ᠎ᠤᠨ ᠵᠢᠯᠣᠭᠣᠳᠤᠮᠵᠢ》 ᠪᠠ 《ᠰᠤᠷᠤᠯᠴᠠᠯᠭ᠎ᠠ ᠬᠥᠮᠦᠵᠢᠯ᠎ᠤᠨ ᠯᠠᠪᠯᠠᠯᠲᠠ ᠵᠢᠨ ᠮᠠᠲ᠋ᠧᠷᠢᠶᠠᠯ》᠎ᠢ ᠲᠣᠭᠲᠠᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠵᠢ ᠤᠷᠬᠢᠭᠳᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠪᠠ᠃ ᠬᠣᠤᠷ ᠲᠠᠲᠠᠬᠤ ᠵᠢ ᠵᠣᠭᠰᠣᠭ᠋ᠠᠬᠤ ᠰᠢᠰᠲ᠋ᠧᠮ᠎ᠳᠤ 《ᠰᠤᠷᠤᠯᠴᠠᠯᠭ᠎ᠠ ᠬᠥᠮᠦᠵᠢᠯ᠎ᠤᠨ ᠱᠠᠲᠤ ᠦᠶ᠎ᠡ ᠵᠢᠨ ᠡᠭᠦᠷᠭᠡ ᠵᠢᠨ ᠨᠠᠷᠢᠨ ᠬᠠᠭᠤᠳᠠᠰᠤ》 ᠪᠠ 《ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠬᠥᠮᠦᠵᠢᠯ᠎ᠤᠨ ᠱᠠᠲᠤ ᠦᠶ᠎ᠡ ᠵᠢᠨ ᠠᠵᠢᠯ᠎ᠤᠨ ᠲᠣᠬᠢᠷᠠᠭᠤᠯᠤᠯᠲᠠ ᠪᠠ ᠠᠬᠢᠴᠠ ᠵᠢᠨ ᠬᠦᠰᠦᠨᠦᠭ》᠎ᠢ ᠭᠠᠷᠭ᠋ᠠᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠵᠢ ᠲᠥᠯᠥᠪᠯᠡᠭᠡ ᠶᠣᠰᠣᠭ᠋ᠠᠷ ᠡᠮᠬᠢ ᠵᠢᠷᠤᠮ᠎ᠲᠠᠢ ᠥᠷᠨᠢᠭᠦᠯᠬᠦ ᠵᠢ ᠠᠬᠢᠭᠤᠯᠪᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠠᠵᠢᠯ ᠲᠦᠷᠦᠯ᠎ᠳᠤ ᠰᠤᠷᠤᠯᠴᠠᠯᠭ᠎ᠠ ᠬᠥᠮᠦᠵᠢᠯ᠎ᠤᠨ ᠱᠠᠲᠤᠨ᠎ᠤ ᠬᠡᠷᠡᠭᠵᠢᠭᠦᠯᠬᠦ ᠲᠥᠰᠦᠯ᠎ᠢ ᠲᠤᠰᠬᠠᠢ᠌ᠯᠠᠨ ᠨᠡᠢ᠌ᠲᠡᠯᠡᠵᠦ᠂ ᠰᠤᠷᠤᠯᠴᠠᠯᠭ᠎ᠠ ᠬᠥᠮᠦᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠰᠦᠪᠯᠡᠨ ᠪᠠᠢ᠌ᠷᠢᠯᠠᠭᠤᠯᠪᠠ᠃ ᠦᠨᠦ ᠪᠤᠯᠬᠤ᠎ᠳᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ ᠨᠡᠢ᠌ᠲᠡ 530 ᠤᠳᠠᠭ᠎ᠠ ᠵᠣᠬᠢᠶᠠᠨ ᠪᠠᠢ᠌ᠭᠤᠯᠤᠨ ᠰᠤᠷᠤᠯᠴᠠᠪᠠ᠃ ᠡᠭᠦᠨ᠎ᠤ ᠬᠠᠮᠲᠤ᠂ ᠰᠤᠷᠤᠯᠴᠠᠬᠤ ᠠᠷᠭ᠎ᠠ ᠬᠡᠯᠪᠡᠷᠢ᠎ᠪᠠᠨ ᠢᠳᠡᠪᠬᠢᠲᠡᠶ ᠰᠢᠨᠡᠴᠢᠯᠡᠵᠦ᠂ ᠣᠢ᠌ᠷ᠎ᠠ ᠬᠠᠪᠢ᠎ᠳᠤ᠎ᠨᠢ ᠲᠥᠬᠥᠮ ᠳᠦᠲᠡ ᠪᠠᠢ᠌ᠬᠤ ᠵᠠᠷᠴᠢᠮ᠎ᠢ ᠪᠠᠷᠢᠮᠲᠠᠯᠠᠨ᠂ ᠰᠢᠰᠲ᠋ᠧᠮ᠎ᠤᠨ ᠳᠣᠲᠣᠷ᠎ᠠ ᠭᠠᠳᠠᠨᠠᠬᠢ ᠬᠤᠪᠢᠰᠬᠠᠯ᠎ᠤᠨ ᠬᠥᠮᠦᠵᠢᠯ᠎ᠤᠨ ᠡᠬᠢ ᠪᠠᠶᠠᠯᠢᠭ᠎ᠢ ᠭᠦᠢᠴᠡᠳ ᠠᠰᠢᠭᠯᠠᠵᠤ᠂ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠥᠷᠭᠡᠨ ᠣᠯᠠᠨ ᠺᠠᠳ᠋ᠷ ᠴᠠᠭᠳᠠᠭ᠎ᠠ ᠵᠢᠨ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠤᠨ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠵᠢ ᠬᠥᠮᠦᠵᠢᠭᠦᠯᠦᠨ ᠬᠥᠲᠥᠯᠥᠨ ᠵᠢᠯᠣᠭᠣᠳᠪᠠ᠃ ᠭᠤᠷᠪᠠ᠎ᠳᠤ ᠰᠡᠷᠡᠮᠵᠢᠯᠡᠭᠦᠯᠬᠦ ᠬᠥᠮᠦᠵᠢᠯ᠎ᠢ ᠲᠣᠪᠣᠢ᠌ᠮ᠎ᠠ ᠰᠠᠢ᠌ᠲᠤᠷ ᠠᠳᠬᠤᠵᠤ᠂ ᠰᠠᠬᠢᠯᠭ᠎ᠠ ᠪᠠᠲᠤ ᠵᠢᠨ 《ᠲᠣᠭᠲᠠᠭ᠋ᠠᠯ》᠎ᠢ ᠪᠠᠲᠤ ᠪᠣᠶ ᠪᠤᠯᠭ᠋ᠠᠪᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠳᠣᠲᠣᠷ᠎ᠠ᠂ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠭᠡᠨ ᠵᠶ᠋ᠡᠷ ᠵᠣᠬᠢᠶᠠᠨ ᠪᠠᠢ᠌ᠭᠤᠯᠤᠨ ᠥᠷᠨᠢᠭᠦᠯᠵᠦ᠂ 《ᠨᠢᠭᠡ ᠨᠠᠮ᠎ᠤᠨ ᠲᠦᠷᠢᠮ》᠂ 《ᠬᠣᠶᠠᠷ ᠪᠠᠷᠢᠮᠵᠢᠶ᠎ᠠ》᠂ 《ᠭᠤᠷᠪᠠᠨ ᠲᠦᠷᠢᠮ》᠎ᠲᠠᠢ ᠤᠶᠠᠯᠳᠤᠭᠤᠯᠤᠨ᠂ ᠰᠤᠷᠤᠯᠴᠠᠬᠤ᠂ ᠴᠡᠭᠡᠵᠢᠯᠡᠬᠦ᠂ ᠤᠢ᠌ᠯᠠᠭ᠋ᠠᠬᠤ᠎ᠪᠠᠷ ᠦᠨᠡᠨ ᠴᠡᠭᠡᠵᠢᠯᠡᠬᠦ᠂ ᠦᠨᠡᠨ ᠮᠡᠳᠡᠬᠦ᠂ ᠦᠨᠡᠨ ᠰᠠᠬᠢᠬᠤ ᠵᠢ ᠠᠬᠢᠭᠤᠯᠬᠤ᠎ᠪᠠᠷ ᠨᠠᠮ᠎ᠤᠨ ᠭᠡᠰᠢᠭᠦᠨ ᠺᠠᠳ᠋ᠷᠴᠤᠳ᠎ᠢ ᠰᠢᠮᠳᠠᠭᠤᠯᠤᠨ ᠵᠢᠯᠣᠭᠣᠳᠴᠤ ᠪᠠᠢ᠌ᠭ᠋ᠠᠳ ᠨᠠᠮ᠎ᠤᠨ ᠰᠠᠬᠢᠯᠭ᠎ᠠ ᠪᠠᠲᠤ ᠵᠢ ᠰᠡᠳᠬᠢᠯ᠎ᠳᠤ᠎ᠨᠢ ᠬᠠᠳᠠᠩᠰᠢᠭᠤᠯᠪᠠ᠃ ᠡᠭᠦᠨ᠎ᠤ ᠬᠠᠮᠲᠤ᠂ ᠬᠢᠴᠢᠶᠡᠯ᠎ᠤᠨ ᠲᠠᠩᠬᠢᠮ᠎ᠢ ᠲᠢᠩᠬᠢᠮ᠎ᠤᠨ ᠰᠢᠭᠦᠯᠲᠡ᠂ ᠭᠢᠨᠳᠠᠨ ᠵᠡᠷᠭᠡ 《ᠨᠢᠭᠡᠳᠦᠭᠡᠷ ᠠᠬᠤᠶ ᠲᠠᠯᠠᠪᠠᠶ》᠎ᠳᠤ ᠭᠠᠷᠭ᠋ᠠᠵᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠪᠡ᠃ ᠰᠢᠰᠲ᠋ᠧᠮ᠎ᠤᠨ ᠳᠣᠲᠣᠷᠠᠬᠢ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠵᠥᠷᠢᠴᠡᠭᠰᠡᠨ ᠬᠡᠷᠡᠭ᠎ᠤᠨ ᠵᠢᠱ᠌ᠢᠶ᠎ᠡ᠎ᠪᠠᠷ ᠵᠢᠭ᠋ᠠᠬᠤ ᠮᠠᠲ᠋ᠧᠷᠢᠶᠠᠯ ᠪᠣᠯᠭ᠋ᠠᠵᠤ᠂ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ ᠵᠢ ᠵᠣᠬᠢᠶᠠᠨ ᠪᠠᠢ᠌ᠭᠤᠯᠵᠤ᠂ ᠳᠡᠷᠭᠡᠳᠡᠬᠢ ᠤᠴᠢᠷ ᠶᠠᠪᠤᠳᠠᠯ ᠵᠶ᠋ᠠᠷ ᠳᠡᠷᠭᠡᠳᠡᠬᠢ ᠬᠥᠮᠦᠨ ᠵᠶ᠋ᠡᠨ ᠬᠦᠮᠦᠵᠢᠭᠦᠯᠦᠨ᠂ ᠰᠡᠷᠡᠮᠵᠢᠯᠡᠭᠦᠯᠬᠦ ᠬᠥᠮᠦᠵᠢᠯ᠎ᠤᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠦᠨᠦ ᠪᠤᠯᠬᠤ᠎ᠳᠤ᠂ ᠪᠥᠬᠥ ᠰᠢᠰᠲ᠋ᠧᠮ ᠵᠶ᠋ᠡᠷ ᠵᠶ᠋ᠡᠨ ᠡᠯ᠎ᠡ ᠲᠥᠷᠥᠯ᠎ᠤᠨ ᠰᠡᠷᠡᠮᠵᠢᠯᠡᠭᠦᠯᠬᠦ ᠬᠥᠮᠦᠵᠢᠯ᠎ᠢ ᠨᠡᠢ᠌ᠲᠡ 33 ᠤᠳᠠᠭ᠎ᠠ ᠵᠣᠬᠢᠶᠠᠨ ᠪᠠᠢ᠌ᠭᠤᠯᠪᠠ᠃ ᠳᠥᠷᠪᠡ᠎ᠳᠤ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠎ᠢ ᠲᠣᠪᠣᠢ᠌ᠮ᠎ᠠ ᠰᠠᠢ᠌ᠲᠤᠷ ᠠᠳᠬᠤᠵᠤ᠂ ᠡᠷᠡᠯᠬᠡᠭᠯᠡᠨ ᠤᠷᠤᠭᠰᠢᠯᠠᠬᠤ 《ᠬᠦᠴᠦᠨ》᠎ᠢ ᠰᠢᠩᠭᠡᠭᠡᠨ ᠠᠪᠤᠪᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠪᠣᠯᠤᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠠᠵᠢᠯᠲᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠬᠤᠪᠸᠢ ᠵᠢ ᠲᠤᠰᠠᠯᠠᠬᠤ᠂ ᠬᠣᠷᠢᠭᠤᠯ᠎ᠤᠨ ᠭᠠᠵᠠᠷ᠎ᠤᠨ ᠬᠠᠮᠢᠶᠠᠷᠤᠯᠲᠠ᠂ ᠠᠷᠠᠳ ᠲᠦᠮᠡᠨ᠎ᠳᠤ ᠦᠢᠯᠡᠴᠢᠯᠡᠬᠦ ᠵᠡᠷᠭᠡ ᠡᠳᠦᠷ ᠲᠤᠲᠤᠮ᠎ᠤᠨ ᠠᠵᠢᠯ᠎ᠳᠠᠬᠢ ᠲᠡᠷᠢᠭᠦᠨ᠎ᠤ ᠦᠢᠯᠡ ᠠᠵᠢᠯᠯᠠᠭ᠎ᠠ᠂ ᠢᠯᠠᠩᠭᠤᠶ᠎ᠠ ᠳ᠋ᠢᠩ ᠸᠧᠶ ᠮᠢᠨ ᠵᠡᠷᠭᠡ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠭᠦᠨᠵᠡᠭᠡᠶ ᠠᠭᠤᠳᠠᠯᠵᠤ᠂ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠎ᠤᠨ ᠠᠵᠢᠯᠯᠠᠭ᠎ᠠ ᠦᠷᠨᠢᠭᠦᠯᠦᠨ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠭ᠋ᠠᠲᠤᠷ ᠵᠢᠱ᠌ᠢᠶᠡᠴᠢ ᠵᠢᠨ ᠬᠥᠮᠦᠰ᠎ᠤᠨ ᠰᠡᠳᠬᠢᠯ᠎ᠢ ᠬᠥᠳᠡᠯᠭᠡᠮ᠎ᠡ ᠦᠢᠯᠡ ᠠᠵᠢᠯᠯᠠᠭ᠎ᠠ ᠪᠣᠯᠤᠨ ᠡᠷᠬᠢᠮ ᠳᠡᠭᠡᠳᠦ ᠵᠠᠩ ᠴᠢᠨᠠᠷ᠎ᠢ ᠶᠡᠬᠡ᠎ᠪᠠᠷ ᠪᠠᠳᠠᠷᠠᠭᠤᠯᠵᠤ᠂ ᠥᠷᠭᠡᠨ ᠣᠯᠠᠨ ᠺᠠᠳ᠋ᠷ ᠴᠠᠭᠳᠠᠭ᠎ᠠ ᠵᠢᠨ ᠶᠡᠬᠡ ᠶᠣᠰᠣ ᠮᠣᠷᠠᠯ᠎ᠢ ᠮᠡᠳᠡᠬᠦ᠂ ᠨᠡᠢ᠌ᠲᠡ ᠵᠢᠨ ᠶᠣᠰᠣ ᠮᠣᠷᠠᠯ᠎ᠢ ᠰᠠᠬᠢᠬᠤ᠂ ᠬᠤᠪᠢ ᠵᠢᠨ ᠶᠣᠰᠣ ᠮᠣᠷᠠᠯ᠎ᠢ ᠴᠢᠩᠳᠠᠯᠠᠬᠤ ᠵᠢ ᠵᠣᠷᠢᠭᠵᠢᠭᠤᠯᠪᠠ᠃ ᠦᠨᠦ ᠪᠤᠯᠬᠤ᠎ᠳᠤ᠂ ᠡᠯ᠎ᠡ ᠵᠦᠢᠯ᠎ᠤᠨ ᠪᠠᠭ᠋ᠠᠲᠤᠷ ᠵᠢᠱ᠌ᠢᠶᠡᠴᠢ ᠵᠢᠨ ᠰᠤᠷᠤᠯᠴᠠᠯᠭ᠎ᠠ ᠵᠢᠨ ᠠᠵᠢᠯᠯᠠᠭ᠎ᠠ ᠵᠢ ᠨᠡᠢ᠌ᠲᠡ 240 ᠤᠳᠠᠭ᠎ᠠ ᠵᠣᠬᠢᠶᠠᠨ ᠪᠠᠢ᠌ᠭᠤᠯᠵᠤ᠂ ᠪᠠᠭ᠋ᠠᠲᠤᠷ ᠵᠢᠱ᠌ᠢᠶᠡᠴᠢ᠎ᠠᠴᠠ ᠰᠤᠷᠤᠯᠴᠠᠬᠤ᠂ ᠪᠠᠭ᠋ᠠᠲᠤᠷ ᠵᠢᠱ᠌ᠢᠶᠡᠴᠢ ᠵᠢ ᠳᠡᠭᠡᠳᠦᠯᠡᠬᠦ᠂ ᠪᠠᠭ᠋ᠠᠲᠤᠷ ᠵᠢᠱ᠌ᠢᠶᠡᠴᠢ ᠪᠣᠯᠬᠤ᠎ᠪᠠᠷ ᠴᠢᠷᠮᠠᠢ᠌ᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃
      ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ ᠬᠠᠷᠢᠭᠤᠴᠠᠯᠭ᠎ᠠ ᠵᠢ ᠦᠷᠭᠦᠯᠵᠢᠯᠡᠨ ᠪᠣᠳᠠᠲᠠᠢ᠌ᠵᠢᠭᠤᠯᠵᠤ᠂ 《ᠳᠦᠷᠪᠡ ᠵᠢ ᠬᠢᠬᠦ ᠥᠬᠡᠶ ᠬᠣᠶᠠᠷ᠎ᠲᠤ ᠰᠢᠭᠤᠳ ᠬᠦᠷᠬᠦ》 ᠠᠷᠭ᠎ᠠ ᠬᠡᠯᠪᠡᠷᠢ ᠵᠢ ᠠᠪᠴᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠪᠣᠯᠤᠨ ᠭᠢᠨᠳᠠᠨ᠂ ᠬᠣᠤᠷ ᠲᠠᠲᠠᠬᠤ ᠵᠢ ᠵᠣᠭᠰᠣᠭ᠋ᠠᠬᠤ ᠭᠠᠵᠠᠷ ᠵᠢᠴᠢ ᠡᠯ᠎ᠡ ᠠᠵᠢᠯ ᠲᠥᠷᠥᠯ᠎ᠢ ᠰᠢᠮᠳᠠᠭᠤᠯᠤᠨ ᠵᠢᠯᠤᠭᠤᠳᠴᠣ ᠬᠢᠨᠠᠨ ᠵᠢᠯᠣᠭᠣᠳᠤᠨ᠎ᠠ᠃ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠴᠠᠭᠳᠠᠭ᠋ᠠᠨ᠎ᠤ ᠲᠣᠭᠲᠠᠭ᠋ᠠᠯ ᠴᠠᠭᠳᠠᠭ᠋ᠠᠨ᠎ᠤ ᠰᠠᠬᠢᠯᠭ᠎ᠠ ᠪᠠᠲᠤ᠎ᠲᠠᠢ ᠬᠠᠷᠭᠤᠭᠤᠯᠤᠨ᠂ 《ᠵᠢᠷᠭᠤᠭ᠋ᠠᠨ ᠲᠠᠯ᠎ᠠ ᠵᠢᠨ ᠠᠷᠬᠠᠭ ᠭᠡᠮ》᠎ᠢ ᠵᠠᠪᠠᠯ ᠪᠠᠢ᠌ᠴᠠᠭ᠋ᠠᠬᠤ᠎ᠪᠠᠷ ᠭᠣᠣᠯᠳᠠᠯᠭ᠎ᠠ ᠪᠣᠯᠭ᠋ᠠᠵᠤ᠂ ᠬᠤᠪᠢ ᠬᠥᠮᠦᠨ᠎ᠤ ᠥᠪᠡᠷ᠎ᠤᠨ ᠪᠠᠢ᠌ᠴᠠᠭ᠋ᠠᠯᠲᠠ ᠵᠢ ᠪᠦᠬᠦ ᠲᠠᠯ᠎ᠠ᠎ᠪᠠᠷ ᠥᠷᠨᠢᠭᠦᠯᠦᠨ᠎ᠡ᠃ ᠤᠬᠠᠭᠤᠯᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠠᠤᠯᠢᠵᠢᠯ᠎ᠤᠨ ᠤᠯᠠᠭ᠋ᠠᠨᠮᠥ᠋ᠴᠢᠷ᠂ 《ᠪᠢᠴᠢᠬᠠᠨ ᠬᠠᠤᠯᠢᠴᠢ ᠢᠷᠡᠯ᠎ᠡ》 ᠵᠡᠷᠭᠡ ᠬᠠᠤᠯᠢ ᠲᠦᠭᠡᠮᠡᠯᠵᠢᠭᠦᠯᠬᠦ ᠠᠴᠢᠶᠠᠯᠠᠪᠤᠷᠢ ᠵᠢ ᠭᠦᠢᠴᠡᠳ ᠠᠰᠢᠭᠯᠠᠨ᠂ ᠬᠥᠮᠦᠵᠢᠭᠦᠯᠵᠦ ᠴᠡᠭᠴᠡᠯᠡᠭᠰᠡᠨ ᠠᠬᠢᠴᠠ ᠵᠢᠨ ᠦᠷ᠎ᠡ ᠪᠦᠲᠦᠮᠵᠢ ᠵᠢ ᠴᠠᠭ ᠲᠤᠬᠠᠶ᠎ᠳᠤ᠎ᠨᠢ ᠲᠤᠰᠬᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠭ᠋ᠠᠲᠤᠷ ᠵᠢᠱ᠌ᠢᠶᠡᠴᠢ ᠵᠢᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠵᠢ ᠤᠬᠠᠭᠤᠯᠤᠨ ᠪᠠᠳᠠᠷᠠᠭᠤᠯᠤᠨ᠎ᠠ᠃ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ᠂ ᠠᠷᠠᠳ ᠣᠯᠠᠨ᠎ᠤ ᠦᠨᠳᠦᠰᠦᠨ ᠱᠠᠲᠤᠨ᠎ᠳᠤ ᠤᠢ᠌ᠷᠠᠳᠴᠤ᠂ ᠪᠠᠢ᠌ᠳᠠᠯ᠎ᠢ ᠣᠢ᠌ᠯᠠᠭ᠋ᠠᠬᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠭᠣᠭᠴᠣᠭ᠎ᠠ ᠵᠢ ᠪᠥᠬᠥ ᠲᠠᠯ᠎ᠠ᠎ᠪᠠᠷ ᠪᠣᠳᠠᠲᠠᠶ ᠠᠳᠬᠤᠬᠤ᠎ᠪᠠᠷ ᠪᠤᠢ᠃

      ᠬᠠᠤᠯᠢ ᠲᠦᠷᠢᠮ᠎ᠤᠨ ᠡᠳᠦᠷ᠎ᠤᠨ ᠰᠣᠨᠢᠨ᠂ ᠥᠪᠥᠷ ᠮᠣᠩᠭᠣᠯ᠎ᠤᠨ ᠡᠳᠦᠷ᠎ᠤᠨ ᠰᠣᠨᠢᠨ᠂ ᠥᠪᠥᠷ ᠮᠣᠩᠭᠣᠯ᠎ᠤᠨ ᠬᠠᠤᠯᠢ ᠲᠦᠷᠢᠮ᠎ᠤᠨ ᠰᠣᠨᠢᠨ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠂ ᠰᠢᠨᠬᠤᠸᠠ ᠰᠦᠯᠵᠢᠶ᠎ᠡ᠂ ᠬᠠᠤᠯᠢ ᠲᠦᠷᠢᠮ᠎ᠤᠨ ᠰᠦᠯᠵᠢᠶ᠎ᠡ᠂ ᠲᠥᠪ᠎ᠤᠨ ᠷᠠᠳᠢᠣ᠋ ᠲᠧᠯᠸᠢᠰ᠎ᠤᠨ ᠰᠦᠯᠵᠢᠶ᠎ᠡ ᠵᠡᠷᠭᠡ ᠬᠣᠯᠪᠣᠭᠳᠠᠯ ᠪᠥᠬᠥᠶ ᠵᠠᠭᠤᠴᠢᠯᠠᠭᠤᠷ᠎ᠤᠨ ᠰᠤᠷᠪᠤᠯᠵᠢᠯᠠᠭᠴᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            