ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠮᠡᠯᠵᠢ ᠬᠣᠤᠷ ᠲᠠᠲᠠᠬᠤ ᠵᠢ ᠵᠣᠭᠰᠣᠭ᠋ᠠᠬᠤ ᠭᠠᠵᠠᠷ 《ᠬᠠᠮᠲᠤᠷᠠᠵᠤ ᠪᠤᠰᠤᠳ᠎ᠲᠤ ᠠᠰᠢᠭ ᠬᠦᠷᠲᠡᠭᠡᠬᠦ》 ᠪᠦᠯᠬᠦᠮ᠎ᠤᠨ ᠰᠡᠳᠬᠢᠴᠡ ᠵᠢᠨ ᠬᠠᠪᠰᠤᠷᠤᠨ ᠵᠢᠯᠣᠭᠣᠳᠬᠤ ᠠᠵᠢᠯᠯᠠᠭ᠎ᠠ ᠦᠷᠨᠢᠭᠦᠯᠪᠡ
ᠨᠡᠶ᠋ᠢᠲᠡᠯᠡᠭᠰᠡᠨ ᠴᠠᠭ᠄ 2021-08-23


      ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠤᠨ ᠰᠡᠳᠬᠢᠴᠡ ᠵᠢᠨ ᠠᠵᠢᠯᠯᠠᠭ᠎ᠠ ᠵᠢᠨ ᠬᠢᠴᠢᠶᠡᠯ᠎ᠤᠨ ᠲᠤᠬᠠᠶ ᠲᠠᠨᠢᠯᠲᠠ ᠵᠢ ᠳᠡᠭᠡᠭᠰᠢᠯᠡᠭᠦᠯᠵᠦ᠂ ᠬᠠᠮᠲᠤ ᠨᠡᠢ᠌ᠲᠡ ᠵᠢᠨ ᠳᠤᠮᠳᠠᠬᠢ ᠪᠦᠯᠬᠦᠮ ᠨᠡᠢ᠌ᠲᠡ ᠵᠢᠨ ᠬᠠᠮᠵᠢᠯᠴᠠᠬᠤ ᠵᠣᠷᠢᠭ ᠰᠠᠨᠠᠭ᠎ᠠ ᠪᠠ ᠬᠠᠮᠲᠤᠷᠠᠨ ᠠᠵᠢᠯᠯᠠᠬᠤ ᠤᠬᠠᠮᠰᠠᠷ᠎ᠢ ᠬᠥᠮᠦᠵᠢᠭᠦᠯᠬᠦ ᠵᠢᠨ ᠲᠥᠯᠥᠭᠡ᠂ ᠣᠢ᠌ᠷ᠎ᠠ᠎ᠳᠤ ᠲᠦᠮᠡᠯᠵᠢ ᠬᠣᠤᠷ ᠲᠠᠲᠠᠬᠤ ᠵᠢ ᠵᠣᠭᠰᠣᠭ᠋ᠠᠬᠤ ᠭᠠᠵᠠᠷ 《ᠬᠠᠮᠲᠤᠷᠠᠵᠤ ᠪᠤᠰᠤᠳ᠎ᠲᠤ ᠠᠰᠢᠭ ᠬᠦᠷᠲᠡᠭᠡᠬᠦ》 ᠪᠦᠯᠬᠦᠮ᠎ᠤᠨ ᠰᠡᠳᠬᠢᠴᠡ ᠵᠢᠨ ᠬᠠᠪᠰᠤᠷᠤᠨ ᠵᠢᠯᠣᠭᠣᠳᠬᠤ ᠠᠵᠢᠯᠯᠠᠭ᠎ᠠ ᠥᠷᠨᠢᠭᠦᠯᠪᠡ᠃



      ᠠᠵᠢᠯᠯᠠᠭ᠎ᠠ ᠡᠬᠢᠯᠡᠬᠦ᠎ᠠᠴᠠ ᠡᠮᠦᠨ᠎ᠡ᠂ ᠵᠥᠪᠯᠡᠯᠭᠡ ᠥᠭᠭᠦᠭᠴᠢ 《ᠳᠣᠭᠰᠢᠨ ᠰᠠᠯᠬᠢ ᠰᠢᠷᠦᠭᠦᠨ ᠪᠣᠷᠣᠭ᠋ᠠᠨ》᠎ᠤ ᠤᠷᠮ᠎ᠠ ᠬᠦᠭᠵᠢᠭᠡᠬᠦ ᠵᠢᠵᠢᠭ ᠲᠣᠭᠯᠠᠭ᠋ᠠᠮ ᠵᠶ᠋ᠠᠷ ᠳᠠᠮᠵᠢᠭᠤᠯᠤᠨ᠂ ᠪᠠᠶᠠᠷ ᠪᠠᠶᠠᠰᠬᠤᠯᠠᠩᠲᠠᠶ ᠬᠠᠪᠰᠤᠷᠤᠨ ᠵᠢᠯᠣᠭᠣᠳᠬᠤ ᠠᠭᠤᠷ ᠠᠮᠢᠰᠬᠤᠯ᠎ᠢ ᠪᠣᠶ ᠪᠣᠯᠭ᠋ᠠᠵᠤ᠂ ᠲᠠᠷᠠᠭ᠋ᠠᠴᠢ ᠵᠢᠨ ᠠᠵᠢᠯᠯᠠᠭ᠎ᠠ ᠵᠢᠨ ᠳᠤᠮᠳᠠ ᠬᠣᠤᠷ᠎ᠪᠠᠨ ᠵᠤᠭᠰᠤᠭ᠋ᠠᠬᠤ ᠬᠥᠮᠦᠰ᠎ᠤᠨ ᠨᠠᠩ ᠰᠠᠢ᠌ᠲᠤᠷ ᠬᠠᠮᠲᠤᠷᠠᠨ ᠠᠵᠢᠯᠯᠠᠵᠤ ᠪᠦᠯᠬᠦᠮᠳᠡᠬᠦ᠎ᠳᠤ ᠲᠥᠬᠥᠮ ᠪᠣᠯᠭ᠋ᠠᠪᠠ᠃



      ᠳᠠᠷᠠᠭ᠎ᠠ᠎ᠨᠢ 《ᠨᠢᠳᠦ ᠬᠥᠮᠥᠰᠬᠡ᠎ᠪᠠᠷ ᠬᠠᠢ᠌ᠷ᠎ᠠ ᠰᠡᠳᠬᠢᠯᠭᠡ᠎ᠪᠠᠨ ᠳᠠᠮᠵᠢᠭᠤᠯᠬᠤ》 ᠲᠤᠭᠯᠠᠭ᠋ᠠᠮ ᠵᠶ᠋ᠠᠷ ᠳᠠᠮᠵᠢᠭᠤᠯᠤᠨ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠲᠤ ᠮᠡᠳᠡᠭᠡ ᠵᠠᠩᠭᠢ ᠳᠠᠮᠵᠢᠭᠤᠯᠬᠤ ᠳᠤᠮᠳᠠ ᠨᠡᠪᠲᠡᠷᠡᠯᠴᠡᠬᠦ ᠬᠠᠪᠤ ᠴᠡᠩᠭᠡᠯ᠎ᠢ ᠣᠯᠭᠣᠬᠤ ᠵᠢᠨ ᠬᠠᠮᠲᠤ ᠪᠤᠰᠤᠳ᠎ᠲᠤ ᠲᠤᠰᠠ ᠬᠢᠬᠦ ᠦᠢᠯᠡ ᠠᠵᠢᠯᠯᠠᠭ᠎ᠠ ᠵᠢ ᠤᠢ᠌ᠯᠠᠭ᠋ᠠᠭᠤᠯᠵᠤ᠂ ᠬᠠᠮᠲᠤ ᠨᠡᠢ᠌ᠲᠡ᠎ᠳᠤ ᠬᠠᠷᠢᠶᠠᠯᠠᠭᠳᠠᠬᠤ ᠰᠡᠳᠬᠢᠯᠭᠡ ᠪᠠ ᠪᠤᠰᠤᠳ᠎ᠲᠤ ᠲᠤᠰᠠ ᠬᠢᠬᠦ ᠦᠵᠡᠯ᠎ᠤᠨ ᠬᠡᠯᠪᠡᠷᠢᠯ᠎ᠢ ᠳᠡᠭᠡᠭᠰᠢᠯᠡᠭᠦᠯᠪᠡ; 《ᠬᠥᠳᠡᠯᠭᠡᠭᠡᠨ ᠵᠶ᠋ᠡᠷ ᠳᠠᠮᠵᠢᠭᠤᠯᠬᠤ》 ᠲᠤᠭᠯᠠᠭ᠋ᠠᠮ ᠵᠶ᠋ᠡᠷ ᠳᠠᠮᠵᠢᠨ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠲᠤ ᠬᠥᠳᠡᠯᠭᠡᠭᠡᠨ᠎ᠤ ᠳᠤᠮᠳᠠ ᠳᠤᠭᠤᠢ᠌ᠯᠠᠩ᠎ᠤᠨ ᠭᠡᠰᠢᠭᠦᠳ᠎ᠲᠠᠢ ᠬᠠᠷᠢᠯᠴᠠᠬᠤ ᠬᠠᠪᠤ ᠴᠡᠩᠭᠡᠯ᠎ᠢ ᠤᠯᠭᠤᠪᠠ; ᠳᠤᠭᠤᠢ᠌ᠯᠠᠩ᠎ᠤᠨ ᠭᠡᠰᠢᠭᠦᠳ᠎ᠲᠠᠢ ᠬᠠᠷᠢᠯᠴᠠᠨ ᠬᠠᠮᠵᠢᠯᠴᠠᠬᠤ᠎ᠪᠠᠷ ᠳᠠᠮᠵᠢᠨ᠂ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠤᠨ ᠣᠨᠴᠠ ᠴᠢᠨᠠᠷ᠎ᠢ ᠬᠥᠮᠦᠵᠢᠭᠦᠯᠵᠦ᠂ ᠪᠤᠰᠤᠳ᠎ᠤᠨ ᠡᠮᠦᠨ᠎ᠡ᠎ᠠᠴᠠ ᠪᠤᠳᠤᠬᠤ ᠵᠢ ᠰᠤᠷᠭ᠋ᠠᠪᠠ᠃
      ᠲᠣᠰ ᠤᠳᠠᠭ᠎ᠠ ᠵᠢᠨ ᠪᠦᠯᠬᠦᠮ᠎ᠤᠨ ᠬᠠᠪᠰᠤᠷᠤᠨ ᠵᠢᠯᠣᠭᠣᠳᠬᠤ ᠠᠵᠢᠯᠯᠠᠭ᠎ᠠ᠎ᠨᠢ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠤᠨ ᠠᠵᠢᠯᠯᠠᠭ᠋ᠠᠨ᠎ᠤ ᠳᠤᠮᠳᠠᠬᠢ ᠬᠠᠷᠢᠯᠴᠠᠨ ᠣᠢ᠌ᠯᠠᠭ᠋ᠠᠯᠴᠠᠬᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠬᠠᠮᠵᠢᠯᠴᠠᠬᠤ ᠵᠢᠴᠢ ᠠᠵᠢᠯᠯᠠᠭ᠋ᠠᠨ᠎ᠤ ᠳᠠᠷᠠᠭ᠎ᠠ ᠴᠠᠭ ᠲᠤᠬᠠᠶ᠎ᠳᠤ᠎ᠨᠢ ᠬᠤᠪᠢᠶᠠᠯᠴᠠᠨ ᠭᠥᠷᠳᠡᠬᠦ ᠵᠢ ᠬᠥᠲᠥᠯᠦᠨ ᠵᠢᠯᠣᠭᠣᠳᠬᠤ᠎ᠪᠠᠷ ᠳᠠᠮᠵᠢᠭᠤᠯᠤᠨ᠂ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠤᠨ ᠪᠦᠯᠦᠭᠯᠡᠯᠳᠦ ᠴᠢᠨᠠᠷ᠎ᠤᠨ ᠬᠡᠯᠪᠡᠷᠢᠯ ᠪᠠ ᠪᠤᠰᠤᠳ ᠬᠥᠮᠦᠨ᠎ᠳᠤ ᠲᠤᠰᠠ ᠬᠢᠬᠦ ᠦᠢᠯᠡ ᠠᠵᠢᠯᠯᠠᠭ᠋ᠠᠨ᠎ᠤ ᠬᠡᠯᠪᠡᠷᠢᠯ᠎ᠢ ᠳᠡᠭᠡᠭᠰᠢᠯᠡᠭᠦᠯᠵᠦ᠂ ᠡᠭᠦᠨ᠎ᠤ ᠤᠯᠠᠮ᠎ᠠᠴᠠ ᠣᠪᠣᠷ ᠪᠠ ᠦᠢᠯᠡ ᠠᠵᠢᠯᠯᠠᠭ᠎ᠠ᠎ᠪᠠᠨ ᠠᠶᠠᠨᠳᠠᠭ᠋ᠠᠨ ᠬᠤᠪᠢᠷᠠᠭᠤᠯᠬᠤ ᠵᠢᠨ ᠬᠠᠮᠲᠤ ᠴᠠᠭ ᠲᠤᠬᠠᠶ᠎ᠳᠤ᠎ᠨᠢ ᠵᠣᠷᠢᠭᠵᠢᠭᠤᠯᠬᠤ᠂ ᠤᠷᠤᠯᠳᠤᠭ᠋ᠠᠨ᠎ᠤ ᠠᠵᠢᠯᠯᠠᠭ᠎ᠠ ᠵᠢᠨ ᠳᠠᠷᠠᠭ᠋ᠠᠬᠢ ᠪᠠᠭ᠎ᠠ ᠱᠠᠩᠨᠠᠯ ᠲᠣᠷᠭ᠋ᠠᠭᠤᠯᠢ᠎ᠪᠠᠷ ᠳᠠᠮᠵᠢᠭᠤᠯᠤᠨ ᠭᠠᠳᠠᠭ᠋ᠠᠳᠤ ᠲᠠᠯ᠎ᠠ ᠵᠢᠨ ᠴᠢᠩᠭ᠋ᠠᠳᠬᠠᠯ᠎ᠢ ᠬᠡᠷᠡᠭᠵᠢᠭᠦᠯᠵᠦ᠂ ᠬᠣᠤᠷ ᠲᠠᠲᠠᠬᠤ᠎ᠪᠠᠨ ᠵᠤᠭᠰᠤᠭ᠋ᠠᠬᠤ ᠬᠥᠮᠦᠰ᠎ᠤᠨ ᠣᠢ᠌ᠯᠠᠭ᠋ᠠᠯᠲᠠ ᠪᠠ ᠲᠥᠷᠥᠭᠳᠡᠯ᠎ᠢ ᠭᠦᠨᠵᠡᠭᠡᠢ᠌ᠷᠡᠭᠦᠯᠦᠨ᠂ ᠢᠲᠡᠭᠡᠯ ᠵᠣᠷᠢᠭ᠎ᠢ᠎ᠨᠢ ᠨᠡᠮᠡᠭᠳᠡᠭᠦᠯᠵᠦ᠂ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠬᠤᠤᠷ ᠲᠠᠲᠠᠬᠤ᠎ᠪᠠᠨ ᠵᠤᠭᠰᠤᠭ᠋ᠠᠬᠤ ᠵᠠᠰᠠᠬᠤ ᠠᠭᠤᠷ ᠠᠮᠢᠰᠬᠤᠯ᠎ᠢ ᠪᠣᠶ ᠪᠣᠯᠭ᠋ᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            