ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠰᠣᠨᠢᠨ ᠮᠡᠳᠡᠭᠡ᠄ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠡᠭᠦᠳᠡ᠎ᠪᠠᠨ ᠨᠡᠭᠡᠭᠡᠵᠦ ᠴᠡᠭᠴᠡᠯᠡᠯᠲᠡ ᠬᠢᠵᠦ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ ᠪᠤᠢ
ᠨᠡᠶ᠋ᠢᠲᠡᠯᠡᠭᠰᠡᠨ ᠴᠠᠭ᠄ 2021-09-03

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠵᠢᠯ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠣᠶᠠᠳᠤᠭ᠋ᠠᠷ ᠪᠦᠯᠦᠭ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠳᠤᠮᠳᠠ ᠡᠭᠦᠳᠡ᠎ᠪᠠᠨ ᠨᠡᠭᠡᠭᠡᠵᠦ ᠴᠡᠭᠴᠡᠯᠡᠯᠲᠡ ᠬᠢᠬᠦ ᠵᠢ ᠪᠠᠷᠢᠮᠲᠠᠯᠠᠨ᠂ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠵᠶ᠋ᠡᠨ ᠳᠡᠭᠡᠭᠰᠢᠯᠡᠭᠦᠯᠵᠦ ᠪᠤᠢ᠃
     3 ᠰᠠᠷ᠎ᠠ ᠵᠢᠨ ᠡᠬᠢᠨ᠎ᠠᠴᠠ ᠡᠬᠢᠯᠡᠨ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠨᠢᠭᠡᠳᠦᠭᠡᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢ ᠠᠢ᠌ᠮᠠᠭ ᠬᠣᠲᠠ᠂ ᠬᠣᠰᠢᠭᠤ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠪᠣᠯᠤᠨ ᠭᠢᠨᠳᠠᠨ᠂ ᠬᠣᠤᠷ ᠲᠠᠲᠠᠬᠤ ᠵᠢ ᠵᠣᠭᠰᠣᠭ᠋ᠠᠬᠤ ᠭᠠᠵᠠᠷ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯ᠎ᠳᠤ ᠲᠥᠪᠯᠡᠷᠡᠭᠦᠯᠦᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠵᠤᠷᠪᠤᠰ ᠱᠤᠭᠤᠮ ᠵᠶ᠋ᠠᠷ ᠵᠢᠯᠣᠭᠣᠳᠬᠤ ᠪᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠵᠶ᠋ᠡᠨ ᠭᠦᠢᠴᠡᠳ ᠪᠠᠳᠠᠷᠠᠭᠤᠯᠵᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠥᠮᠦᠵᠢᠯ ᠴᠡᠭᠴᠡᠯᠡᠯᠲᠡ ᠵᠢᠨ ᠢᠳᠡᠪᠬᠢᠲᠡᠶ ᠦᠷ᠎ᠡ ᠪᠦᠲᠦᠮᠵᠢ ᠤᠯᠬᠤ ᠵᠢ ᠠᠬᠢᠭᠤᠯᠪᠠ᠃
      ᠬᠣᠶᠠᠳᠤᠭ᠋ᠠᠷ ᠪᠦᠯᠦᠭ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠨ᠂ ᠠᠷᠬᠠᠭ ᠬᠡᠮ᠎ᠢ ᠴᠡᠭᠴᠡᠯᠡᠨ ᠵᠠᠰᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠦᠷᠢᠮ ᠲᠣᠭᠲᠠᠭ᠋ᠠᠯ ᠲᠣᠭᠲᠠᠭ᠋ᠠᠬᠤ ᠵᠢ ᠠᠬᠢᠭᠤᠯᠵᠤ᠂ ᠭᠢᠨᠳᠠᠨ᠎ᠤ ᠶᠡᠷᠦᠩᠬᠡᠢ᠌ᠯᠡᠭᠰᠡᠨ ᠵᠠᠰᠠᠯᠲᠠ᠂ ᠬᠠᠤᠯᠢᠴᠢ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠂ ᠠᠯᠪᠠᠨ ᠭᠡᠷᠡᠴᠢᠯᠡᠭᠡ ᠪᠠ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠂ ᠬᠣᠤᠷ ᠲᠠᠲᠠᠬᠤ ᠵᠢ ᠵᠣᠭᠰᠣᠭ᠋ᠠᠬᠤ ᠰᠢᠰᠲ᠋ᠧᠮ ᠵᠡᠷᠭᠡ ᠳᠥᠷᠪᠡᠨ ᠲᠠᠯ᠎ᠠ ᠵᠢᠨ ᠲᠤᠰᠬᠠᠶ ᠵᠠᠰᠠᠯᠲᠠ ᠵᠢ ᠭᠦᠨᠵᠡᠭᠡᠶ ᠠᠬᠢᠭᠤᠯᠵᠤ᠂ ᠬᠠᠤᠯᠢ᠎ᠪᠠᠷ ᠣᠷᠣᠨ ᠵᠶ᠋ᠠᠨ ᠵᠠᠰᠠᠬᠤ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ ᠵᠡᠷᠭᠡ 11 ᠵᠦᠢᠯ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠤᠨ ᠲᠥᠪ᠎ᠤᠨ ᠠᠵᠢᠯ᠎ᠤᠨ ᠲᠣᠭᠣᠷᠢᠨ᠎ᠳᠤ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠶ ᠥᠷᠨᠢᠭᠦᠯᠵᠦ᠂ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠴᠤᠭᠯᠠᠭᠤᠯᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠠᠰᠠᠭᠤᠳᠠᠯ᠎ᠢ ᠦᠨᠡᠨ ᠬᠦ᠌ ᠲᠣᠳᠣᠷᠬᠠᠶ ᠪᠣᠯᠭ᠋ᠠᠵᠤ᠂ ᠠᠷᠭ᠋ᠠᠴᠠᠭ᠋ᠠᠬᠤ ᠪᠣᠳᠣᠯᠭ᠎ᠠ᠎ᠪᠠᠨ ᠣᠨᠣᠪᠴᠢᠲᠠᠶ ᠡᠷᠢᠵᠦ᠂ ᠠᠷᠭ᠎ᠠ ᠬᠡᠮᠵᠢᠶ᠎ᠡ᠎ᠪᠠᠨ ᠪᠣᠳᠠᠲᠠᠶ ᠲᠣᠭᠲᠠᠭ᠋ᠠᠵᠤ᠂ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠵᠶ᠋ᠡᠨ ᠬᠦᠴᠦᠯᠡᠨ ᠳᠡᠭᠡᠭᠰᠢᠯᠡᠭᠦᠯᠵᠦ᠂ ᠦᠨᠳᠦᠰᠦᠨ ᠱᠠᠲᠤ ᠪᠠ ᠠᠷᠠᠳ ᠣᠯᠠᠨ᠎ᠤ 《ᠰᠠᠨᠳᠤᠷᠴᠤ ᠬᠦᠴᠢᠷᠳᠡᠵᠦ ᠭᠠᠴᠢᠭᠳᠠᠵᠤ ᠬᠦᠰᠡᠵᠦ ᠪᠠᠢ᠌ᠭ᠎ᠠ》 ᠠᠰᠠᠭᠤᠳᠠᠯ᠎ᠢ ᠰᠢᠢ᠍ᠳᠪᠦᠷᠢᠯᠡᠭᠦᠯᠬᠦ᠎ᠪᠠᠷ ᠪᠠᠢ᠌ᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ 《ᠭᠠᠷᠠᠭ᠎ᠤᠨ ᠰᠡᠭᠦᠯᠴᠢ ᠵᠢᠨ ᠰᠤᠷᠭ᠋ᠠᠭᠤᠯᠢ》 ᠵᠢᠨ ᠬᠠᠮᠲᠤ ᠵᠢᠨ ᠰᠤᠷᠤᠯᠴᠠᠯᠭ᠎ᠠ ᠦᠷᠨᠢᠭᠦᠯᠪᠡ
ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠎ᠢ ᠲᠤᠰᠬᠠᠶ ᠵᠠᠰᠠᠬᠤ ᠠᠵᠢᠯ᠎ᠤᠨ ᠳᠤᠭᠤᠢ᠌ᠯᠠᠩ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠦᠷᠨᠢᠭᠦᠯᠦᠨ ᠲᠤᠰᠬᠠᠶ ᠵᠠᠰᠠᠬᠤ ᠠᠵᠢᠯ᠎ᠤᠨ ᠦᠷ᠎ᠡ ᠪᠦᠲᠦᠭᠡᠯ ᠵᠶ᠋ᠡᠨ ᠤᠯᠠᠷᠢᠭᠤᠯᠪᠠ
ᠲᠦᠮᠡᠯᠵᠢ ᠬᠣᠤᠷ ᠲᠠᠲᠠᠬᠤ ᠵᠢ ᠵᠣᠭᠰᠣᠭ᠋ᠠᠬᠤ ᠭᠠᠵᠠᠷ 《ᠬᠠᠮᠲᠤᠷᠠᠵᠤ ᠪᠤᠰᠤᠳ᠎ᠲᠤ ᠠᠰᠢᠭ ᠬᠦᠷᠲᠡᠭᠡᠬᠦ》 ᠪᠦᠯᠬᠦᠮ᠎ᠤᠨ ᠰᠡᠳᠬᠢᠴᠡ ᠵᠢᠨ ᠬᠠᠪᠰᠤᠷᠤᠨ ᠵᠢᠯᠣᠭᠣᠳᠬᠤ ᠠᠵᠢᠯᠯᠠᠭ᠎ᠠ ᠦᠷᠨᠢᠭᠦᠯᠪᠡ
ᠤᠯᠠᠭ᠋ᠠᠨᠴᠠᠪ ᠬᠣᠲᠠ ᠵᠢᠨ ᠬᠣᠤᠷ ᠲᠠᠲᠠᠬᠤ ᠵᠢ ᠵᠣᠭᠰᠣᠭ᠋ᠠᠬᠤ ᠭᠠᠵᠠᠷ᠎ᠤᠨ ᠪᠢᠲᠡᠭᠦᠮᠵᠢᠯᠡᠭᠰᠡᠨ ᠪᠡᠯᠡᠳᠬᠡᠯ ᠠᠵᠢᠯ᠎ᠤᠨ ᠲᠣᠭᠣᠷᠢᠭ᠎ᠤᠨ ᠠᠷᠠᠳ᠎ᠤᠨ ᠴᠠᠭᠳᠠᠭ᠎ᠠ ᠠᠵᠢᠯᠲᠠᠳ᠎ᠤᠨ ᠳᠤᠮᠳᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠬᠠᠯᠠᠭᠤᠨ ᠥᠷᠨᠢᠯᠲᠡ ᠦᠷᠭᠦᠯᠵᠢᠯᠡᠨ ᠭᠠᠷᠴᠤ ᠪᠠᠢ᠌ᠨ᠎ᠠ
 
            