ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠠᠩᠬᠠᠳᠤᠭ᠋ᠠᠷ ᠤᠳᠠᠭ᠋ᠠᠨ᠎ᠤ ᠠᠯᠪᠠᠨ ᠬᠡᠷ᠎ᠤᠨ ᠡᠷᠬᠢᠯᠡᠭᠴᠢ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2021-08-23

     2021 ᠣᠨ᠎ᠤ 8 ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠠᠩᠬᠠᠳᠤᠭ᠋ᠠᠷ ᠤᠳᠠᠭ᠋ᠠᠨ᠎ᠤ ᠠᠯᠪᠠᠨ ᠬᠡᠷ᠎ᠤᠨ ᠡᠷᠬᠢᠯᠡᠭᠴᠢ ᠵᠢᠨ ᠬᠤᠷᠠᠯ ᠬᠤᠷᠠᠯᠳᠤᠪᠠ᠂ ᠬᠤᠷᠠᠯ᠎ᠤᠨ ᠵᠥᠪᠯᠡᠬᠦ ᠰᠡᠳᠦᠪ ᠪᠣᠯ ᠰᠤᠷᠤᠯᠴᠠᠯᠭ᠎ᠠ ᠬᠥᠮᠦᠵᠢᠯ᠎ᠤᠨ ᠭᠣᠭᠴᠣᠭ᠋ᠠᠨ᠎ᠤ ᠰᠤᠷᠤᠯᠴᠠᠯᠭ᠎ᠠ ᠵᠢᠨ ᠲᠥᠯᠥᠪᠯᠡᠭᠡ ᠪᠠ ᠲᠣᠬᠢᠷᠠᠭᠤᠯᠤᠯᠲᠠ ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠪᠠᠶ ᠶᠦᠩ ᠫᠢᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
      ᠬᠤᠷᠠᠯ᠎ᠠᠴᠠ ᠵᠢᠭ᠋ᠠᠭᠰᠠᠨ᠎ᠨᠢ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ ᠵᠢᠨ ᠨᠢᠭᠡᠳᠦᠯᠲᠡᠶ ᠲᠥᠯᠥᠪᠵᠢᠭᠦᠯᠭᠡ᠂ ᠪᠦᠬᠦᠯᠢ ᠴᠣᠭᠴᠠ ᠵᠢᠨ ᠪᠠᠢ᠌ᠷᠢᠯᠠᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ ᠲᠥᠷᠥ ᠵᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠂ ᠨᠠᠮ᠎ᠤᠨ ᠲᠡᠦᠬᠡ ᠵᠢᠨ ᠬᠥᠮᠦᠵᠢᠯ᠎ᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠤᠨ ᠰᠠᠢ᠌ᠲᠤᠷ ᠥᠷᠨᠢᠭᠦᠯᠵᠦ᠂ ᠤᠯᠤᠰ ᠲᠥᠷᠥ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ ᠵᠢ ᠬᠠᠰᠢ ᠶᠠᠰᠢ ᠥᠩᠭᠡᠷᠡᠭᠦᠯᠬᠦ ᠥᠬᠡᠶ᠂ ᠬᠡᠯᠪᠡᠷᠢ ᠵᠢᠨ ᠲᠡᠳᠦᠶ ᠪᠣᠯᠭ᠋ᠠᠬᠤ ᠥᠬᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠪᠡ᠃
      ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡ᠎ᠳᠤ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ᠎ᠳᠤ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ ᠵᠢᠨ ᠴᠠᠭ᠎ᠤᠨ ᠬᠦᠰᠦᠨᠦᠭᠲᠦ᠂ ᠡᠭᠦᠷᠭᠡ ᠵᠢᠨ ᠪᠢᠴᠢᠭ᠂ ᠬᠠᠷᠢᠭᠤᠴᠠᠯᠭ᠋ᠠᠲᠠᠨ᠂ ᠬᠠᠷᠢᠭᠤᠴᠠᠯᠭ᠋ᠠᠲᠤ ᠰᠠᠯᠠᠭ᠎ᠠ ᠮᠥᠴᠢᠷ᠎ᠢ ᠵᠢᠭᠰᠠᠭ᠋ᠠᠵᠤ᠂ ᠰᠤᠷᠤᠯᠴᠠᠯᠭ᠎ᠠ ᠬᠥᠮᠦᠵᠢᠯ᠎ᠢ ᠲᠣᠭᠲᠠᠭᠤᠨ ᠵᠶ᠋ᠠᠷ ᠠᠬᠢᠭᠤᠯᠬᠤ ᠵᠢ ᠪᠠᠲᠤᠯᠠᠬᠤ ᠬᠡᠷᠡᠭᠲᠡᠢ᠃ 《ᠶᠡᠬᠡᠪᠡᠷ ᠪᠣᠯᠪᠠᠰᠤᠷᠠᠭᠤᠯᠬᠤ᠂ ᠶᠡᠬᠡᠪᠡᠷ ᠪᠠᠢ᠌ᠴᠠᠭ᠋ᠠᠨ ᠰᠤᠳᠤᠯᠬᠤ᠂ ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭ᠋ᠠᠨ ᠪᠠᠢ᠌ᠴᠠᠭ᠋ᠠᠬᠤ᠂ ᠶᠡᠬᠡᠪᠡᠷ ᠴᠡᠭᠴᠡᠯᠡᠨ ᠵᠠᠰᠠᠬᠤ》 ᠠᠵᠢᠯᠯᠠᠭ᠎ᠠ᠎ᠲᠠᠢ ᠨᠢᠭᠲᠠ ᠤᠶᠠᠯᠳᠤᠭᠤᠯᠤᠨ᠂ ᠰᠤᠷᠪᠤᠯᠵᠢᠯᠠᠬᠤ ᠵᠢ ᠥᠷᠭᠡᠨ ᠵᠶ᠋ᠡᠷ ᠥᠷᠨᠢᠭᠦᠯᠵᠦ᠂ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠴᠤᠭᠯᠠᠭᠤᠯᠤᠨ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠴᠤ᠂ ᠠᠰᠠᠭᠤᠳᠠᠯ᠎ᠢ ᠦᠨᠡᠨ ᠬᠦ᠌ ᠲᠣᠳᠣᠷᠬᠠᠶ ᠪᠣᠯᠭ᠋ᠠᠨ᠂ ᠠᠷᠭ᠋ᠠᠴᠠᠭ᠋ᠠᠬᠤ ᠪᠣᠳᠣᠯᠭ᠎ᠠ᠎ᠪᠠᠨ ᠣᠨᠣᠪᠴᠢᠲᠠᠶ ᠡᠷᠢᠵᠦ᠂ ᠠᠷᠭ᠎ᠠ ᠬᠡᠮᠵᠢᠶ᠎ᠡ᠎ᠪᠠᠨ ᠪᠣᠳᠠᠲᠠᠶ ᠲᠣᠭᠲᠠᠭ᠋ᠠᠨ᠂ ᠰᠢᠰᠲᠸᠮ᠎ᠲᠠᠢ ᠵᠶ᠋ᠡᠷ ᠪᠦᠬᠦᠨ᠎ᠢ ᠬᠠᠮᠤᠷᠬᠤ ᠬᠡᠷᠡᠭᠲᠡᠶ᠃ ᠬᠣᠶᠠᠷ᠎ᠲᠤ ᠤᠬᠠᠭᠤᠯᠭ᠎ᠠ᠎ᠪᠠᠨ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠴᠠᠭ ᠦᠶ᠎ᠡ ᠵᠢᠨ ᠲᠥᠪ ᠰᠤᠷᠲᠠᠯ᠎ᠢ ᠢᠯᠡᠷᠡᠭᠦᠯᠬᠦ ᠬᠡᠷᠡᠭᠲᠡᠢ᠃ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠎ᠢ ᠭᠦᠨᠵᠡᠭᠡᠶ ᠥᠷᠨᠢᠭᠦᠯᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠰᠢᠨ᠎ᠡ ᠵᠠᠭᠤᠴᠢᠯᠠᠭᠤᠷ᠎ᠤᠨ ᠵᠢᠭᠰᠠᠭ᠋ᠠᠯ ᠵᠶ᠋ᠠᠷ ᠳᠠᠮᠵᠢᠭᠤᠯᠤᠨ᠂ ᠸᠢᠴᠠᠲ᠂ ᠪᠢᠴᠢᠯ᠎ᠤᠨ ᠪᠦᠷᠬᠡ ᠵᠢᠨ ᠲᠠᠪᠴᠠᠩ᠎ᠢ ᠠᠰᠢᠭᠯᠠᠨ 《ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠭ᠋ᠠᠲᠤᠷ ᠵᠢᠱ᠌ᠢᠶᠡᠴᠢ》 ᠪᠠ 《ᠲᠡᠷᠢᠭᠦᠨ᠎ᠤ ᠬᠤᠪᠢ ᠬᠥᠮᠦᠨ》᠎ᠤ ᠤᠬᠠᠭᠤᠯᠭ᠎ᠠ ᠵᠢ ᠴᠢᠩᠭ᠋ᠠᠳᠬᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠲᠡᠷᠢᠭᠦᠨ᠎ᠤ ᠬᠥᠮᠦᠰ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠥᠷᠭᠡᠨ ᠣᠯᠠᠨ ᠺᠠᠳ᠋ᠷ ᠴᠠᠭᠳᠠᠭ᠎ᠠ ᠨᠠᠷ᠎ᠤᠨ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ᠂ ᠪᠠᠷᠢᠮᠵᠢᠶᠠᠯᠠᠨ ᠬᠠᠷᠭᠤᠭᠤᠯᠬᠤ ᠵᠢ ᠵᠣᠷᠢᠭᠵᠢᠭᠤᠯᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠰᠢᠨ᠎ᠡ ᠳᠦᠷᠰᠦ ᠪᠠᠢ᠌ᠳᠠᠯ ᠰᠢᠨ᠎ᠡ ᠬᠤᠪᠢᠷᠠᠯᠲᠠ ᠵᠢ ᠪᠥᠬᠥ ᠲᠠᠯ᠎ᠠ᠎ᠪᠠᠷ ᠢᠯᠡᠷᠡᠭᠦᠯᠬᠦ ᠬᠡᠷᠡᠭᠲᠡᠢ᠃ ᠭᠤᠷᠪᠠ᠎ᠳᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠷᠠᠳ ᠤᠯᠠᠨ᠎ᠤ 《ᠰᠠᠨᠳᠤᠷᠴᠤ ᠬᠦᠴᠢᠷᠳᠡᠵᠦ ᠭᠠᠴᠢᠭᠳᠠᠵᠤ ᠬᠦᠰᠡᠵᠦ ᠪᠠᠢ᠌ᠭ᠎ᠠ ᠵᠦᠢ᠍ᠯᠡᠰ》᠎ᠢ ᠦᠨᠡᠨ ᠬᠦ᠌ ᠰᠢᠢ᠍ᠳᠪᠦᠷᠢᠯᠡᠵᠦ᠂ 《ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃ ᠤᠳᠤᠷᠢᠳᠤᠯᠭ᠎ᠠ ᠰᠤᠷᠪᠤᠯᠵᠢᠯᠠᠯ ᠬᠦᠯᠢᠶᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠶᠡᠬᠡᠪᠡᠷ ᠰᠤᠷᠪᠤᠯᠵᠢᠯᠠᠬᠤ᠎ᠪᠠᠷ ᠳᠠᠮᠵᠢᠭᠤᠯᠤᠨ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠣᠢ᠌ᠯᠠᠭ᠋ᠠᠵᠤ᠂ ᠠᠷᠠᠳ ᠣᠯᠠᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠬᠡᠯᠡᠯᠴᠡᠭᠡᠨ ᠶᠡᠬᠡᠲᠡᠶ ᠬᠦᠴᠢᠷ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠬᠡᠯᠲᠡᠰ᠎ᠤᠨ ᠡᠷᠬᠢᠯᠡᠭᠴᠢ ᠰᠦᠨ ᠵᠢᠨ ᠶᠠᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠨᠡᠷ ᠬᠤᠷᠠᠯ᠎ᠳᠤ ᠣᠷᠣᠯᠴᠠᠵᠠᠶ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠰᠣᠨᠢᠨ ᠮᠡᠳᠡᠭᠡ᠄ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠡᠭᠦᠳᠡ᠎ᠪᠠᠨ ᠨᠡᠭᠡᠭᠡᠵᠦ ᠴᠡᠭᠴᠡᠯᠡᠯᠲᠡ ᠬᠢᠵᠦ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ ᠪᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ 《ᠭᠠᠷᠠᠭ᠎ᠤᠨ ᠰᠡᠭᠦᠯᠴᠢ ᠵᠢᠨ ᠰᠤᠷᠭ᠋ᠠᠭᠤᠯᠢ》 ᠵᠢᠨ ᠬᠠᠮᠲᠤ ᠵᠢᠨ ᠰᠤᠷᠤᠯᠴᠠᠯᠭ᠎ᠠ ᠦᠷᠨᠢᠭᠦᠯᠪᠡ
ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠎ᠢ ᠲᠤᠰᠬᠠᠶ ᠵᠠᠰᠠᠬᠤ ᠠᠵᠢᠯ᠎ᠤᠨ ᠳᠤᠭᠤᠢ᠌ᠯᠠᠩ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠦᠷᠨᠢᠭᠦᠯᠦᠨ ᠲᠤᠰᠬᠠᠶ ᠵᠠᠰᠠᠬᠤ ᠠᠵᠢᠯ᠎ᠤᠨ ᠦᠷ᠎ᠡ ᠪᠦᠲᠦᠭᠡᠯ ᠵᠶ᠋ᠡᠨ ᠤᠯᠠᠷᠢᠭᠤᠯᠪᠠ
ᠲᠦᠮᠡᠯᠵᠢ ᠬᠣᠤᠷ ᠲᠠᠲᠠᠬᠤ ᠵᠢ ᠵᠣᠭᠰᠣᠭ᠋ᠠᠬᠤ ᠭᠠᠵᠠᠷ 《ᠬᠠᠮᠲᠤᠷᠠᠵᠤ ᠪᠤᠰᠤᠳ᠎ᠲᠤ ᠠᠰᠢᠭ ᠬᠦᠷᠲᠡᠭᠡᠬᠦ》 ᠪᠦᠯᠬᠦᠮ᠎ᠤᠨ ᠰᠡᠳᠬᠢᠴᠡ ᠵᠢᠨ ᠬᠠᠪᠰᠤᠷᠤᠨ ᠵᠢᠯᠣᠭᠣᠳᠬᠤ ᠠᠵᠢᠯᠯᠠᠭ᠎ᠠ ᠦᠷᠨᠢᠭᠦᠯᠪᠡ
 
            