
ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠱᠦᠵᠢ᠂ ᠲᠣᠪᠴᠢᠶᠠᠨ ᠳᠠᠷᠤᠭ᠎ᠠ ᠸᠠᠩ ᠽᠢ ᠪᠢᠩ ᠳᠠᠢ᠌ᠴᠢᠯᠠᠯᠲᠠ ᠵᠢᠨ ᠶᠠᠷᠢᠶ᠎ᠠ ᠲᠠᠯᠪᠢᠪᠠ᠃
ᠬᠤᠷᠠᠯ᠎ᠠᠴᠠ ᠵᠢᠭ᠋ᠠᠭᠰᠠᠨ᠎ᠨᠢ᠂ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠥᠷᠨᠢᠭᠦᠯᠬᠦ ᠪᠣᠯ ᠤᠯᠤᠰ ᠲᠦᠷᠦ ᠬᠠᠤᠯᠢ ᠴᠠᠭ᠋ᠠᠵᠠ ᠵᠢᠨ ᠹᠷᠣᠨᠲ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠴᠢᠬᠤᠯᠠ ᠶᠡᠬᠡ ᠠᠵᠢᠯᠯᠠᠭ᠎ᠠ ᠮᠥᠨ᠂ ᠤᠯᠤᠰ ᠲᠦᠷᠦ ᠬᠠᠤᠯᠢ ᠴᠠᠭ᠋ᠠᠵᠠ ᠵᠢᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠥᠷᠨᠢᠭᠦᠯᠦᠭᠰᠡᠨ ᠦᠷ᠎ᠡ ᠪᠦᠲᠦᠮᠵᠢ᠎ᠨᠢ ᠬᠥᠮᠦᠵᠢᠯ ᠴᠡᠭᠴᠡᠯᠡᠯᠲᠡ ᠵᠢᠨ ᠪᠦᠬᠦᠯᠢ ᠴᠣᠭᠴᠠ ᠵᠢᠨ ᠴᠢᠨᠠᠷᠲᠠᠶ ᠦᠷ᠎ᠡ ᠪᠦᠲᠦᠮᠵᠢ᠎ᠳᠤ ᠰᠢᠭᠤᠳ ᠬᠣᠯᠪᠣᠭᠳᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠵᠢᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ᠂ ᠡᠩᠨᠡᠭᠡᠨ᠎ᠤ ᠦᠨᠡᠨᠴᠢ ᠰᠢᠳᠤᠷᠭᠤ ᠨᠠᠢ᠌ᠳᠠᠪᠤᠷᠢᠲᠠᠶ ᠪᠠᠢ᠌ᠬᠤ ᠵᠢ ᠦᠨᠡᠨ ᠬᠦ᠌ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠪᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠨᠢᠭᠡ᠎ᠳᠤ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠭᠣᠣᠯ ᠰᠡᠳᠦᠪ᠎ᠢ ᠣᠨᠣᠪᠴᠢᠲᠠᠢ ᠡᠵᠡᠮᠳᠡᠬᠦ ᠬᠡᠷᠡᠭᠲᠡᠢ᠃ ᠪᠦᠬᠦ ᠺᠠᠳ᠋ᠷ ᠴᠠᠭᠳᠠᠭ᠎ᠠ ᠠᠵᠢᠯᠳᠠᠨ ᠡᠷᠬᠡᠪᠰᠢ ᠲᠠᠨᠢᠯᠲᠠ᠎ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ᠎ᠪᠠᠨ ᠨᠢᠭᠡᠳᠬᠡᠵᠦ᠂ ᠬᠥᠮᠦᠵᠢᠯ ᠴᠡᠭᠴᠡᠯᠡᠯᠲᠡ ᠵᠢᠨ ᠠᠵᠢᠯ᠎ᠢ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠤᠯᠤᠰ ᠲᠦᠷᠦ ᠵᠢᠨ ᠦᠨᠡᠨᠴᠢ ᠰᠢᠳᠤᠷᠭᠤ ᠪᠠᠢ᠌ᠬᠤ᠎ᠪᠠᠨ ᠲᠤᠪᠤᠢ᠍ᠢ᠍ᠯᠭ᠋ᠠᠨ᠂ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠡᠨ ᠲᠤᠪᠤᠢ᠍ᠢ᠍ᠯᠭ᠋ᠠᠵᠤ᠂ ᠲᠦᠷᠢᠮ ᠲᠣᠭᠲᠠᠭ᠋ᠠᠯ ᠲᠣᠭᠲᠠᠭ᠋ᠠᠬᠤ᠎ᠪᠠᠨ ᠲᠤᠪᠤᠢ᠍ᠢ᠍ᠯᠭ᠋ᠠᠨ᠂ ᠢᠳᠡᠪᠬᠢᠲᠡᠢ ᠪᠥᠭᠡᠳ ᠨᠠᠷᠢᠨ ᠬᠢᠨᠠᠮᠠᠭ᠋ᠠᠢ ᠲᠥᠪ ᠴᠢᠩᠭ᠎ᠠ ᠣᠪᠣᠷ ᠵᠶ᠋ᠠᠷ ᠬᠥᠮᠦᠵᠢᠯ ᠴᠡᠭᠴᠡᠯᠡᠯᠲᠡ ᠵᠢᠨ ᠠᠵᠢᠯ᠎ᠳᠤ ᠣᠷᠣᠯᠴᠠᠬᠤ ᠬᠡᠷᠡᠭᠲᠡᠢ᠂ ᠰᠤᠷᠤᠯᠴᠠᠯᠭ᠎ᠠ ᠬᠥᠮᠦᠵᠢᠯ ᠵᠶ᠋ᠡᠷ ᠳᠠᠮᠵᠢᠭᠤᠯᠤᠨ᠂ ᠥᠪᠡᠷ᠎ᠢ᠎ᠪᠠᠨ ᠲᠡᠭᠦᠯᠳᠡᠷᠵᠢᠭᠦᠯᠵᠦ᠂ ᠥᠪᠡᠷ᠎ᠢ᠎ᠪᠠᠨ ᠬᠢᠵᠠᠭ᠋ᠠᠷᠯᠠᠨ᠂ ᠥᠪᠡᠷ᠎ᠢ᠎ᠪᠠᠨ ᠰᠡᠷᠡᠮᠵᠢᠯᠡᠭᠦᠯᠵᠦ᠂ ᠠᠵᠢᠯ᠎ᠤᠨ ᠬᠡᠷᠡᠭᠴᠡᠭᠡ᠎ᠳᠤ ᠨᠡᠩ ᠰᠠᠢ᠍ᠢ᠍ᠨ ᠵᠣᠬᠢᠴᠠᠭᠤᠯᠤᠨ᠂ ᠤᠯᠠᠨ ᠲᠦᠮᠡᠨ᠎ᠳᠤ ᠦᠢ᠍ᠯᠡᠴᠢᠯᠡᠵᠦ᠂ ᠬᠥᠭᠵᠢᠯᠲᠡ᠎ᠳᠤ ᠦᠢ᠍ᠯᠡᠴᠢᠯᠡᠬᠦ ᠬᠡᠷᠡᠭᠲᠡᠢ᠃ ᠬᠣᠶᠠᠷ᠎ᠲᠤ ᠠᠵᠢᠯ᠎ᠤᠨ ᠵᠣᠯᠭ᠋ᠠᠯᠴᠠᠭ᠎ᠠ ᠵᠢ ᠰᠠᠢ᠌ᠲᠤᠷ ᠬᠢᠵᠦ᠂ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠬᠣᠶᠠᠳᠤᠭ᠋ᠠᠷ ᠪᠦᠯᠦᠭ᠎ᠤᠨ ᠬᠥᠮᠦᠵᠢᠯ ᠴᠡᠭᠴᠡᠯᠡᠯᠲᠡ ᠵᠢᠨ ᠠᠵᠢᠯ᠎ᠤᠨ ᠭᠤᠤᠯ ᠴᠣᠭᠴᠠ᠎ᠨᠢ ᠦᠨᠳᠦᠰᠦᠨ ᠱᠠᠲᠤᠨ᠎ᠤ ᠲᠠᠯᠠᠪᠤᠷ ᠭᠠᠵᠠᠷ᠎ᠠᠴᠠ ᠲᠣᠪᠴᠢᠶᠠᠨ᠎ᠤ ᠪᠠᠢ᠌ᠭᠤᠯᠭ᠎ᠠ᠎ᠳᠤ ᠰᠢᠯᠵᠢᠭᠰᠡᠨ ᠪᠣᠯᠪᠠᠴᠤ ᠭᠣᠣᠯ ᠡᠭᠦᠷᠭᠡ᠎ᠨᠢ ᠬᠤᠪᠢᠷᠠᠭ᠎ᠠ ᠦᠭᠡᠶ᠂ ᠰᠤᠷᠤᠯᠴᠠᠯᠭ᠎ᠠ ᠬᠥᠮᠦᠵᠢᠯ ᠪᠣᠯ ᠰᠠᠭᠤᠷᠢ ᠮᠥᠨ᠂ ᠪᠠᠢ᠌ᠴᠠᠭ᠋ᠠᠨ ᠳᠡᠯᠭᠡᠵᠦ ᠵᠠᠳᠠᠯᠬᠤ ᠪᠣᠯ ᠵᠠᠩᠭᠢᠯᠠᠭ᠎ᠠ ᠮᠥᠨ᠂ ᠤᠷᠲᠤ ᠬᠤᠭᠤᠴᠠᠭ᠎ᠠ᠎ᠪᠠᠷ ᠵᠠᠰᠠᠵᠤ ᠤᠷᠲᠤ ᠬᠤᠭᠤᠴᠠᠭ᠎ᠠ᠎ᠪᠠᠷ ᠦᠷ᠎ᠡ ᠪᠦᠲᠦᠮᠵᠢᠲᠡᠶ ᠪᠠᠢ᠌ᠯᠭ᠋ᠠᠬᠤ ᠪᠣᠯ ᠦᠨᠳᠦᠰᠦ ᠮᠥᠨ᠂ ᠱᠠᠲᠤ ᠦᠶ᠎ᠡ ᠨᠢᠭᠡᠪᠦᠷᠢ᠎ᠳᠤ ᠴᠥᠮ ᠱᠠᠲᠤ ᠦᠶ᠎ᠡ ᠨᠢᠭᠡᠪᠦᠷᠢ ᠵᠢᠨ ᠬᠠᠷᠠᠯᠲᠠ ᠪᠠ ᠡᠭᠦᠷᠭᠡ᠎ᠲᠠᠢ᠂ ᠡᠭᠦᠨ᠎ᠢ ᠱᠠᠲᠤ ᠱᠠᠲᠤ᠎ᠪᠠᠷ ᠳᠥᠯᠭᠢᠨ ᠠᠬᠢᠭᠤᠯᠵᠤ᠂ ᠬᠠᠷᠢᠯᠴᠠᠨ ᠠᠪᠴᠠᠯᠳᠤᠭᠤᠯᠵᠤ ᠪᠠᠢ᠌ᠨ᠎ᠠ ᠭᠡᠵᠦ ᠬᠡᠯᠡᠵᠦ ᠪᠣᠯᠤᠨ᠎ᠠ᠂ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ᠎ᠤᠳ ᠬᠦᠴᠦᠲᠡᠶ ᠠᠷᠭ᠎ᠠ ᠬᠡᠮᠵᠢᠶ᠎ᠡ ᠠᠪᠴᠤ᠂ ᠱᠠᠲᠤ ᠦᠶ᠎ᠡ ᠨᠢᠭᠡᠪᠦᠷᠢ ᠵᠢᠨ ᠠᠵᠢᠯ᠎ᠤᠨ ᠡᠭᠦᠷᠭᠡ ᠵᠢ ᠯᠠᠪᠳᠠᠭᠤᠨ ᠪᠠᠲᠤᠲᠠᠶ ᠰᠠᠢ᠌ᠲᠤᠷ ᠪᠡᠶᠡᠯᠡᠭᠦᠯᠬᠦ ᠬᠡᠷᠡᠭᠲᠡᠶ᠃ ᠭᠤᠷᠪᠠ᠎ᠳᠤ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠠᠵᠢᠯ᠎ᠢ ᠴᠢᠩᠭ᠎ᠠ ᠠᠳᠬᠤᠵᠤ᠂ ᠪᠣᠳᠠᠲᠤ ᠠᠮᠵᠢᠯᠲᠠ ᠪᠦᠲᠦᠮᠵᠢ ᠤᠯᠬᠤ ᠵᠢ ᠡᠷᠬᠢᠮᠯᠡᠬᠦ ᠬᠡᠷᠡᠭᠲᠡᠢ᠃ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠮᠵᠢ ᠶᠠᠮᠠᠷ ᠪᠣᠯᠬᠤ ᠵᠢᠨ ᠵᠠᠩᠭᠢᠯᠠᠭ᠎ᠠ᠎ᠨᠢ ᠴᠡᠭᠴᠡᠯᠡᠨ ᠰᠠᠢ᠌ᠵᠢᠷᠠᠭᠤᠯᠬᠤ᠎ᠳᠤ ᠪᠤᠢ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠤᠨ᠎ᠬᠢᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠬᠤᠯᠠ ᠠᠵᠢᠯ᠎ᠤᠨ ᠪᠠᠢ᠌ᠷᠢ ᠪᠠ ᠵᠠᠩᠭᠢᠯᠠᠭ᠎ᠠ ᠵᠢᠨ ᠭᠣᠭᠴᠣᠭ᠎ᠠ᠎ᠠᠴᠠ ᠭᠠᠷᠳᠠᠵᠤ᠂ ᠠᠰᠠᠭᠤᠳᠠᠯ᠎ᠤᠨ ᠲᠣᠭᠣᠷᠢᠨ᠎ᠳᠤ ᠰᠢᠯᠲᠠᠭ᠋ᠠᠨ ᠡᠷᠢᠵᠦ᠂ ᠰᠢᠯᠲᠠᠭ᠋ᠠᠨ᠎ᠤ ᠲᠣᠭᠣᠷᠢᠨ᠎ᠳᠤ ᠬᠠᠷᠢᠭᠤᠴᠠᠯᠭ᠎ᠠ ᠨᠡᠬᠡᠮᠵᠢᠯᠡᠵᠦ᠂ ᠠᠰᠠᠭᠤᠳᠠᠯ᠎ᠢ ᠣᠨᠣᠪᠴᠢᠲᠠᠢ ᠡᠷᠢᠵᠦ ᠤᠯᠬᠤ ᠦᠭᠡᠢ ᠪᠣᠯ ᠲᠠᠯᠪᠢᠬᠤ ᠦᠭᠡᠢ᠂ ᠰᠢᠯᠲᠠᠭ᠋ᠠᠨ᠎ᠢ᠎ᠨᠢ ᠪᠠᠢ᠌ᠴᠠᠭ᠋ᠠᠨ ᠲᠤᠳᠤᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢ᠌ᠵᠢᠭᠤᠯᠬᠤ ᠦᠭᠡᠢ ᠪᠣᠯ ᠲᠠᠯᠪᠢᠬᠤ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠦᠨᠡᠨ ᠪᠣᠳᠠᠲᠠᠢ᠎ᠪᠠᠷ ᠪᠠᠢ᠌ᠴᠠᠭ᠋ᠠᠵᠤ᠂ ᠦᠨᠡᠨ ᠪᠣᠳᠠᠲᠠᠢ᠎ᠪᠠᠷ ᠲᠠᠯᠪᠢᠬᠤ ᠬᠡᠷᠡᠭᠲᠡᠢ᠂ ᠥᠩᠭᠡᠪᠴᠢ ᠠᠵᠢᠯ ᠬᠢᠵᠦ ᠪᠣᠯᠬᠤ ᠦᠭᠡᠢ᠂ ᠬᠦᠮᠦᠵᠢᠯ ᠴᠡᠭᠴᠡᠯᠡᠯᠲᠡ ᠵᠢᠨ ᠠᠵᠢᠯ᠎ᠢ ᠦᠨᠡᠨ ᠬᠦ᠌ ᠪᠣᠳᠠᠲᠤ ᠦᠷ᠎ᠡ ᠪᠦᠲᠦᠮᠵᠢ᠎ᠲᠠᠢ ᠪᠣᠯᠭ᠋ᠠᠬᠤ ᠬᠡᠷᠡᠭᠲᠡᠢ ᠭᠡᠪᠡ᠃