ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠬᠡᠬᠣᠲᠠ ᠵᠢᠨ ᠳᠥᠷᠪᠡᠳᠦᠭᠡᠷ ᠭᠢᠨᠳᠠᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢᠨ ᠠᠩᠭᠢ ᠡᠷᠬᠢᠯᠡᠪᠡ
ᠨᠡᠶ᠋ᠢᠲᠡᠯᠡᠭᠰᠡᠨ ᠴᠠᠭ᠄ 2021-08-22


      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 《ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ ᠣᠢ᠌ᠯᠠᠭ᠋ᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠢ᠌ᠳᠠᠯ᠎ᠢ ᠡᠭᠦᠳᠬᠦ》 ᠥᠳᠬᠡᠨ ᠵᠤᠵᠠᠭ᠋ᠠᠨ ᠰᠤᠷᠤᠯᠴᠠᠯᠭ᠎ᠠ ᠵᠢᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠲᠥᠯᠥᠭᠡ᠂ ᠬᠥᠬᠡᠬᠣᠲᠠ ᠵᠢᠨ ᠳᠥᠷᠪᠡᠳᠦᠭᠡᠷ ᠭᠢᠨᠳᠠᠨ᠎ᠤ᠎ᠬᠢᠨ ᠬᠢᠵᠢᠭ᠎ᠤᠨ ᠪᠠᠢ᠌ᠳᠠᠯ᠎ᠢ ᠪᠢᠲᠡᠭᠦᠮᠵᠢᠯᠡᠭᠰᠡᠨ ᠬᠤᠭᠤᠴᠠᠭ᠋ᠠᠨ᠎ᠳᠤ᠂ ᠠᠷᠠᠳ᠎ᠤᠨ ᠴᠠᠭᠳᠠᠭ᠎ᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢᠨ ᠠᠩᠬᠢ ᠡᠷᠬᠢᠯᠡᠪᠡ᠃
      ᠣᠷᠣᠶ ᠵᠢᠨ ᠰᠤᠷᠭ᠋ᠠᠭᠤᠯᠢ ᠵᠢᠨ ᠠᠩᠭᠢ 8 ᠰᠠᠷ᠎ᠠ ᠵᠢᠨ 18᠎ᠤ ᠡᠳᠦᠷ᠎ᠠᠴᠠ ᠡᠬᠢᠯᠡᠨ᠂ ᠣᠷᠣᠶ ᠪᠦᠷᠢ ᠵᠢᠨ 7᠎ᠠᠴᠠ 9 ᠴᠠᠭ ᠪᠤᠯᠲᠠᠯᠠᠬᠢ ᠬᠣᠶᠠᠷ ᠴᠠᠭ᠎ᠢ ᠠᠰᠢᠭᠯᠠᠨ᠂ ᠸᠢᠳᠢᠤ᠋᠎ᠪᠠᠷ ᠨᠡᠪᠲᠡᠷᠡᠭᠦᠯᠬᠦ ᠬᠡᠯᠪᠡᠷᠢ᠎ᠪᠠᠷ ᠳᠠᠮᠵᠢᠭᠤᠯᠤᠨ᠂ ᠠᠷᠠᠳ᠎ᠤᠨ ᠴᠠᠭᠳᠠᠭ᠎ᠠ ᠠᠵᠢᠯᠲᠠᠨ᠎ᠢ ᠵᠣᠬᠢᠶᠠᠨ ᠪᠠᠢ᠌ᠭᠤᠯᠤᠨ 《ᠨᠠᠮ᠎ᠤᠨ ᠲᠡᠦᠬᠡ ᠵᠢᠨ ᠲᠤᠬᠠᠶ ᠵᠠᠭᠤᠨ ᠲᠠᠢ᠌ᠯᠤᠮᠵᠢ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠶᠠᠷᠢᠶᠠᠨ᠎ᠤ ᠲᠠᠩᠬᠢᠮ》 ᠪᠣᠯᠤᠨ ᠨᠠᠮ᠎ᠤᠨ ᠲᠡᠦᠬᠡ ᠵᠢᠨ ᠪᠠᠷᠢᠮᠲᠠᠲᠤ ᠺᠢᠨᠣ᠋ 《ᠵᠠᠭᠤᠨᠲᠠ ᠪᠣᠯᠪᠠᠰᠤᠷᠠᠭ᠋ᠠᠳ ᠪᠣᠯᠣᠳ ᠪᠣᠯᠪᠠ》᠂ 《ᠬᠦᠰᠡᠯᠡᠩ ᠳᠤᠮᠳᠠᠳᠤ ᠤᠯᠤᠰ᠎ᠢ ᠭᠡᠢ᠌ᠭᠦᠯᠪᠡ》 ᠵᠡᠷᠭᠡ ᠠᠭᠤᠯᠭ᠎ᠠ ᠵᠢ ᠦᠵᠡᠭᠦᠯᠵᠦ᠂ ᠠᠷᠠᠳ᠎ᠤᠨ ᠴᠠᠭᠳᠠᠭ᠎ᠠ ᠠᠵᠢᠯᠲᠠᠨ᠎ᠤ ᠦᠵᠡᠯ ᠰᠠᠨᠠᠭ᠎ᠠ ᠲᠠᠨᠢᠯᠲᠠ ᠵᠢ ᠳᠡᠭᠡᠭᠰᠢᠯᠡᠭᠦᠯᠪᠡ᠃



      ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠷᠤᠢ ᠵᠢᠨ ᠰᠤᠷᠭ᠋ᠠᠭᠤᠯᠢ ᠵᠢᠨ ᠠᠩᠬᠢ ᠡᠷᠬᠢᠯᠡᠬᠦ᠎ᠨᠢ ᠠᠵᠢᠯᠯᠠᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠬᠦ ᠵᠢᠨ ᠬᠠᠮᠲᠤ᠂ ᠪᠠᠢ᠍ᠢ᠍ᠩᠭᠤᠵᠢᠭᠰᠠᠨ ᠰᠤᠷᠤᠯᠴᠠᠯᠭ᠎ᠠ ᠵᠢᠨ ᠲᠣᠭᠲᠠᠴᠠ ᠵᠢ ᠪᠠᠢ᠌ᠭᠤᠯᠵᠤ᠂ ᠲᠡᠦᠬᠡ ᠤᠩᠰᠢᠬᠤ᠂ ᠨᠠᠮ᠎ᠤᠨ ᠲᠡᠦᠬᠡ ᠵᠢ ᠰᠤᠷᠤᠯᠴᠠᠬᠤ᠂ ᠨᠠᠮ᠎ᠤᠨ ᠲᠡᠦᠬᠡ ᠵᠢ ᠣᠢ᠌ᠯᠠᠭ᠋ᠠᠬᠤ᠎ᠪᠠᠷ ᠳᠠᠮᠵᠢᠨ᠂ ᠠᠷᠠᠳ᠎ᠤᠨ ᠴᠠᠭᠳᠠᠭ᠎ᠠ ᠠᠵᠢᠯᠳᠠᠨ᠎ᠤ ᠲᠡᠦᠬᠡ ᠵᠢᠨ ᠳᠤᠮᠳᠠ᠎ᠠᠴᠠ ᠰᠢᠮ᠎ᠡ ᠲᠡᠵᠢᠭᠡᠯ ᠬᠦᠷᠳᠡᠬᠦ ᠵᠢ ᠬᠦᠳᠦᠯᠦᠨ ᠵᠢᠯᠣᠭᠣᠳᠴᠤ᠂ ᠤᠨᠤᠯ᠎ᠤᠨ ᠰᠡᠳᠬᠢᠬᠦᠢ᠂ ᠲᠡᠦᠬᠡ ᠵᠢᠨ ᠰᠡᠳᠬᠢᠬᠦᠢ ᠵᠢ ᠴᠢᠩᠭ᠋ᠠᠳᠬᠠᠵᠤ᠂ ᠡᠪ ᠬᠠᠮᠲᠤ ᠨᠠᠮ᠎ᠤᠨ ᠲᠦᠷᠦ ᠪᠠᠷᠢᠬᠤ ᠵᠢᠮ᠎ᠡ ᠶᠣᠰᠣ᠂ ᠨᠡᠢ᠌ᠭᠡᠮ ᠵᠢᠷᠤᠮ᠎ᠤᠨ ᠪᠦᠳᠦᠭᠡᠨ ᠪᠠᠢ᠌ᠭᠤᠯᠤᠯᠲᠠ ᠵᠢᠨ ᠵᠢᠮ᠎ᠡ ᠶᠣᠰᠣ ᠵᠢᠨ ᠲᠤᠬᠠᠢ ᠲᠠᠨᠢᠯᠲᠠ᠎ᠪᠠᠨ ᠳᠠᠰᠤᠷᠠᠯᠳᠠ ᠦᠭᠡᠢ ᠭᠦᠨᠵᠡᠭᠡᠢ᠌ᠷᠡᠭᠦᠯᠵᠦ᠂ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠲᠡᠦᠬᠡ ᠵᠢ ᠰᠤᠷᠤᠯᠴᠠᠵᠦ ᠶᠣᠰᠣ ᠵᠢ ᠣᠢ᠌ᠯᠠᠭ᠋ᠠᠬᠤ᠂ ᠲᠡᠦᠬᠡ ᠵᠢ ᠰᠤᠷᠤᠯᠴᠠᠵᠦ ᠢᠲᠡᠭᠡᠯ᠎ᠢ ᠨᠡᠮᠡᠭᠳᠡᠭᠦᠯᠬᠦ᠂ ᠲᠡᠦᠬᠡ ᠵᠢ ᠰᠤᠷᠤᠯᠴᠠᠵᠦ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ ᠵᠢ ᠰᠤᠷᠤᠯᠴᠠᠵᠦ ᠬᠦᠴᠦᠯᠡᠨ ᠭᠦᠢ᠍ᠴᠡᠳᠬᠡᠬᠦ ᠵᠢ ᠦᠨᠡᠨ ᠬᠦ᠌ ᠪᠡᠶᠡᠯᠡᠭᠦᠯᠵᠦ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠦᠨᠡᠨ ᠬᠦ᠌ ᠲᠠᠷᠢᠬᠢᠨ᠎ᠳᠤ ᠬᠠᠳᠠᠩᠰᠢᠭᠤᠯᠬᠤ ᠵᠢᠨ ᠲᠥᠯᠥᠭᠡ ᠶᠤᠮ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠠᠩᠬᠠᠳᠤᠭ᠋ᠠᠷ ᠤᠳᠠᠭ᠋ᠠᠨ᠎ᠤ ᠠᠯᠪᠠᠨ ᠬᠡᠷ᠎ᠤᠨ ᠡᠷᠬᠢᠯᠡᠭᠴᠢ ᠵᠢᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠰᠣᠨᠢᠨ ᠮᠡᠳᠡᠭᠡ᠄ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠡᠭᠦᠳᠡ᠎ᠪᠠᠨ ᠨᠡᠭᠡᠭᠡᠵᠦ ᠴᠡᠭᠴᠡᠯᠡᠯᠲᠡ ᠬᠢᠵᠦ ᠣᠯᠠᠨ ᠲᠦᠮᠡᠨ᠎ᠳᠤ ᠦᠢᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ ᠪᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ᠎ᠬᠢᠨ ᠬᠣᠶᠠᠳᠤᠭ᠋ᠠᠷ ᠪᠦᠯᠦᠭ᠎ᠤᠨ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ 《ᠭᠠᠷᠠᠭ᠎ᠤᠨ ᠰᠡᠭᠦᠯᠴᠢ ᠵᠢᠨ ᠰᠤᠷᠭ᠋ᠠᠭᠤᠯᠢ》 ᠵᠢᠨ ᠬᠠᠮᠲᠤ ᠵᠢᠨ ᠰᠤᠷᠤᠯᠴᠠᠯᠭ᠎ᠠ ᠦᠷᠨᠢᠭᠦᠯᠪᠡ
ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠎ᠢ ᠲᠤᠰᠬᠠᠶ ᠵᠠᠰᠠᠬᠤ ᠠᠵᠢᠯ᠎ᠤᠨ ᠳᠤᠭᠤᠢ᠌ᠯᠠᠩ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠦᠷᠨᠢᠭᠦᠯᠦᠨ ᠲᠤᠰᠬᠠᠶ ᠵᠠᠰᠠᠬᠤ ᠠᠵᠢᠯ᠎ᠤᠨ ᠦᠷ᠎ᠡ ᠪᠦᠲᠦᠭᠡᠯ ᠵᠶ᠋ᠡᠨ ᠤᠯᠠᠷᠢᠭᠤᠯᠪᠠ
 
            