
ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠥᠷᠨᠢᠭᠦᠯᠬᠦ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠰᠤᠷᠤᠯᠴᠠᠯᠭ᠎ᠠ ᠬᠥᠮᠦᠵᠢᠯ᠎ᠤᠨ ᠭᠣᠭᠴᠣᠭ᠎ᠠ᠎ᠳᠤ᠂ ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠭᠠᠷᠠᠭ ᠪᠦᠷᠢ ᠵᠢᠨ ᠵᠢᠷᠭᠤᠭ᠋ᠠᠨ᠎ᠤ ᠦᠳᠡ ᠵᠢᠨ ᠡᠮᠦᠨ᠎ᠡ 《ᠭᠠᠷᠠᠭ᠎ᠤᠨ ᠰᠡᠭᠦᠯᠴᠢ ᠵᠢᠨ ᠰᠤᠷᠭ᠋ᠠᠭᠤᠯᠢ》 ᠪᠠᠢ᠌ᠭᠤᠯᠵᠤ ᠲᠥᠪᠯᠡᠷᠡᠭᠦᠯᠦᠨ ᠰᠤᠷᠤᠯᠴᠠᠪᠠ᠃
8 ᠰᠠᠷ᠎ᠠ ᠵᠢᠨ 21᠎ᠤ ᠡᠳᠦᠷ ᠠᠩᠬᠠᠳᠠᠭᠴᠢ 《ᠭᠠᠷᠠᠭ᠎ᠤᠨ ᠰᠡᠭᠦᠯᠴᠢ ᠵᠢᠨ ᠰᠤᠷᠭ᠋ᠠᠭᠤᠯᠢ》 ᠰᠡᠷᠡᠮᠵᠢᠯᠡᠭᠦᠯᠬᠦ ᠬᠥᠮᠦᠵᠢᠯ ᠵᠶ᠋ᠡᠷ ᠭᠣᠤᠯ ᠰᠡᠳᠦᠪ ᠪᠣᠯᠭ᠋ᠠᠨ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠰᠤᠷᠤᠯᠴᠠᠯᠭ᠎ᠠ ᠵᠢ ᠡᠷᠭᠢᠯᠡᠵᠦ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠬᠡᠯᠲᠡᠰ᠎ᠤᠨ ᠡᠷᠬᠢᠯᠡᠭᠴᠢ ᠰᠦᠨ ᠵᠢᠨ ᠶᠠᠨ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠬᠠᠤᠯᠢ ᠴᠠᠭ᠋ᠠᠵᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠠᠩ ᠱᠣᠤ ᠬᠤᠸᠠ᠂ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ ᠴᠢᠨ ᠵᠢᠶᠠᠨ ᠹᠸᠩ᠂ ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠠᠵᠢᠯ᠎ᠤᠨ ᠣᠷᠣᠨ ᠲᠣᠭ᠎ᠠ᠎ᠲᠠᠢ ᠪᠠ ᠠᠵᠢᠯ᠎ᠤᠨ ᠪᠠᠢ᠌ᠷᠢ᠎ᠳᠤ ᠪᠠᠢ᠌ᠭ᠎ᠠ ᠪᠥᠬᠥ ᠬᠥᠮᠦᠰ ᠪᠣᠯᠤᠨ ᠨᠢᠭᠡᠳᠦᠭᠡᠷ ᠪᠦᠯᠦᠭ᠎ᠤᠨ ᠬᠥᠮᠦᠵᠢᠯ ᠴᠡᠭᠴᠡᠯᠡᠯᠲᠡ᠎ᠳᠤ ᠣᠷᠣᠯᠴᠠᠭᠰᠠᠨ ᠥᠬᠡᠶ ᠰᠢᠯᠵᠢᠭᠦᠯᠦᠨ ᠪᠣᠯᠪᠠᠰᠤᠷᠠᠭᠤᠯᠬᠤ ᠬᠥᠮᠦᠰ ᠰᠤᠷᠤᠯᠴᠠᠯᠭ᠎ᠠ᠎ᠳᠤ ᠣᠷᠣᠯᠴᠠᠪᠠ᠃

ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠸ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠎ᠤᠨ ᠬᠣᠯᠪᠣᠭᠳᠠᠯ ᠪᠥᠬᠥᠶ ᠮᠡᠳᠡᠭᠳᠡᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠪᠥᠬᠥ ᠬᠥᠮᠦᠰ 《ᠰᠢᠨᠤᠯ ᠪᠠ ᠭᠡᠮᠰᠢᠯ— ᠱᠠᠨᠰᠢ ᠮᠤᠵᠢ ᠵᠢᠨ ᠵᠢᠶᠠ ᠰᠢᠶᠠᠨ᠎ᠤ ᠨᠠᠮ᠎ᠤᠨ ᠬᠣᠷᠢᠶᠠᠨ᠎ᠤ ᠤᠤᠯ᠎ᠤᠨ ᠱᠦᠵᠢ ᠰᠢᠨ ᠶᠣᠣ ᠹᠸᠩ᠎ᠤᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠶ ᠵᠥᠷᠢᠴᠡᠭᠰᠡᠨ ᠬᠡᠷᠡᠭ᠎ᠤᠨ ᠰᠡᠷᠡᠮᠵᠢᠯᠡᠭᠦᠯᠦᠯ》 ᠭᠡᠬᠦ ᠰᠤᠷᠭ᠋ᠠᠨ ᠬᠥᠮᠦᠵᠢᠯ᠎ᠤᠨ ᠹᠢᠯᠢᠮ᠎ᠢ ᠰᠣᠨᠢᠷᠬᠠᠪᠠ᠃ ᠣᠯᠠᠨ ᠵᠶ᠋ᠠᠷ ᠵᠶ᠋ᠠᠨ ᠰᠢᠨ ᠶᠣᠣ ᠹᠸᠩ᠎ᠤᠨ ᠬᠡᠷᠡᠭ᠎ᠠᠴᠠ ᠭᠦᠨᠵᠡᠭᠡᠶ ᠰᠤᠷᠭ᠋ᠠᠮᠵᠢ ᠠᠪᠴᠤ᠂ 《ᠬᠦᠰᠡᠯᠡᠩ ᠢᠲᠡᠭᠡᠯ ᠪᠢᠰᠢᠷᠡᠯ ᠵᠶ᠋ᠡᠨ ᠠᠯᠳᠠᠵᠤ ᠪᠣᠯᠬᠤ ᠥᠬᠡᠶ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠠᠷᠢᠴᠠᠭ᠎ᠠ ᠵᠢ ᠣᠨᠳᠣᠣᠰᠢᠭᠤᠯᠵᠤ ᠪᠣᠯᠬᠤ ᠥᠬᠡᠶ᠂ ᠡᠷᠬᠡ᠎ᠳᠤ ᠬᠢᠨᠠᠯᠲᠠ ᠬᠦᠯᠢᠶᠡᠬᠦ ᠥᠬᠡᠶ ᠪᠠᠢ᠌ᠵᠤ ᠪᠣᠯᠬᠤ ᠥᠬᠡᠶ᠂ ᠲᠥᠷᠥᠯ ᠰᠠᠳᠤᠨ᠎ᠤ ᠰᠡᠳᠬᠢᠯᠭᠡ ᠵᠢᠨ ᠦᠵᠡᠯᠲᠡ᠎ᠪᠠᠨ ᠪᠤᠷᠤᠭᠤᠳᠠᠭᠤᠯᠵᠤ ᠪᠣᠯᠬᠤ ᠥᠬᠡᠶ》 ᠭᠡᠬᠦ ᠬᠡᠷᠡᠭ᠎ᠤᠨ ᠵᠢᠱ᠌ᠢᠶ᠎ᠡ ᠵᠢᠨ ᠰᠡᠷᠡᠮᠵᠢᠯᠡᠭᠦᠯᠦᠯ᠎ᠢ ᠪᠠᠲᠤ ᠴᠡᠭᠡᠵᠢᠯᠡᠵᠦ᠂ ᠤᠯᠤᠰ ᠲᠥᠷᠥ ᠵᠢᠨ ᠤᠬᠠᠮᠰᠠᠷ᠂ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠨ᠂ ᠨᠠᠮ᠎ᠤᠨ ᠭᠡᠰᠢᠭᠦᠨ᠎ᠤ ᠪᠡᠶ᠎ᠡ ᠬᠡᠮ᠎ᠢ ᠪᠠᠲᠤ ᠴᠡᠭᠡᠵᠢᠯᠡᠵᠦ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠴᠢᠩᠭ᠋ᠠᠳᠬᠠᠨ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢ ᠦᠨᠡᠨ ᠬᠦ᠌ ᠲᠡᠷᠢᠭᠦᠨ᠎ᠳᠤ ᠲᠠᠯᠪᠢᠵᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ᠎ᠪᠠᠷ ᠵᠠᠰᠠᠭ ᠪᠠᠷᠢᠵᠤ᠂ ᠤᠯᠤᠰ ᠲᠥᠷᠥ ᠵᠢᠨ ᠮᠥᠨ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠬᠡᠷᠡᠭᠲᠡᠶ ᠭᠡᠵᠦ ᠰᠠᠨᠠᠯ ᠨᠢᠭᠡᠲᠡᠶ ᠢᠯᠡᠷᠬᠡᠢ᠌ᠯᠡᠵᠡᠭᠡᠪᠡ᠃

ᠲᠠᠷᠠᠭ᠋ᠠᠴᠢ ᠵᠢᠨ ᠠᠯᠬᠤᠮ᠎ᠳᠤ᠂ ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠰᠡᠷᠡᠮᠵᠢᠯᠡᠭᠦᠯᠬᠦ ᠬᠥᠮᠦᠵᠢᠯ᠎ᠢ ᠤᠯᠤᠰ ᠲᠥᠷᠥ ᠵᠢᠨ ᠬᠥᠮᠦᠵᠢᠯ᠂ ᠨᠠᠮ᠎ᠤᠨ ᠲᠡᠦᠬᠡ ᠵᠢᠨ ᠬᠥᠮᠦᠵᠢᠯ᠂ ᠪᠠᠭ᠋ᠠᠲᠤᠷ ᠵᠢᠱ᠌ᠢᠶᠡᠴᠢ ᠵᠢᠨ ᠬᠥᠮᠦᠵᠢᠯ᠎ᠲᠠᠢ ᠠᠭᠤᠰᠤᠯᠴᠠᠭᠤᠯᠤᠨ ᠠᠬᠢᠭᠤᠯᠵᠤ᠂ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠤ ᠨᠠᠮ᠎ᠤᠨ ᠲᠦᠷᠢᠮ᠂ ᠵᠠᠷᠴᠢᠮ᠂ ᠲᠦᠷᠢᠮ ᠲᠤᠭᠲᠠᠭ᠋ᠠᠯ ᠵᠡᠷᠭᠡ ᠨᠠᠮ᠎ᠤᠨ ᠳᠣᠲᠣᠭ᠋ᠠᠳᠤ ᠵᠢᠨ ᠴᠢᠬᠤᠯᠠ ᠬᠠᠤᠯᠢ ᠲᠣᠭᠲᠠᠭ᠋ᠠᠯ᠎ᠢ ᠭᠦᠨᠵᠡᠭᠡᠶ ᠰᠤᠷᠤᠯᠴᠠᠭᠤᠯᠵᠤ᠂ ᠳᠡᠷᠭᠡᠳᠡᠬᠢ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ᠂ ᠢᠯᠠᠩᠭᠤᠶ᠎ᠠ ᠨᠢᠭᠡᠳᠦᠭᠡᠷ ᠪᠦᠯᠦᠭ᠎ᠤᠨ ᠬᠥᠮᠦᠵᠢᠯ ᠴᠡᠭᠴᠡᠯᠡᠯᠲᠡ ᠵᠢᠨ ᠬᠤᠭᠤᠴᠠᠭ᠋ᠠᠨ᠎ᠳᠤ ᠪᠠᠢ᠌ᠴᠠᠭ᠋ᠠᠨ ᠰᠢᠢᠳᠪᠦᠷᠢᠯᠡᠭᠰᠡᠨ ᠴᠢᠬᠤᠯᠠ ᠶᠡᠬᠡ ᠨᠡᠢ᠌ᠲᠡᠯᠢᠭ ᠬᠡᠷᠡᠭᠲᠠᠢ ᠤᠶᠠᠯᠳᠤᠭᠤᠯᠤᠨ᠂ ᠬᠡᠷᠡᠭ ᠵᠶ᠋ᠡᠷ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠬᠤ ᠵᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠥ ᠺᠠᠳ᠋ᠷ᠎ᠢ ᠪᠢᠰᠢᠷᠡᠨ ᠵᠢᠷᠦᠬᠡᠰᠢᠶᠡᠬᠦ᠂ ᠴᠡᠭᠡᠷᠯᠡᠯ ᠡᠪᠦᠷᠯᠡᠬᠦ᠂ ᠬᠣᠷᠢᠭ᠎ᠠ ᠱᠤᠭᠤᠮ᠎ᠢ ᠰᠠᠬᠢᠬᠤ ᠪᠣᠯᠭ᠋ᠠᠵᠤ᠂ ᠤᠯᠤᠰ ᠲᠥᠷᠥ ᠵᠢᠨ ᠦᠨᠡᠨᠴᠢ ᠰᠢᠳᠤᠷᠭᠤ ᠪᠠᠢ᠌ᠬᠤ᠂ ᠤᠯᠤᠰ ᠲᠥᠷᠥ ᠵᠢᠨ ᠠᠮᠢ ᠠᠬᠤᠶ ᠵᠢ ᠴᠡᠪᠡᠷᠰᠢᠭᠦᠯᠬᠦ᠂ ᠰᠠᠢ᠌ᠨ ᠰᠠᠢ᠌ᠬᠠᠨ ᠳᠦᠷᠢ ᠲᠥᠷᠬᠦ ᠵᠢ ᠪᠤᠰᠬᠠᠬᠤ᠎ᠪᠠᠷ ᠪᠤᠢ᠃