ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ ᠭᠣᠣᠯᠳᠠᠯᠭ᠎ᠠ᠎ᠲᠠᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-12-13

      12  ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ ᠭᠣᠣᠯᠳᠠᠯᠭ᠎ᠠ᠎ᠲᠠᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠸᠠᠩ ᠽᠢ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃


图片1.png


      ᠬᠤᠷᠠᠯ ᠳᠡᠭᠡᠷ᠎ᠡ ᠂ ᠲᠣᠪᠴᠢᠶ᠎ᠠ ᠵᠢᠨ ᠪᠠᠢ᠌ᠭᠤᠯᠤᠯᠭ᠎ᠠ ᠵᠢᠨ ᠡᠯ᠎ᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠥᠪᠡᠷᠲᠡᠭᠡᠨ ᠵᠠᠰᠠᠬᠤ ᠣᠷᠣᠨ᠎ᠤ 《  ᠬᠣᠶᠠᠷ ᠶᠡᠬᠡ ᠶᠠᠪᠤᠳᠠᠯ 》  ᠪᠣᠯᠣᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ  ᠲᠠᠲᠠᠬᠤ ᠵᠢ ᠵᠣᠭᠰᠤᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ᠎ᠳᠤ ᠦᠢ᠍ᠯᠡᠴᠢᠯᠡᠬᠦ᠎ᠪᠠᠷ ᠭᠣᠣᠯᠳᠠᠭᠤᠯᠵᠤ ᠂ 2024 ᠣᠨ᠎ᠤ ᠠᠵᠢᠯ᠎ᠢ ᠨᠠᠷᠢᠨ ᠬᠢᠨᠠᠮᠠᠭ᠋ᠠᠢ ᠰᠤᠳᠤᠯᠵᠤ ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠳᠠᠷᠠᠭ᠎ᠠ ᠵᠢᠯ᠎ᠤᠨ ᠠᠵᠢᠯ ᠵᠶ᠋ᠠᠨ ᠲᠥᠯᠥᠪᠵᠢᠭᠦᠯᠵᠦ ᠂ ᠦᠵᠡᠯ ᠰᠠᠨᠠᠭ᠎ᠠ᠎ᠪᠠᠨ ᠮᠥᠷᠭᠥᠯᠳᠦᠭᠦᠯᠬᠦ ᠂ ᠦᠵᠡᠯᠲᠡ᠎ᠪᠠᠨ ᠰᠣᠯᠢᠯᠴᠠᠬᠤ ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ ᠦᠷ᠎ᠡ ᠪᠦᠲᠦᠮᠵᠢ ᠣᠯᠵᠠᠢ ᠃


图片2.png


      ᠬᠤᠷᠠᠯ᠎ᠠᠴᠠ  ᠵᠢᠭ᠋ᠠᠵᠤ ᠭᠠᠷᠭ᠋ᠠᠭᠰᠠᠨ᠎ᠨᠢ᠂ ᠬᠣᠣᠷ  ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ᠎ᠨᠢ ᠤᠯᠤᠰ ᠲᠦᠷᠦ ᠵᠢᠨ ᠪᠠᠢ᠌ᠭᠤᠯᠤᠯᠭ᠎ᠠ ᠪᠠ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ  ᠲᠠᠲᠠᠬᠤ ᠵᠢ ᠵᠣᠭᠰᠤᠭ᠋ᠠᠬᠤ ᠠᠵᠢᠯ᠎ᠤᠨ ᠤᠳᠤᠷᠢᠳᠬᠤ ᠪᠠᠢ᠌ᠭᠤᠯᠤᠯᠭ᠎ᠠ ᠂ ᠦᠯᠢᠭᠡᠷ ᠳᠠᠭᠤᠷᠢᠶᠠᠯ ᠪᠣᠯᠬᠤ ᠪᠠᠢ᠌ᠭᠤᠯᠤᠯᠭ᠎ᠠ ᠪᠣᠯᠤᠭᠰᠠᠨ᠎ᠤ ᠬᠤᠪᠢ᠎ᠳᠤ ᠂ ᠡᠷᠬᠡᠪᠰᠢ ᠶᠡᠬᠡ ᠲᠠᠯ᠎ᠠ ᠵᠢ ᠣᠢ᠌ᠯᠠᠭ᠋ᠠᠵᠤ ᠂ ᠶᠡᠬᠡ ᠬᠠᠨᠳᠤᠰᠢ ᠵᠢ ᠲᠣᠳᠣᠷᠬᠠᠢ᠌ᠯᠠᠵᠤ ᠂ 《  ᠲᠡᠷᠢᠭᠦᠨ ᠰᠡᠳᠦᠪ᠎ᠨᠢ ᠵᠠᠪᠠᠯ ᠤᠯᠤᠰ ᠲᠦᠷᠦ ᠪᠠᠢ᠌ᠬᠤ ᠬᠡᠷᠡᠭᠲᠡᠢ 》  ᠭᠡᠳᠡᠭ᠎ᠢ ᠪᠠᠷᠢᠮᠲᠠᠯᠠᠵᠤ ᠂ ᠢᠯᠠᠩᠭᠤᠶ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠡᠨᠡᠬᠦ ᠠᠵᠢᠯ᠎ᠤᠨ ᠭᠣᠣᠯ ᠰᠢᠵᠢᠮ᠎ᠲᠠᠢ ᠨᠢᠭᠲᠠ ᠤᠶᠠᠯᠳᠤᠭᠤᠯᠵᠤ ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ  ᠲᠠᠲᠠᠬᠤ ᠵᠢ ᠵᠣᠭᠰᠤᠭ᠋ᠠᠬᠤ ᠠᠵᠢᠯ᠎ᠤᠨ ᠢᠮᠠᠭᠲᠠ ᠵᠥᠪ ᠣᠨᠣᠪᠴᠢᠲᠠᠢ ᠤᠯᠤᠰ ᠲᠦᠷᠦ ᠵᠢᠨ ᠴᠢᠭᠯᠡᠯ᠎ᠢ  ᠪᠠᠲᠤᠯᠠᠬᠤ ᠬᠡᠷᠡᠭᠲᠡᠢ ᠃ ᠬᠣᠶᠠᠷ ᠶᠡᠬᠡ ᠶᠠᠪᠤᠳᠠᠯ᠎ᠤᠨ 《ᠶᠠᠭ᠋ᠠᠬᠢᠵᠤ ᠬᠢᠬᠦ》 ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠰᠢᠨ᠎ᠡ  ᠵᠠᠮ᠎ᠢ 《ᠶᠠᠭ᠋ᠠᠬᠢᠵᠤ ᠨᠡᠭᠡᠭᠡᠬᠦ》 ᠵᠡᠷᠭᠡ ᠵᠠᠩᠭᠢᠯᠠᠭ᠎ᠠ ᠵᠢᠨ ᠡᠭᠦᠷᠭᠡ ᠵᠢ ᠲᠣᠳᠣᠷᠬᠠᠢ᠌ᠯᠠᠵᠤ᠂ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠤᠨ  ᠪᠤᠲᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ  ᠭᠡᠪᠡ ᠃


图片3.png


      ᠬᠤᠷᠠᠯ᠎ᠠᠴᠠ ᠴᠢᠬᠤᠯᠠᠴᠢᠯᠠᠭᠰᠠᠨ᠎ᠨᠢ᠂ ᠰᠤᠷᠭ᠋ᠠᠨ ᠬᠥᠮᠦᠵᠢᠯ᠎ᠤᠨ ᠴᠡᠭᠡᠷᠯᠡᠯ ᠵᠠᠰᠠᠯᠲᠠ ᠵᠢᠨ ᠭᠣᠣᠯ ᠡᠭᠦᠷᠭᠡ ᠵᠢ ᠴᠢᠩᠭ᠎ᠠ ᠠᠳᠬᠤᠬᠤ ᠵᠢ ᠪᠠᠷᠢᠮᠲᠠᠯᠠᠵᠤ᠂ ᠬᠣᠣᠷ  ᠲᠠᠲᠠᠬᠤ ᠵᠢ ᠵᠣᠭᠰᠤᠭ᠋ᠠᠬᠤ ᠠᠵᠢᠯ᠎ᠤᠨ ᠠᠷᠭ᠎ᠠ ᠪᠠᠷᠢᠯ᠎ᠢ ᠰᠢᠨᠵᠢᠯᠡᠬᠦ ᠤᠬᠠᠭ᠋ᠠᠨᠴᠢ᠎ᠪᠠᠷ ᠬᠠᠢ᠌ᠨ ᠰᠦᠪᠡᠭᠴᠢᠯᠡᠵᠦ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠳᠠᠪᠠᠭᠤᠯᠢᠭ ᠰᠤᠷᠭ᠋ᠠᠨ ᠬᠥᠮᠦᠵᠢᠯ᠎ᠤᠨ ᠴᠡᠭᠡᠷᠯᠡᠨ ᠵᠠᠰᠠᠬᠤ ᠲᠥᠷᠥᠯ ᠵᠦᠢ᠍ᠯ᠎ᠢ ᠣᠷᠣᠭᠤᠯᠤᠨ ᠠᠪᠴᠢᠷᠠᠬᠤ ᠪᠠ ᠪᠣᠭᠣᠮᠲᠠ ᠰᠢᠪᠲᠤᠯᠬᠤ ᠰᠤᠳᠤᠯᠭ᠋ᠠᠨ᠎ᠢ ᠶᠡᠬᠡᠪᠡᠷ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢᠯᠠᠬᠤ᠂ ᠲᠤᠰᠬᠠᠢ᠌ᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ 2 — 3 ᠣᠷᠣᠨ ᠪᠦᠰᠡ ᠵᠢᠨ ᠴᠢᠨᠠᠷᠲᠠᠢ ᠴᠢᠨᠠᠷ ᠰᠠᠢ᠌ᠲᠠᠢ ᠴᠡᠭᠡᠷᠯᠡᠨ ᠵᠠᠰᠠᠬᠤ ᠲᠥᠷᠥᠯ ᠵᠦᠢ᠍ᠯ᠎ᠢ ᠪᠣᠢ᠌ᠵᠢᠭᠤᠯᠤᠨ᠂ ᠥᠪᠥᠷ ᠮᠣᠩᠭᠣᠯ᠎ᠤᠨ ᠣᠨᠴᠠᠯᠢᠭ᠎ᠲᠠᠢ ᠨᠠᠷᠠᠲᠤ ᠲᠥᠷᠥᠯ ᠲᠡᠮᠳᠡᠭᠲᠦ ᠵᠢᠨ ᠲᠥᠷᠥᠯ ᠵᠦᠢ᠍ᠯ᠎ᠢ ᠪᠣᠶ ᠪᠣᠯᠭ᠋ᠠᠬᠤ᠎ᠳᠤ ᠨᠥᠬᠥᠴᠡᠯ ᠡᠭᠦᠳᠴᠦ᠂ ᠮᠠᠨ᠎ᠤ ᠣᠷᠣᠨ᠎ᠤ ᠪᠦᠬᠦᠯᠢ ᠴᠣᠭᠴᠠ ᠵᠢᠨ ᠴᠡᠭᠡᠷᠯᠡᠨ ᠵᠠᠰᠠᠬᠤ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃ 《  ᠵᠢᠭ᠋ᠠᠬᠤ  ᠰᠤᠷᠭ᠋ᠠᠬᠤ  ᠪᠤᠯᠪᠠᠰᠤᠷᠠᠬᠤ ᠪᠠᠢ᠌ᠯᠳᠤᠬᠤ ᠰᠢᠯᠭ᠋ᠠᠬᠤ》  ᠵᠢ ᠨᠢᠭᠡ ᠴᠣᠭᠴᠠᠵᠢᠭᠤᠯᠤᠭᠰᠠᠨ ᠪᠣᠳᠠᠲᠤ ᠪᠠᠢ᠌ᠯᠳᠤᠭ᠋ᠠᠨ᠎ᠤ ᠪᠣᠯᠪᠠᠰᠤᠷᠠᠯ᠎ᠢ ᠦᠷᠭᠦᠯᠵᠢᠯᠡᠨ ᠥᠷᠨᠢᠭᠦᠯᠵᠦ ᠂ ᠪᠦᠬᠦ ᠣᠷᠣᠨ᠎ᠤ ᠠᠵᠢᠯ᠎ᠤᠨ ᠪᠠᠢ᠌ᠷᠢ ᠵᠢᠨ ᠪᠣᠯᠪᠠᠰᠤᠷᠠᠯ ᠴᠠᠭᠳᠠᠭ᠎ᠠ ᠵᠢᠨ ᠪᠡᠶ᠎ᠡ ᠵᠢᠨ ᠲᠠᠮᠢᠷ᠎ᠤᠨ ᠤᠷ᠎ᠠ ᠴᠢᠳᠠᠪᠤᠷᠢ ᠵᠢᠨ ᠲᠠᠮᠢᠷ᠎ᠤᠨ ᠴᠤᠭᠯᠠᠭ᠋ᠠᠨ᠎ᠢ ᠥᠷᠨᠢᠭᠦᠯᠵᠦ ᠂ ᠡᠩᠨᠡᠭᠡ ᠵᠢᠨ ᠤᠨᠤᠯ᠎ᠤᠨ ᠲᠦᠪᠰᠢᠨ ᠪᠣᠯᠣᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠵᠦ ᠂ ᠡᠩᠨᠡᠭᠡ ᠵᠢᠨ ᠢᠮᠠᠭᠲᠠ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠨ ᠪᠠᠲᠤᠯᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠬᠠᠤᠯᠢᠵᠢᠯ᠎ᠤᠨ ᠪᠠᠢ᠌ᠭᠤᠯᠤᠯᠲᠠ ᠵᠢ ᠨᠡᠩ ᠴᠢᠬᠤᠯᠠᠴᠢᠯᠠᠵᠤ ᠂  ᠪᠠᠢ᠌ᠩᠭᠤ ᠵᠢᠨ ᠬᠠᠤᠯᠢ  ᠰᠤᠷᠤᠯᠴᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠳᠤᠷᠢᠳᠬᠤ ᠺᠠᠳ᠋ᠷ ᠲᠦᠷᠦᠭᠦᠯᠡᠨ ᠬᠠᠤᠯᠢ  ᠰᠤᠷᠤᠯᠴᠠᠬᠤ  ᠪᠠ ᠲᠤᠰᠬᠠᠢ ᠰᠡᠳᠦᠪᠲᠦ ᠪᠣᠯᠪᠠᠰᠤᠷᠠᠯ᠎ᠢ ᠨᠠᠢ᠌ᠳᠠᠪᠤᠷᠢᠵᠢᠭᠤᠯᠵᠤ ᠂ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ  ᠭᠡᠪᠡ᠃


图片4.png

 

 

 

 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠵᠢᠷᠭᠤᠭ᠋ᠠᠨ ᠥᠭᠦᠯᠡᠪᠦᠷᠢ》 ᠵᠢᠨ ᠪᠣᠳᠠᠲᠤ ᠬᠡᠷᠡᠭ ᠪᠠ ᠶᠣᠰᠣ ᠤᠴᠢᠷ᠎ᠢ ᠭᠦᠨᠵᠡᠭᠡᠢ ᠣᠢ᠌ᠯᠠᠭ᠋ᠠᠬᠤ ᠬᠡᠷᠡᠭᠲᠡᠢ (ᠨᠢᠭᠡ)
ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ 2 ᠳ᠋ᠤᠭ᠋ᠠᠷ ᠤᠳᠠᠭ᠎ᠠ ᠵᠢᠨ ᠠᠵᠢᠯ᠎ᠤᠨ ᠡᠭᠡᠯᠵᠢᠳᠦ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠭᠣᠣᠯᠳᠠᠯᠭ᠎ᠠ᠎ᠲᠠᠢ ᠠᠵᠢᠯ᠎ᠤᠨ ᠸᠢᠳᠢᠤ᠋ ᠲᠣᠬᠢᠷᠠᠭᠤᠯᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠠᠵᠢᠯ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ ᠪᠠᠢ ᠶᠦᠩ ᠫᠢᠩ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
ᠬᠥᠯᠥᠨ ᠪᠣᠶ᠋ᠢᠷ ᠬᠣᠲᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠬᠤᠷᠠᠯ ᠬᠤᠷᠠᠯᠳᠤᠭᠤᠯᠪᠠ
 
            