ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 17 ᠳ᠋ᠤᠭ᠋ᠠᠷ ᠤᠳᠠᠭ᠎ᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-11-07

      11  ᠰᠠᠷ᠎ᠠ ᠵᠢᠨ 2᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 17 ᠳ᠋ᠤᠭ᠋ᠠᠷ ᠤᠳᠠᠭ᠋ᠠᠨ᠎ᠤ ᠠᠵᠢᠯ᠎ᠤᠨ  ᠬᠤᠷᠠᠯ ᠬᠤᠷᠠᠯᠳᠤᠭᠤᠯᠵᠤ᠂ ᠡᠮᠦᠨᠡᠬᠢ  ᠱᠠᠲᠤᠨ᠎ᠤ ᠠᠵᠢᠯ ᠵᠶ᠋ᠠᠨ ᠳ᠋ᠦᠩᠨᠡᠵᠦ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ ᠵᠶ᠋ᠠᠨ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠸᠠᠩ ᠽᠢ ᠪᠢᠩ ᠬᠤᠷᠠᠯ ᠡᠷᠭᠢᠯᠡᠵᠦ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠭ᠎ᠤᠨ  ᠪᠦᠷᠢᠯᠳᠦᠭᠦᠨ᠂ ᠲᠣᠪᠴᠢᠶ᠎ᠠ ᠵᠢᠨ ᠪᠠᠢ᠌ᠭᠤᠯᠤᠯᠭ᠎ᠠ ᠵᠢᠨ ᠡᠯ᠎ᠡ ᠰᠠᠯᠠᠭ᠎ᠠ ᠲᠠᠰᠤᠭ᠎ᠤᠨ   ᠬᠠᠷᠢᠭᠤᠴᠠᠯᠭ᠋ᠠᠲᠠᠳ  ᠬᠤᠷᠠᠯ᠎ᠳᠤ ᠣᠷᠣᠯᠴᠠᠵᠠᠢ᠃


图片1.png


      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠬᠠᠤᠯᠢ ᠴᠠᠭ᠋ᠠᠵᠠ ᠵᠢᠨ  ᠰᠢᠰᠲ᠋ᠧᠮ᠎ᠤᠨ ᠤᠯᠤᠰ ᠲᠦᠷᠦ ᠵᠢᠨ ᠱᠠᠯᠠᠪᠳᠠᠭᠤᠯᠤᠨ ᠪᠠᠢ᠌ᠴᠠᠭ᠋ᠠᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠢ᠌ᠩᠭᠤ ᠵᠢᠨ ᠬᠢᠨᠠᠨ ᠵᠢᠯᠤᠭᠣᠳᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ ᠃ ᠬᠤᠷᠠᠯ᠎ᠠᠴᠠ  ᠵᠢᠭ᠋ᠠᠵᠤ ᠭᠠᠷᠭ᠋ᠠᠭᠰᠠᠨ᠎ᠨᠢ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ ᠂ ᠦᠵᠡᠯ ᠰᠠᠨᠠᠭ᠎ᠠ᠎ᠪᠠᠨ ᠨᠠᠮ᠎ᠤᠨ ᠬᠣᠷᠢᠶ᠎ᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠤᠯᠤᠰ ᠲᠦᠷᠦ ᠵᠢᠨ ᠱᠠᠯᠠᠪᠳᠠᠭᠤᠯᠤᠨ ᠪᠠᠢ᠌ᠴᠠᠭ᠋ᠠᠯᠳᠠ ᠵᠢ ᠨᠢᠭᠡ ᠤᠳᠠᠭ᠎ᠠ ᠵᠢᠨ ᠠᠰᠠᠭᠤᠳᠠᠯ᠎ᠢ  ᠢᠯᠡᠷᠡᠭᠦᠯᠵᠦ᠂ ᠠᠵᠢᠯ ᠵᠶ᠋ᠠᠨ ᠠᠬᠢᠭᠤᠯᠬᠤ ᠠᠰᠢᠭᠲᠠᠢ ᠠᠵᠠ ᠲᠣᠬᠢᠶᠠᠯ ᠵᠶ᠋ᠠᠷ ᠦᠵᠡᠵᠦ ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠳᠤ ᠪᠦᠬᠦ ᠬᠦᠴᠦᠨ᠂ ᠪᠦᠬᠦ ᠲᠠᠯ᠎ᠠ᠎ᠪᠠᠷ ᠂ ᠪᠦᠬᠦ ᠰᠡᠳᠬᠢᠯ ᠵᠶ᠋ᠡᠷ ᠵᠶ᠋ᠡᠨ ᠰᠠᠢ᠌ᠲᠤᠷ ᠬᠠᠮᠵᠢᠯᠴᠠᠬᠤ ᠬᠡᠷᠡᠭᠲᠡᠢ  ᠭᠡᠪᠡ᠃ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠵᠤ ᠂ ᠲᠤᠰ ᠤᠳᠠᠭ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠳᠤ ᠰᠢᠰᠲ᠋ᠧᠮᠲᠦ ᠰᠡᠳᠬᠢᠬᠦᠢ ᠂ ᠬᠠᠮᠲᠤ᠎ᠪᠠᠷ ᠡᠳ᠋ᠯᠡᠬᠦ ᠣᠢ᠌ᠯᠠᠭ᠋ᠠᠭᠳᠠᠬᠤᠨ᠎ᠢ ᠬᠡᠷᠡᠭᠯᠡᠬᠦ ᠵᠢ ᠪᠠᠷᠢᠮᠲᠠᠯᠠᠵᠤ ᠂ ᠴᠡᠭ᠎ᠠᠴᠠ ᠪᠦᠬᠦ ᠲᠠᠯ᠎ᠠ᠎ᠳᠤ ᠬᠦᠷᠲᠡᠯ᠎ᠡ ᠂ ᠡᠭᠦᠨ᠎ᠠᠴᠠ ᠲᠡᠭᠦᠨ᠎ᠳᠤ ᠬᠦᠷᠲᠡᠯ᠎ᠡ ᠂ ᠦᠨᠭᠭᠡᠨ ᠲᠠᠯ᠎ᠠ᠎ᠠᠴᠠ  ᠲᠣᠲᠤᠷᠠᠬᠢ ᠵᠢ  ᠴᠡᠭᠴᠡᠯᠡᠨ ᠰᠠᠢ᠌ᠵᠢᠷᠠᠭᠤᠯᠬᠤ ᠵᠢ ᠠᠳᠬᠤᠵᠤ ᠂ ᠨᠢᠭᠡ ᠤᠳᠠᠭ᠎ᠠ ᠴᠡᠭᠴᠡᠯᠡᠨ  ᠰᠠᠢ᠌ᠵᠢᠷᠠᠭᠤᠯᠪᠠᠯ᠂ ᠨᠢᠭᠡ ᠣᠷᠣᠨ ᠪᠦᠰᠡ ᠵᠢ ᠵᠠᠰᠠᠬᠤ ᠵᠢ ᠪᠠᠲᠤᠯᠠᠬᠤ ᠬᠡᠷᠡᠭᠲᠡᠢ ᠃ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂  ᠱᠠᠯᠠᠪᠳᠠᠨ  ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠤᠨ ᠠᠷᠤ᠎ᠳᠠᠬᠢ ᠦᠨᠳᠦᠰᠦ ᠰᠤᠷᠪᠤᠯᠵᠢ ᠵᠢᠨ ᠵᠠᠩᠭᠢᠯᠠᠭ᠎ᠠ ᠵᠢ ᠭᠦᠨᠵᠡᠭᠡᠢ ᠵᠠᠳᠠᠯᠵᠤ ᠂ ᠡᠷᠬᠡ ᠵᠢᠨ ᠠᠵᠢᠯᠯᠠᠭ᠋ᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢᠨ ᠴᠡᠭ ᠂ ᠬᠢᠨᠠᠯᠲᠠ ᠬᠠᠮᠢᠶᠠᠷᠤᠯᠲᠠ ᠵᠢᠨ ᠪᠠᠭᠤᠷᠠᠢ ᠲᠠᠯ᠎ᠠ ᠵᠢ ᠣᠨᠣᠪᠴᠢᠲᠠᠶ ᠡᠷᠢᠨ ᠣᠯᠵᠤ ᠂ ᠰᠡᠷᠭᠡᠢ᠌ᠯᠡᠨ ᠠᠷᠭ᠋ᠠᠴᠠᠬᠤ ᠰᠠᠨᠠᠯ᠎ᠢ ᠳᠤᠷᠠᠳᠤᠨ ᠭᠠᠷᠭ᠋ᠠᠵᠤ ᠂ ᠰᠤᠷᠲᠠᠯ᠎ᠢ ᠴᠡᠭᠴᠡᠯᠡᠨ ᠢᠯᠵᠠᠷᠠᠯ᠎ᠢ ᠡᠰᠡᠷᠭᠦᠴᠡᠬᠦ ᠂ ᠰᠤᠷᠭ᠋ᠠᠨ ᠬᠥᠮᠥᠵᠢᠭᠦᠯᠵᠦ ᠬᠢᠨᠠᠯᠲᠠ ᠲᠠᠯᠪᠢᠬᠤ ᠂ ᠴᠡᠭᠴᠡᠯᠡᠨ ᠵᠠᠰᠠᠬᠤ ᠠᠵᠢᠯ᠎ᠤᠨ ᠦᠷ᠎ᠡ ᠪᠦᠲᠦᠮᠵᠢ ᠵᠢ ᠴᠠᠭ ᠲᠤᠬᠠᠢ᠎ᠳᠤᠨᠢ ᠳᠦᠷᠢᠮ ᠲᠣᠭᠲᠠᠭ᠋ᠠᠯ ᠪᠣᠯᠭ᠋ᠠᠨ ᠪᠣᠯᠪᠠᠰᠤᠷᠠᠭᠤᠯᠤᠨ ᠲᠣᠭᠲᠠᠪᠤᠷᠢᠵᠢᠭᠤᠯᠵᠤ ᠂ ᠴᠡᠭᠴᠡᠯᠡᠨ ᠰᠠᠢ᠌ᠵᠢᠷᠠᠭᠤᠯᠬᠤ ᠪᠠ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠭᠦᠨᠵᠡᠭᠡᠢ᠌ᠷᠡᠭᠦᠯᠬᠦ ᠵᠢ ᠤᠶᠠᠯᠳᠤᠭᠤᠯᠵᠤ ᠂ 《  ᠣᠳᠣᠬᠠᠨ᠎ᠤ   ᠴᠡᠭᠴᠡᠯᠡᠨ ᠰᠠᠢ᠌ᠵᠢᠷᠠᠭᠤᠯᠤᠯᠳᠠ 》 ᠪᠠ 《  ᠤᠷᠳᠤ ᠬᠤᠭᠤᠴᠠᠭ᠎ᠠ᠎ᠪᠠᠷ   ᠪᠠᠷᠢᠮᠳᠠᠯᠠᠬᠤ 》 ᠵᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠢ ᠭᠡᠪᠡ᠃


图片2.png


      ᠬᠤᠷᠠᠯ᠎ᠠᠴᠠ  ᠴᠢᠬᠤᠯᠠᠴᠢᠯᠠᠭᠰᠠᠨ᠎ᠨᠢ᠂ ᠤᠯᠤᠰ ᠲᠦᠷᠦ ᠵᠢᠨ ᠱᠠᠯᠠᠪᠳᠠᠭᠤᠯᠤᠨ ᠪᠠᠢ᠌ᠴᠠᠭ᠋ᠠᠯᠲᠠ ᠪᠣᠯᠣᠨ ᠵᠠᠭᠤᠨ ᠡᠳᠦᠷ᠎ᠤᠨ ᠪᠣᠭᠣᠮᠲᠠ ᠰᠢᠪᠲᠤᠯᠬᠤ ᠬᠣᠶᠠᠷ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠭᠦᠢ᠍ᠴᠡᠳ ᠤᠶᠠᠯᠳᠤᠭᠤᠯᠵᠤ ᠂ ᠵᠣᠬᠢᠴᠠᠭᠤᠯᠤᠨ ᠬᠠᠮᠲᠤᠷᠠᠯᠴᠠᠬᠤ ᠂ ᠠᠵᠢᠯ ᠬᠤᠪᠢᠶᠠᠷᠢᠯᠠᠨ ᠬᠠᠮᠲᠤᠷᠠᠯᠴᠠᠬᠤ ᠵᠢ ᠴᠢᠩᠭ᠋ᠠᠳᠬᠠᠵᠤ ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠰᠠᠢ᠌ᠲᠤᠷ ᠬᠢᠵᠦ ᠪᠣᠳᠠᠲᠠᠢ ᠬᠢᠬᠦ ᠬᠡᠷᠡᠭᠲᠡᠢ ᠮᠥᠷᠲᠡᠭᠡᠨ ᠥᠪᠡᠷ᠎ᠤᠨ ᠲᠤᠰ ᠰᠠᠯᠠᠭ᠎ᠠ ᠮᠥᠴᠢᠷ᠎ᠤᠨ ᠠᠵᠢᠯ ᠵᠶ᠋ᠠᠨ ᠴᠢᠩᠭ᠎ᠠ ᠠᠳᠬᠤᠵᠤ ᠨᠠᠷᠢᠯᠢᠭ ᠠᠳᠬᠤᠬᠤ ᠬᠡᠷᠡᠭᠲᠡᠢ ᠃  ᠡᠭᠦᠷᠢᠳᠡ  ᠨᠢᠭᠡᠳᠦᠭᠡᠷ᠎ᠲᠤ ᠣᠷᠣᠬᠤ᠎ᠪᠠᠷ ᠲᠡᠮᠡᠴᠡᠬᠦ ᠠᠵᠢᠯ᠎ᠤᠨ ᠡᠷᠴᠢ ᠵᠣᠷᠢᠭ᠎ᠢ ᠢᠮᠠᠭᠲᠠ ᠪᠠᠷᠢᠮᠲᠠᠯᠠᠵᠤ ᠂ ᠠᠵᠢᠯ᠎ᠤᠨ ᠰᠤᠷᠲᠠᠯ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ ᠂ ᠠᠵᠢᠯ᠎ᠤᠨ ᠳᠤᠮᠳᠠ᠎ᠪᠠᠨ ᠠᠳᠠᠯᠢ ᠦᠭᠡᠢ ᠂ ᠲᠦᠰᠢᠭᠯᠡᠬᠦ ᠦᠭᠡᠢ ᠂ ᠤᠳᠠᠭ᠋ᠠᠰᠢᠷᠠᠭᠤᠯᠬᠤ ᠦᠭᠡᠢ ᠪᠠᠢ᠌ᠵᠤ ᠂ ᠠᠯᠵᠠᠭᠤ ᠬᠣᠢ᠌ᠷᠭᠤ  ᠦᠵᠡᠯ ᠰᠠᠨᠠᠭ᠎ᠠ ᠵᠢ ᠲᠠᠶᠠᠭᠳᠠᠵᠤ ᠂ ᠠᠰᠠᠭᠤᠳᠠᠯ᠎ᠢ ᠦᠵᠡᠵᠦ ᠤᠴᠢᠷ ᠶᠠᠪᠤᠳᠠᠯ᠎ᠢ ᠬᠢᠬᠦ᠎ᠳᠡᠭᠡᠨ ᠭᠦᠨᠵᠡᠭᠡᠢ ᠠᠭᠤᠳᠠᠯᠵᠤ ᠂ ᠨᠠᠷᠢᠨ ᠨᠢᠭᠲᠠ ᠪᠣᠳᠣᠯᠬᠢᠯᠠᠵᠤ ᠂ ᠰᠡᠳᠦᠪ᠎ᠢ᠎ᠨᠢ  ᠬᠢᠨᠠᠵᠤ  ᠴᠢᠳᠠᠬᠤ ᠮᠥᠷᠲᠡᠭᠡᠨ ᠪᠠᠰᠠ ᠰᠢᠯᠭ᠋ᠠᠯᠲᠠ ᠵᠢᠨ ᠬᠠᠭᠤᠳᠠᠰᠤ ᠵᠢ᠎ᠨᠢ ᠰᠠᠢ᠌ᠲᠤᠷ ᠲᠤᠰᠢᠶᠠᠬᠤ ᠬᠡᠷᠡᠭᠲᠡᠢ ᠃ ᠪᠡᠯᠴᠢᠷ  ᠳᠠᠷᠤᠬᠤ ᠮᠠᠶᠢᠭ᠎ᠤᠨ ᠬᠢᠨᠠᠨ ᠵᠢᠯᠤᠭᠣᠳᠴᠤ ᠪᠠᠢ᠌ᠴᠠᠭ᠋ᠠᠬᠤ ᠂ ᠵᠠᠭᠤᠨ ᠡᠳᠦᠷ᠎ᠤᠨ ᠪᠣᠭᠣᠮᠲᠠ ᠰᠢᠪᠲᠤᠯᠬᠤ ᠲᠤᠰᠬᠠᠢ ᠠᠵᠢᠯᠯᠠᠭ᠎ᠠ ᠵᠢᠨ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠪᠦᠬᠦ ᠲᠠᠯ᠎ᠠ᠎ᠪᠠᠷ ᠡᠮᠬᠢᠯᠡᠵᠦ ᠂ ᠬᠠᠷᠢᠭᠤᠴᠠᠯᠭ᠋ᠠᠲᠤ ᠰᠠᠯᠠᠭ᠎ᠠ ᠮᠥᠴᠢᠷ ᠂ ᠬᠠᠷᠢᠭᠤᠴᠠᠯᠭ᠋ᠠᠲᠤ ᠬᠥᠮᠥᠰ᠎ᠢ ᠲᠣᠳᠣᠷᠬᠠᠢ᠌ᠯᠠᠵᠤ ᠂ ᠵᠦᠢ᠍ᠯ ᠳᠠᠷᠠᠭ᠋ᠠᠯᠠᠨ ᠱᠠᠯᠠᠪᠳᠠᠭᠤᠯᠤᠨ ᠰᠢᠢ᠍ᠳᠪᠦᠷᠢᠯᠡᠵᠦ ᠂ ᠴᠡᠭᠴᠡᠯᠡᠨ ᠰᠠᠢ᠌ᠵᠢᠷᠠᠭᠤᠯᠬᠤ᠎ᠪᠠᠨ ᠴᠢᠩᠭ᠋ᠠᠳᠬᠠᠵᠤ ᠂ ᠠᠰᠠᠭᠤᠳᠠᠯ ᠨᠡᠯᠢᠶᠡᠳ ᠤᠯᠠᠨ ᠣᠷᠣᠰᠢᠵᠤ ᠪᠠᠢ᠌ᠭ᠎ᠠ  ᠨᠢᠭᠡᠴᠢ᠎ᠲᠠᠢ ᠪᠣᠯᠵᠣᠨ ᠶᠠᠷᠢᠯᠴᠠᠵᠤ ᠂ ᠤᠯᠠᠨ᠎ᠳᠤ ᠮᠡᠳᠡᠭᠳᠡᠵᠦ ᠂ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ  ᠭᠡᠪᠡ᠃


图片3.png


      ᠬᠤᠷᠠᠯ ᠎ᠠᠴᠠ ᠱᠠᠭ᠋ᠠᠷᠳᠠᠭᠰᠠᠨ᠎ᠨᠢ᠂ ᠡᠯ᠎ᠡ ᠵᠦᠢ᠍ᠯ᠎ᠤᠨ ᠠᠵᠢᠯ ᠨᠢᠭᠡᠨᠲᠡ 《ᠡᠷᠭᠢᠵᠦ ᠬᠠᠷᠠᠬᠤ》 ᠪᠠ ᠰᠢᠯᠭ᠋ᠠᠨ  ᠠᠪᠬᠤ ᠱᠠᠲᠤᠨ᠎ᠳᠤ ᠭᠦᠷᠦᠭᠰᠡᠨ ᠪᠣᠯᠬᠣᠷ ᠵᠢᠯ᠎ᠤᠨ ᠡᠬᠢᠨ᠎ᠤ ᠠᠵᠢᠯ᠎ᠤᠨ ᠡᠭᠦᠷᠭᠡ᠎ᠲᠠᠢ ᠬᠠᠷᠢᠴᠠᠭᠤᠯᠵᠤ᠂ ᠡᠯ᠎ᠡ ᠵᠦᠢ᠍ᠯ᠎ᠤᠨ ᠠᠵᠢᠯ ᠵᠶ᠋ᠠᠨ ᠪᠡᠶᠡᠯᠡᠭᠦᠯᠦᠭᠰᠡᠨ ᠪᠠᠢ᠌ᠳᠠᠯ ᠎ᠢ ᠡᠮᠬᠢᠯᠡᠵᠦ᠂ ᠠᠵᠢᠯ᠎ᠤᠨ ᠳᠤᠮᠳᠠᠬᠢ ᠰᠠᠢ᠌ᠨ ᠲᠤᠷᠰᠢᠯᠭ᠎ᠠ ᠰᠠᠢ᠌ᠨ ᠠᠷᠭ᠎ᠠ ᠬᠢᠳᠡᠯ ᠎ᠢ ᠳ᠋ᠦᠩᠨᠡᠵᠦ᠂ ᠪᠣᠯᠪᠠᠰᠤᠷᠠᠭᠤᠯᠵᠤ᠂ ᠳᠡᠯᠭᠡᠷᠡᠭᠦᠯᠵᠦ᠂ ᠲᠤᠬᠠᠢ᠌ᠯᠠᠭᠰᠠᠨ ᠠᠵᠢᠯ  ᠎ᠢ ᠰᠤᠳᠤᠯᠬᠤ᠂ ᠠᠵᠢᠯ  ᠎ᠢ ᠰᠤᠳᠤᠯᠬᠤ ᠰᠠᠢ᠌ᠨ ᠰᠠᠢ᠌ᠬᠠᠨ ᠠᠭᠤᠷ ᠠᠮᠢᠰᠬᠤᠯ ᠎ᠢ ᠪᠣᠶ ᠪᠣᠯᠭ᠋ᠠᠵᠤ᠂ ᠬᠣᠣᠷ  ᠲᠠᠲᠠᠬᠤ ᠵᠢ ᠵᠣᠭᠰᠤᠭ᠋ᠠᠬᠤ ᠨᠢᠭᠡ ᠪᠦᠯᠦᠭ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ ᠎ᠢ ᠪᠣᠶ ᠪᠣᠯᠭ᠋ᠠᠬᠤ ᠬᠡᠷᠡᠭᠲᠡᠢ᠃ ᠠᠮᠤᠷ ᠲᠦᠪᠰᠢᠨ᠎ᠤ ᠠᠵᠢᠯ᠎ᠤᠨ ᠬᠣᠷᠢᠭ᠎ᠠ ᠱᠤᠭᠤᠮ᠎ᠢ ᠰᠠᠢ᠌ᠲᠤᠷ ᠰᠠᠬᠢᠬᠤ ᠵᠢ ᠢᠮᠠᠭᠲᠠ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭ᠋ᠠᠷᠳᠠᠵᠤ ᠂ ᠲᠠᠯᠠᠪᠤᠷ ᠭᠠᠵᠠᠷ᠎ᠤᠨ ᠦᠷᠭᠦᠯᠵᠢᠯᠡᠨ ᠠᠮᠤᠷ  ᠲᠦᠪᠰᠢᠨ ᠲᠣᠭᠲᠠᠭᠤᠨ ᠪᠠᠢ᠌ᠬᠤ ᠵᠢ ᠪᠠᠲᠤᠯᠠᠬᠤ ᠬᠡᠷᠡᠭᠲᠡᠢ ᠃ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠠᠢ᠌ᠭ᠋ᠠᠳ ᠵᠠᠯᠠᠷᠠᠭᠤᠯᠤᠨ ᠵᠠᠰᠠᠬᠤ ᠬᠢᠷᠢ ᠲᠦᠪᠰᠢᠨ᠂ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠵᠦ᠂ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠷᠢᠭ᠎ᠠ ᠱᠤᠭᠤᠮ᠎ᠢ ᠰᠠᠬᠢᠬᠤ᠂ ᠵᠠᠯᠠᠷᠠᠭᠤᠯᠤᠨ ᠵᠠᠰᠠᠬᠤ ᠰᠠᠯᠠᠭ᠎ᠠ ᠮᠥᠴᠢᠷ᠎ᠤᠨ  ᠰᠢᠯᠢᠳᠡᠭ ᠦᠷ᠎ᠡ ᠪᠦᠲᠦᠮᠵᠢ  ᠭᠠᠷᠭ᠋ᠠᠬᠤ᠂ ᠪᠤᠰᠤᠳ ᠰᠠᠯᠠᠭ᠎ᠠ ᠮᠥᠴᠢᠷ᠎ᠤᠨ᠎ᠬᠢᠨ ᠰᠢᠯᠢᠳᠡᠭ ᠪᠠᠲᠤᠯᠠᠭ᠎ᠠ᠎ᠲᠠᠢ ᠪᠠᠢ᠌ᠬᠤ ᠠᠵᠢᠯ᠎ᠤᠨ ᠪᠠᠢ᠌ᠷᠢᠰᠢᠯ᠎ᠢ ᠭᠦᠢ᠍ᠴᠡᠳ ᠪᠣᠶ ᠪᠣᠯᠭ᠋ᠠᠵᠤ᠂ ᠥᠪᠥᠷ ᠮᠣᠩᠭᠣᠯ᠎ᠤᠨ ᠥᠪᠡᠷ᠎ᠤᠨ ᠬᠣᠣᠷ ᠲᠠᠲᠠᠬᠤ ᠵᠢ ᠵᠣᠭᠰᠤᠭ᠋ᠠᠬᠤ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠤᠨ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠲᠦᠯᠬᠢᠨ ᠠᠬᠢᠭᠤᠯᠬᠤ ᠬᠡᠷᠡᠭᠲᠡᠢ  ᠭᠡᠪᠡ ᠃

 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ ᠭᠣᠣᠯᠳᠠᠯᠭ᠎ᠠ᠎ᠲᠠᠢ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
《ᠵᠢᠷᠭᠤᠭ᠋ᠠᠨ ᠥᠭᠦᠯᠡᠪᠦᠷᠢ》 ᠵᠢᠨ ᠪᠣᠳᠠᠲᠤ ᠬᠡᠷᠡᠭ ᠪᠠ ᠶᠣᠰᠣ ᠤᠴᠢᠷ᠎ᠢ ᠭᠦᠨᠵᠡᠭᠡᠢ ᠣᠢ᠌ᠯᠠᠭ᠋ᠠᠬᠤ ᠬᠡᠷᠡᠭᠲᠡᠢ (ᠨᠢᠭᠡ)
ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ 2 ᠳ᠋ᠤᠭ᠋ᠠᠷ ᠤᠳᠠᠭ᠎ᠠ ᠵᠢᠨ ᠠᠵᠢᠯ᠎ᠤᠨ ᠡᠭᠡᠯᠵᠢᠳᠦ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠭᠣᠣᠯᠳᠠᠯᠭ᠎ᠠ᠎ᠲᠠᠢ ᠠᠵᠢᠯ᠎ᠤᠨ ᠸᠢᠳᠢᠤ᠋ ᠲᠣᠬᠢᠷᠠᠭᠤᠯᠬᠤ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠠᠵᠢᠯ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ ᠪᠠᠢ ᠶᠦᠩ ᠫᠢᠩ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
 
            