ᠲᠡᠷᠢᠭᠦᠨ᠎ᠤ ᠬᠢ ᠵᠢ ᠵᠣᠷᠢᠭᠵᠢᠭᠤᠯᠵᠤ ᠡᠩᠨᠡᠭᠡ ᠵᠢ ᠤᠷᠮᠠᠰᠢᠭᠤᠯᠤᠨ᠂ ᠠᠷᠠᠳ᠎ᠤᠨ ᠰᠢᠭᠦᠬᠦ ᠬᠣᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠴᠢᠨᠠᠷ ᠰᠠᠢ᠌ᠲᠠᠢ ᠬᠦᠭᠵᠢᠯᠲᠡ ᠵᠢ ᠠᠬᠢᠭᠤᠯᠬᠤ ᠵᠢᠨ ᠲᠦᠯᠦᠭᠡ᠂ ᠲᠦᠷᠦᠭᠦᠬᠡᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠎ᠠᠴᠠ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠲᠠᠯ᠎ᠠ᠎ᠪᠠᠷ ᠳᠣᠪᠤᠢ᠌ᠮ᠎ᠠ ᠠᠮᠵᠢᠯᠲᠠ ᠪᠦᠲᠦᠮᠵᠢ ᠭᠠᠷᠭ᠋ᠠᠭᠰᠠᠨ100 ᠬᠠᠮᠲᠤ᠂100 ᠬᠣᠪᠢ ᠬᠥᠮᠦᠨ᠎ᠢ ᠵᠠᠷᠯᠠᠨ ᠨᠡᠢ᠌ᠲᠡᠯᠡᠵᠦ ᠰᠠᠢ᠌ᠰᠢᠶᠠᠬᠤ᠎ᠪᠠᠷ ᠲᠣᠭᠲᠠᠪᠠ᠃ ᠡᠭᠦᠨ᠎ᠳᠤ ᠮᠠᠨ᠎ᠤ ᠤᠷᠤᠨ᠎ᠤ ᠰᠢᠭᠦᠬᠦ ᠬᠣᠷᠢᠶ᠎ᠠ ᠵᠢᠨ 3 ᠬᠠᠮᠲᠤ᠂ 3 ᠬᠤᠪᠢ ᠬᠥᠮᠦᠨ ᠪᠣᠢ᠃
ᠤᠢ᠍ᠯᠠᠭ᠋ᠠᠬᠰᠠᠨ ᠵᠶ᠋ᠡᠷ ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠲᠢᠩᠬᠢᠮ᠂ ᠲᠦᠩᠯᠢᠶᠣᠣ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠲᠢᠩᠬᠢᠮ ᠪᠠ ᠬᠦᠯᠦᠨ ᠪᠣᠢ᠌ᠷ ᠬᠣᠲᠠ ᠵᠢᠨ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠲᠡᠷᠢᠭᠦᠨ᠎ᠤ ᠬᠠᠮᠲᠤ᠎ᠪᠠᠷ ᠰᠠᠢ᠌ᠰᠢᠶᠠᠭᠳᠠᠵᠤ᠂ ᠪᠣᠭᠤᠲᠤ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠲᠢᠩᠬᠢᠮ᠎ᠤᠨ ᠳᠡᠳ᠋ ᠳᠠᠷᠤᠭ᠎ᠠ ᠷᠸᠨ ᠰᠢᠶᠤᠤ ᠯᠢ᠂ ᠤᠯᠠᠭ᠋ᠠᠨᠬᠠᠳᠠ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠤᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠲᠢᠩᠬᠢᠮ᠎ᠤᠨ ᠰᠢᠭᠦᠭᠴᠢ ᠯᠢ ᠵᠸ᠂ ᠬᠦᠪᠡᠭᠡᠲᠦ ᠰᠢᠷ᠎ᠠ ᠬᠤᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠳᠡᠳ᠋ ᠳᠠᠷᠤᠭ᠎ᠠ ᠱᠤ᠌ ᠭᠤᠸᠠᠩ ᠠᠷᠠᠳ᠎ᠤᠨ ᠰᠢᠭᠦᠬᠦ ᠬᠤᠷᠢᠶᠠᠨ᠎ᠤ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠠᠵᠢᠯ᠎ᠤᠨ ᠲᠡᠷᠢᠭᠦᠨ᠎ᠤ ᠬᠤᠪᠢ ᠬᠥᠮᠦᠨ ᠵᠶ᠋ᠡᠷ ᠰᠠᠢ᠌ᠰᠢᠶᠠᠭᠳᠠᠪᠠ᠃
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠍ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠦ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠪᠠ ᠤᠯᠤᠰ ᠤᠷᠤᠨ᠎ᠤ ᠠᠵᠢᠯ᠎ᠤᠨ ᠶᠡᠬᠡ ᠲᠠᠯ᠎ᠠ᠎ᠲᠠᠢ ᠨᠢᠭᠲᠠ ᠤᠶᠠᠯᠳᠤᠭᠤᠯᠤᠨ᠂ ᠦᠨᠳᠦᠰᠦᠨ ᠬᠠᠤᠯᠢ ᠬᠠᠤᠯᠢ ᠴᠠᠭ᠋ᠠᠵᠠ ᠵᠢᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠵᠠᠰᠠᠭ ᠵᠠᠬᠢᠷᠭ᠋ᠠᠨ᠎ᠤ ᠰᠢᠭᠦᠨ ᠲᠠᠰᠤᠯᠬᠤ ᠡᠭᠦᠷᠭᠡ ᠴᠢᠳᠠᠪᠬᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠂ ᠠᠷᠠᠳ ᠤᠯᠠᠨ᠎ᠤ ᠬᠠᠤᠯᠢ ᠶᠣᠰᠤᠨ᠎ᠤ ᠡᠷᠬᠡ ᠠᠰᠢᠭ᠎ᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠵᠤ᠂ ᠬᠠᠤᠯᠢᠵᠢᠯ᠎ᠤᠨ ᠵᠠᠰᠠᠭ᠎ᠤᠨ ᠤᠷᠤᠯᠳᠤᠨᠤ ᠪᠠᠢ᠌ᠭᠤᠯᠤᠯᠲᠠ ᠪᠠ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃