ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ᠎ᠤ ᠵᠠᠷ ᠮᠡᠳᠡᠭᠡ ᠵᠢ ᠰᠢᠯᠭ᠋ᠠᠨ ᠪᠠᠢ᠌ᠴᠠᠭ᠋ᠠᠵᠤ ᠬᠢᠨᠠᠨ ᠬᠠᠮᠢᠶᠡᠷᠬᠤ ᠠᠵᠢᠯᠯᠠᠭ᠎ᠠ ᠦᠷᠨᠢᠬᠦᠯᠪᠠ
ᠨᠡᠶ᠋ᠢᠲᠡᠯᠡᠭᠰᠡᠨ ᠴᠠᠭ᠄ 2023-02-05

      ᠲᠦᠷᠦᠬᠦᠭᠡᠨ  ᠰᠤᠷᠪᠤᠯᠵᠢᠯᠠᠭᠴᠢ ᠥᠪᠡᠷᠲᠡᠭᠡᠨ ᠵᠠᠰᠠᠬᠤ  ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ   ᠬᠠᠮᠢᠶᠠᠷᠤᠯᠲᠠ ᠵᠢᠨ ᠲᠣᠪᠴᠢᠶ᠎ᠠ᠎ᠠᠴᠠ ᠤᠢ᠍ᠯᠠᠭ᠋ᠠᠭᠰᠠᠨ ᠵᠶ᠋ᠠᠷ᠂ ᠪᠦᠬᠦ  ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ   ᠬᠠᠮᠢᠶᠠᠷᠤᠯᠲᠠ ᠵᠢᠨ ᠰᠢᠰᠲ᠋ᠧᠮ᠎ᠤᠨ᠎ᠬᠢᠨ ᠴᠠᠭ᠋ᠠᠨ ᠰᠠᠷ᠎ᠠ ᠵᠢᠨ  ᠬᠤᠭᠤᠴᠠᠭ᠋ᠠᠨ᠎ᠤ ᠵᠠᠷ  ᠮᠡᠳᠡᠭᠡ ᠵᠢ ᠰᠢᠯᠭ᠋ᠠᠨ   ᠪᠠᠢ᠌ᠴᠠᠭ᠋ᠠᠵᠤ ᠬᠢᠨᠠᠨ ᠬᠠᠮᠢᠶᠠᠷᠬᠤ ᠠᠵᠢᠯᠯᠠᠭ᠎ᠠ ᠦᠷᠨᠢᠭᠦᠯᠵᠦ᠂ ᠣᠳᠣᠬᠠᠨ ᠪᠣᠯᠲᠠᠯ᠎ᠠ᠂ ᠬᠠᠤᠯᠢ  ᠬᠡᠷᠭᠡᠵᠢᠭᠦᠯᠬᠦ   ᠠᠵᠢᠯᠲᠠᠨ ᠨᠡᠢ᠌ᠲᠡ 1186 ᠬᠥᠮᠦᠨ ᠤᠳᠠᠭ᠎ᠠ ᠬᠥᠳᠡᠯᠭᠡᠵᠦ᠂ ᠵᠠᠬ᠎ᠠ ᠳᠡᠯᠭᠡᠭᠦᠷ᠎ᠤᠨ ᠭᠤᠤᠯ  ᠴᠣᠭᠴᠠ ᠵᠢ 628 ᠡᠷᠦᠬᠡ ᠤᠳᠠᠭ᠎ᠠ  ᠪᠠᠢ᠌ᠴᠠᠭ᠋ᠠᠪᠠ ᠃

      1 ᠰᠠᠷ᠎ᠠ ᠵᠢᠨ 21᠎ᠠᠴᠠ 27᠎ᠤ  ᠡᠳᠦᠷ ᠪᠣᠯᠲᠠᠯ᠎ᠠ᠂ ᠥᠪᠡᠷᠲᠡᠭᠡᠨ ᠵᠠᠰᠠᠬᠤ  ᠤᠷᠤᠨ᠎ᠤ ᠢᠨᠲ᠋ᠧᠷ   ᠰᠦᠯᠵᠢᠶᠡᠨ᠎ᠤ ᠵᠠᠷ  ᠮᠡᠳᠡᠭᠡ ᠵᠢ ᠬᠢᠨᠠᠨ  ᠪᠠᠢ᠌ᠴᠠᠭ᠋ᠠᠬᠤ  ᠲᠠᠪᠴᠠᠩ ᠢᠨᠲ᠋ᠧᠷ  ᠰᠦᠯᠵᠢᠶᠡᠨ᠎ᠤ ᠵᠠᠷ  ᠮᠡᠳᠡᠭᠡ ᠵᠢ   ᠨᠡᠢ᠌ᠲᠡ 42566 ᠵᠤᠷᠪᠤᠰ ᠤᠳᠠᠭ᠎ᠠ ᠬᠢᠨᠠᠨ  ᠪᠠᠢ᠌ᠴᠠᠭ᠋ᠠᠵᠤ᠂ ᠥᠪᠡᠷᠲᠡᠭᠡᠨ ᠵᠠᠰᠠᠬᠤ  ᠤᠷᠤᠨ᠎ᠤ ᠤᠯᠠᠮᠵᠢᠯᠠᠯᠲᠤ ᠵᠠᠭᠤᠴᠢᠯᠠᠭᠤᠷ᠎ᠤᠨ  ᠵᠠᠷ  ᠮᠡᠳᠡᠭᠡ ᠵᠢ ᠬᠢᠨᠠᠨ  ᠪᠠᠢ᠌ᠴᠠᠭ᠋ᠠᠬᠤ  ᠲᠠᠪᠴᠠᠩ ᠪᠥᠬᠥ  ᠤᠷᠤᠨ᠎ᠤ ᠠᠢ᠌ᠮᠠᠭ   ᠬᠣᠲᠠ ᠵᠢᠨ   ᠱᠠᠲᠤᠨ᠎ᠠᠴᠠ ᠳᠡᠭᠡᠭᠰᠢᠬᠢ 74 ᠤᠯᠠᠮᠵᠢᠯᠠᠯᠲᠤ ᠵᠠᠭᠤᠴᠢᠯᠠᠭᠤᠷ᠎ᠤᠨ  ᠡᠯ᠎ᠡ ᠲᠥᠷᠥᠯ᠎ᠤᠨ ᠵᠠᠷ  ᠮᠡᠳᠡᠭᠡ ᠵᠢ  ᠨᠡᠢ᠌ᠲᠡ 22932 ᠵᠤᠷᠪᠤᠰ ᠤᠳᠠᠭ᠎ᠠ ᠬᠢᠨᠠᠨ  ᠪᠠᠢ᠌ᠴᠠᠭ᠋ᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠤ  ᠪᠥᠬᠥ  ᠤᠷᠤᠨ᠎ᠤ ᠵᠠᠷ  ᠮᠡᠳᠡᠭᠡ ᠵᠢᠨ ᠵᠠᠬ᠎ᠠ ᠳᠡᠯᠭᠡᠭᠦᠷ᠎ᠤᠨ ᠡᠮᠬᠢ  ᠲᠢᠭᠯᠢᠮ᠎ᠤᠨ ᠲᠤᠭᠲᠠᠭᠤᠨ ᠎ᠢ  ᠬᠦᠴᠦᠲᠡᠢ ᠪᠠᠲᠤᠯᠠᠪᠠ᠃

      ᠤᠢ᠍ᠯᠠᠭ᠋ᠠᠭᠰᠠᠨ ᠵᠶ᠋ᠠᠷ᠂ ᠲᠤᠰ ᠤᠳᠠᠭ᠋ᠠᠨ᠎ᠤ  ᠵᠠᠷ ᠮᠡᠳᠡᠭᠡ ᠵᠢᠨ ᠵᠠᠬ᠎ᠠ ᠳᠡᠯᠭᠡᠭᠦᠷ᠎ᠲᠤ ᠬᠢᠨᠠᠯᠲᠠ ᠲᠠᠯᠪᠢᠬᠤ ᠠᠵᠢᠯᠯᠠᠭ᠎ᠠ᠎ᠨᠢ ᠭᠤᠤᠯᠳᠠᠭᠤ ᠳᠤᠤᠷᠠᠬᠢ ᠭᠤᠷᠪᠠᠨ ᠲᠠᠯ᠎ᠠ᠎ᠳᠤ ᠠᠡᠭᠬᠠᠷᠤᠯ ᠵᠶ᠋ᠠᠨ ᠲᠦᠪᠯᠡᠷᠡᠭᠦᠯᠪᠡ᠃   ᠨᠢᠭᠡ᠎ᠳᠤ᠂ ᠵᠠᠷ  ᠮᠡᠳᠡᠭᠡ ᠵᠢᠨ ᠤᠳᠤᠷᠢᠳᠤᠮᠵᠢ ᠵᠢᠨ ᠬᠢᠨᠠᠯᠲᠠ  ᠬᠠᠮᠢᠶᠠᠷᠤᠯᠲᠠ ᠵᠢ ᠦᠨᠡᠨ ᠬᠦ᠌ ᠴᠢᠩᠭ᠋ᠠᠳᠭ᠋ᠠᠵᠤ᠂ ᠶᠣᠰᠣ  ᠰᠤᠷᠲᠠᠬᠤᠨ᠎ᠤ ᠬᠣᠷᠢᠭ᠎ᠠ ᠱᠤᠭᠤᠮ᠎ᠳᠤ  ᠬᠠᠯᠳᠠᠭᠰᠠᠨ᠂  ᠨᠡᠢ᠌ᠭᠡᠮ ᠨᠡᠢ᠌ᠲᠡ ᠵᠢᠨ  ᠠᠩᠬᠠᠷᠤᠯ᠎ᠢ   ᠲᠠᠲᠠᠭᠰᠠᠨ ᠬᠤᠳᠠᠯ ᠬᠠᠭᠤᠷᠮᠠᠭ ᠬᠠᠤᠯᠢ᠎ᠠᠴᠠ ᠵᠦᠷᠢᠴᠡᠭᠰᠡᠨ ᠵᠠᠷ  ᠮᠡᠳᠡᠭᠡ ᠵᠢ ᠬᠠᠤᠯᠢ ᠶᠣᠰᠣᠭ᠋ᠠᠷ ᠴᠢᠩᠭ᠎ᠠ   ᠪᠠᠢ᠌ᠴᠠᠭ᠋ᠠᠨ ᠰᠢᠢ᠍ᠳᠪᠦᠷᠢᠯᠡᠪᠡ; 《ᠳᠠᠷᠤᠭ᠎ᠠ ᠺᠠᠳ᠋ᠷ᠎ᠲᠤ ᠪᠡᠯᠡᠭ ᠬᠦᠷᠭᠡᠬᠦ》 ᠵᠡᠷᠭᠡ  ᠲᠦᠷᠦᠭ᠎ᠤᠨ ᠪᠠᠢ᠌ᠭᠤᠯᠭ᠎ᠠ᠂ ᠲᠦᠷᠦᠭ᠎ᠤᠨ ᠪᠠᠢ᠌ᠭᠤᠯᠭ᠎ᠠ ᠵᠢᠨ ᠠᠵᠢᠯᠲᠠᠨ᠎ᠤ  ᠨᠡᠷ᠎ᠡ ᠪᠤᠶᠤ ᠳᠦᠷᠢ  ᠳᠦᠷᠬᠦ ᠵᠢ ᠠᠰᠢᠭᠯᠠᠨ ᠵᠠᠷ ᠮᠡᠳᠡᠭᠡ ᠤᠬᠠᠭᠤᠯᠬᠤ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ   ᠪᠠᠢ᠌ᠴᠠᠭ᠋ᠠᠨ ᠰᠢᠢ᠍ᠳᠪᠦᠷᠢᠯᠡᠪᠡ ;  ᠲᠥᠪ   ᠬᠤᠷᠢᠶᠠᠨ᠎ᠤ ᠨᠠᠢ᠍ᠮᠠᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ  ᠵᠦᠷᠢᠴᠡᠭᠰᠡᠨ  ᠵᠢᠴᠢ ᠱᠠᠯᠢᠨ ᠪᠦᠷᠢᠯᠭᠡᠬᠦ ᠰᠤᠷᠲᠠᠯ᠂ ᠵᠣᠭᠣᠰ  ᠮᠦᠩᠭᠦᠨ᠎ᠳᠤ ᠰᠢᠨᠤᠬᠠᠢ᠌ᠷᠠᠬᠤ ᠦᠵᠡᠯ᠂ ᠣᠨᠴᠠ  ᠡᠷᠬᠡ ᠵᠢᠨ ᠦᠵᠡᠯ ᠰᠠᠨᠠᠭ᠎ᠠ᠂ ᠬᠡᠲᠦᠷᠡᠲᠡᠯ᠎ᠡ   ᠬᠡᠷᠡᠭᠯᠡᠭᠡ ᠬᠢᠬᠦ ᠵᠢ  ᠤᠬᠠᠭᠤᠯᠤᠭᠰᠠᠨ ᠡᠯ᠎ᠡ ᠲᠥᠷᠥᠯ᠎ᠤᠨ ᠬᠤᠳᠠᠯ ᠬᠠᠭᠤᠷᠮᠠᠭ  ᠬᠠᠤᠯᠢ᠎ᠠᠴᠠ ᠵᠥᠷᠢᠴᠡᠭ᠍ᠰᠡᠨ ᠵᠠᠷ  ᠮᠡᠳᠡᠭᠡ ᠵᠢ ᠬᠠᠤᠯᠢ ᠶᠣᠰᠣᠭ᠋ᠠᠷ ᠴᠢᠩᠭ᠎ᠠ  ᠪᠠᠢ᠌ᠴᠠᠭ᠋ᠠᠨ ᠰᠢᠢ᠍ᠳᠪᠦᠷᠢᠯᠡᠪᠡ ᠃ ᠬᠣᠶᠠᠷ᠎ᠲᠤ᠂  ᠬᠢᠵᠢᠭ᠎ᠤᠨ ᠪᠠᠢ᠌ᠳᠠᠯ᠎ᠳᠤ ᠬᠣᠯᠪᠤᠭᠳᠠᠭᠰᠠᠨ ᠵᠠᠷ ᠮᠡᠳᠡᠭᠡ᠎ᠳᠤ ᠬᠢᠨᠠᠯᠲᠠ ᠲᠠᠯᠪᠢᠵᠤ  ᠪᠠᠢ᠌ᠴᠠᠭ᠋ᠠᠬᠤ᠎ᠪᠠᠨ ᠦᠨᠡᠨ  ᠬᠦ᠌ ᠴᠢᠩᠭ᠋ᠠᠳᠭ᠋ᠠᠵᠤ᠂   ᠬᠢᠵᠢᠭ᠎ᠤᠨ ᠪᠠᠢ᠌ᠳᠠᠯ᠎ᠢ ᠠᠰᠢᠭᠯᠠᠨ ᠬᠤᠳᠠᠯᠳᠤᠭ᠋ᠠᠨ᠎ᠤ ᠵᠠᠷ ᠮᠡᠳᠡᠭᠡ ᠲᠠᠯᠪᠢᠵᠤ ᠡᠵᠡᠩᠨᠡᠨ ᠪᠣᠷᠣᠯᠠᠭᠤᠯᠬᠤ ᠤᠬᠠᠭᠤᠯᠭ᠎ᠠ  ᠬᠢᠬᠦ ᠵᠢ ᠬᠠᠤᠯᠢ ᠶᠣᠰᠣᠭ᠋ᠠᠷ ᠴᠢᠩᠭ᠎ᠠ   ᠪᠠᠢ᠌ᠴᠠᠭ᠋ᠠᠨ ᠰᠢᠢ᠍ᠳᠪᠦᠷᠢᠯᠡᠪᠡ ; 《  ᠰᠢᠨ᠎ᠡ ᠲᠢᠲᠢᠮᠯᠢᠭ ᠸᠢᠷᠦ᠋ᠰ》᠎ᠢ  ᠤᠷᠢᠳᠴᠢᠯᠠᠨ ᠰᠡᠷᠭᠡᠢ᠍ᠯᠡᠬᠦ᠂ ᠡᠵᠡᠮᠳᠡᠬᠦ᠂ ᠡᠮᠨᠡᠨ ᠡᠳᠡᠭᠡᠷᠡᠭᠦᠯᠬᠦ᠂ ᠣᠨᠴᠠ ᠵᠣᠷ ᠵᠡᠷᠭᠡ ᠠᠭᠤᠯᠭ᠎ᠠ᠎ᠲᠠᠢ ᠬᠤᠳᠠᠯ ᠬᠠᠭᠤᠷᠮᠠᠭ  ᠬᠠᠤᠯᠢ᠎ᠠᠴᠠ  ᠵᠥᠷᠢᠴᠡᠭ᠍ᠰᠡᠨ ᠵᠠᠷ ᠮᠡᠳᠡᠭᠡ  ᠨᠡᠢ᠌ᠲᠡᠯᠡᠬᠦ ᠵᠢ ᠴᠢᠩᠭ᠎ᠠ ᠴᠠᠭ᠋ᠠᠵᠠᠯᠠᠪᠠ᠃  ᠭᠤᠷᠪᠠ᠎ᠳᠤ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠎ᠳᠠᠬᠢ ᠵᠠᠷ  ᠮᠡᠳᠡᠭᠡ ᠵᠢᠨ ᠬᠢᠨᠠᠯᠲᠠ  ᠬᠠᠮᠢᠶᠠᠷᠤᠯᠲᠠ ᠵᠢ ᠦᠨᠡᠨ ᠬᠦ᠌ ᠴᠢᠩᠭ᠋ᠠᠳᠭ᠋ᠠᠵᠤ᠂ ᠠᠷᠠᠳ  ᠤᠯᠠᠨ᠎ᠤ ᠪᠡᠶ᠎ᠡ  ᠮᠠᠬᠠᠪᠤᠳ᠎ᠤᠨ ᠡᠷᠡᠭᠦᠯ ᠴᠢᠭᠢᠷᠠᠭ ᠪᠠ ᠡᠳ᠋  ᠬᠦᠷᠦᠩᠭᠡ ᠵᠢᠨ ᠠᠮᠤᠷ  ᠲᠦᠪᠰᠢᠨ᠎ᠳᠤ ᠬᠣᠯᠪᠤᠭᠳᠠᠭᠰᠠᠨ ᠡᠮᠴᠢᠯᠡᠭᠡ᠂  ᠢᠳᠡᠭᠡᠨ᠎ᠤ ᠵᠦᠢ᠍ᠯ᠂ ᠡᠮ᠎ᠤᠨ   ᠵᠦᠢ᠍ᠯ᠂ ᠡᠷᠡᠭᠦᠯᠵᠢᠯ᠎ᠤᠨ ᠢᠳᠡᠭᠡᠨ᠂  ᠡᠮᠴᠢᠯᠡᠭᠡᠨ᠎ᠤ ᠪᠠᠭ᠋ᠠᠵᠢ ᠬᠡᠷᠡᠭᠰᠡᠯ᠂  ᠪᠠᠯᠠ ᠣᠷᠣᠭᠤᠯᠤᠨ ᠬᠦᠷᠦᠡᠭᠭᠡ ᠵᠢᠨ ᠬᠠᠮᠢᠶᠠᠷᠤᠯᠲᠠ ᠬᠢᠬᠦ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠎ᠳᠠᠬᠢ ᠵᠠᠷ  ᠮᠡᠳᠡᠭᠡ ᠵᠢᠨ ᠬᠢᠨᠠᠯᠲᠠ   ᠬᠠᠮᠢᠶᠠᠷᠤᠯᠲᠠ ᠵᠢ ᠴᠢᠩᠭ᠋ᠠᠳᠭ᠋ᠠᠵᠤ᠂ ᠡᠯ᠎ᠡ ᠲᠥᠷᠥᠯ᠎ᠤᠨ ᠵᠠᠷ  ᠮᠡᠳᠡᠭᠡ ᠵᠢᠨ ᠬᠠᠤᠯᠢ᠎ᠠᠴᠠ ᠵᠦᠷᠢᠴᠡᠭᠰᠡᠨ   ᠦᠢ᠍ᠯᠡ ᠠᠵᠢᠯᠯᠠᠭ᠎ᠠ ᠵᠢ ᠴᠠᠭ ᠲᠤᠬᠠᠶ ᠎ᠳᠤᠨᠢ ᠪᠠᠢ᠌ᠴᠠᠭ᠋ᠠᠨ ᠰᠢᠢ᠍ᠳᠪᠦᠷᠢᠯᠡᠪᠡ᠃

    

 

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            