ᠬᠠᠤᠯᠢ ᠶᠠᠪᠤᠭᠤᠯᠬᠤ᠎ᠳᠤ ᠭᠠᠷ ᠲᠦᠷᠦᠬᠦ ᠵᠢ ᠰᠡᠷᠬᠡᠢ᠍ᠯᠡᠨ ᠬᠤᠷᠢᠬᠯᠠᠬᠤ 《 ᠭᠤᠷᠪᠠᠨ ᠲᠣᠭᠲᠠᠭ᠋ᠠᠯ》᠎ᠢ ᠭᠦᠨᠵᠡᠭᠡᠶ ᠲᠤᠭᠤᠰᠢᠯᠠᠭᠤᠯᠤᠨ ᠨᠠᠢ᠍ᠳᠠᠪᠤᠷᠢᠵᠢᠭᠤᠯᠵᠤ ᠂ ᠨᠡᠢ᠌ᠭᠡᠮ᠎ᠤᠨ ᠬᠢᠨᠠᠯᠲᠠ ᠵᠢ ᠨᠡᠩ ᠰᠠᠢ᠍ᠲᠤᠷ ᠬᠦᠯᠢᠶᠡᠬᠦ ᠵᠢᠨ ᠲᠤᠯᠠᠳᠠ ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠪᠠᠢ᠌ᠴᠠᠭ᠋ᠠᠬᠤ ᠬᠤᠷᠢᠶ᠎ᠠ ᠪᠥᠬᠥ ᠤᠷᠤᠨ᠎ᠤ ᠪᠠᠢ᠌ᠴᠠᠭ᠋ᠠᠬᠤ ᠪᠠᠢ᠌ᠭᠤᠯᠭ᠎ᠠ ᠵᠢᠨ 2022 ᠣᠨ᠎ᠤ ᠭᠤᠷᠪᠠᠳᠤᠭ᠋ᠠᠷ ᠤᠯᠠᠷᠢᠯ᠎ᠤᠨ 《 ᠭᠤᠷᠪᠠᠨ ᠲᠣᠭᠲᠠᠭ᠋ᠠᠯ 》 ᠵᠡᠷᠭᠡ ᠴᠢᠬᠤᠯᠠ ᠶᠡᠬᠡ ᠵᠦᠢ᠍ᠯᠡᠰ᠎ᠤᠨ ᠲᠡᠮᠳᠡᠭᠡᠯᠡᠯ᠎ᠤᠨ ᠮᠡᠳᠡᠭᠦᠯᠦᠯᠲᠡ ᠵᠢᠨ ᠪᠠᠢ᠌ᠳᠠᠯ᠎ᠢ ᠨᠡᠢ᠌ᠲᠡᠯᠡᠪᠡ᠃
ᠤᠢ᠍ᠯᠠᠭ᠋ᠠᠬᠰᠠᠨ ᠵᠶ᠋ᠠᠷ᠂ 2022 ᠣᠨ᠎ᠤ ᠭᠤᠷᠪᠠᠳᠤᠭ᠋ᠠᠷ ᠤᠯᠠᠷᠢᠯ᠎ᠳᠤ᠂ ᠪᠦᠬᠦ ᠤᠷᠤᠨ᠎ᠤ ᠪᠠᠢ᠌ᠴᠠᠭ᠋ᠠᠬᠤ ᠪᠠᠢ᠌ᠭᠤᠯᠭ᠎ᠠ ᠪᠠᠢ᠌ᠴᠠᠭ᠋ᠠᠬᠤ ᠠᠵᠢᠯ᠎ᠤᠨ ᠬᠡᠷᠡᠭ ᠰᠢᠢ᠍ᠳᠪᠦᠷᠢᠯᠡᠬᠦ ᠵᠢ ᠠᠰᠠᠭᠤᠨ ᠯᠠᠪᠯᠠᠭ᠌ᠰᠠᠨ ᠪᠤᠶᠤ ᠭᠠᠷ ᠲᠦᠷᠦᠭᠰᠡᠨ ᠵᠡᠷᠭᠡ ᠴᠢᠬᠤᠯᠠ ᠶᠡᠬᠡ ᠬᠡᠷᠡᠭ᠎ᠤᠨ ᠵᠦᠢ᠍ᠯᠡᠰ᠎ᠢ ᠰᠠᠨᠠᠭ᠋ᠠᠴᠢᠯᠠᠭ᠎ᠠ᠎ᠠᠴᠠ᠎ᠪᠠᠨ 688 ᠬᠤᠪᠢ ᠲᠡᠮᠳᠡᠭᠯᠡᠵᠡᠢ᠂ ᠡᠭᠦᠨ᠎ᠳᠤ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠲᠡᠮᠳᠡᠭᠯᠡᠯ 78 ᠬᠤᠪᠢ
ᠪᠠᠢ᠌ᠵᠤ᠂11.34 % ᠵᠢ ᠡᠵᠡᠯᠡᠪᠡ ; ᠠᠢ᠌ᠮᠠᠭ ᠬᠣᠲᠠ ᠵᠢᠨ ᠱᠠᠲᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠲᠡᠮᠳᠡᠭᠯᠡᠯ 100 ᠬᠤᠪᠢ ᠪᠠᠢ᠌ᠵᠤ᠂ 14.53 % ᠵᠢ ᠡᠵᠡᠯᠡᠵᠡᠢ ; ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠲᠡᠮᠳᠡᠭᠯᠡᠯ 510 ᠬᠤᠪᠢ ᠪᠠᠢ᠌ᠵᠤ᠂ 74.3 % ᠵᠢ ᠡᠵᠡᠯᠡᠪᠡ᠃ ᠲᠡᠮᠳᠡᠭᠯᠡᠯ᠎ᠤᠨ ᠮᠡᠳᠡᠭᠦᠯᠦᠯᠲᠡ ᠵᠢᠨ ᠦᠢ᠍ᠯᠡ ᠠᠵᠢᠯᠯᠠᠭ᠎ᠠ ᠵᠢᠨ ᠪᠠᠢ᠌ᠳᠠᠯ᠎ᠠᠴᠠ ᠦᠵᠡᠪᠡᠯ᠂ ᠪᠠᠢ᠌ᠳᠠᠯ᠎ᠢ ᠲᠤᠰᠬᠠᠬᠰᠠᠨ᠂ ᠠᠬᠢᠴᠠ ᠵᠢ ᠣᠢ᠌ᠯᠭ᠋ᠠᠭᠰᠠᠨ᠂ ᠬᠠᠤᠯᠢ ᠶᠣᠰᠣᠭ᠋ᠠᠷ ᠭᠣᠣᠯᠴᠢ᠎ᠪᠠᠷ ᠰᠢᠢ᠍ᠳᠪᠦᠷᠢᠯᠡᠬᠦ ᠵᠢ ᠱᠠᠯᠠᠪᠳᠠᠭᠤᠯᠤᠬᠰᠠᠨ᠎ᠨᠢ 638 ᠬᠤᠪᠢ ᠪᠠᠢ᠌ᠵᠤ᠂ 92.73 % ᠵᠢ ᠡᠵᠡᠯᠡᠪᠡ ; ᠭᠠᠷ ᠳᠦᠷᠦᠭ᠍ᠰᠡᠨ ᠂ ᠠᠰᠠᠭᠤᠨ ᠯᠠᠪᠯᠠᠭᠰᠠᠨ ᠬᠡᠷᠡᠭ᠎ᠤᠨ ᠪᠠᠢ᠌ᠳᠠᠯ 25 ᠪᠠᠢ᠌ᠵᠤ᠂ 3.64 % ᠵᠢ ᠡᠵᠡᠯᠡᠵᠦ᠂ ᠵᠦᠢ ᠪᠣᠰᠤ᠎ᠪᠠᠷ ᠬᠠᠷᠢᠯᠴᠠᠵᠤ ᠶᠠᠪᠤᠯᠴᠠᠭᠰᠠᠨ ᠬᠡᠷᠡᠭ 25 ᠪᠠᠢ᠌ᠵᠤ᠂ 3.63 % ᠵᠢ ᠡᠵᠡᠯᠡᠭᠰᠡᠨ
ᠪᠠᠢ᠌ᠨ᠎ᠠ᠃
ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠤᠷᠤᠨ᠎ᠤ ᠠᠷᠠᠳ᠎ᠤᠨ ᠪᠠᠢ᠌ᠴᠠᠭ᠋ᠠᠬᠤ ᠪᠠᠢ᠌ᠭᠤᠯᠭ᠎ᠠ 《ᠭᠤᠷᠪᠠᠨ ᠲᠣᠭᠲᠠᠭ᠋ᠠᠯ 》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠭᠦᠨᠵᠡᠭᠡᠶ ᠰᠠᠢ᠌ᠲᠤᠷ ᠠᠳᠬᠤᠵᠤ ᠂ 《 ᠠᠰᠠᠭᠤᠳᠠᠯ ᠲᠠᠭ᠋ᠠᠷᠠᠯᠳᠤᠪᠠᠯ ᠵᠠᠪᠠᠯ ᠲᠡᠮᠳᠡᠭᠯᠡᠬᠦ》 ᠱᠠᠭ᠋ᠠᠷᠳᠠᠯᠭ᠎ᠠ ᠵᠢ ᠪᠠᠷᠢᠮᠲᠠᠯᠠᠨ ᠂ ᠨᠠᠩ ᠥᠨᠳᠥᠷ ᠪᠠᠷᠢᠮᠵᠢᠶ᠎ᠠ ᠂ ᠨᠠᠩ ᠴᠢᠩᠭ᠎ᠠ ᠱᠠᠭ᠋ᠠᠷᠳᠠᠯᠭ᠎ᠠ᠎ᠪᠠᠷ 《 ᠭᠤᠷᠪᠠᠨ ᠲᠣᠭᠲᠠᠭ᠋ᠠᠯ》 ᠵᠡᠷᠭᠡ ᠴᠢᠬᠤᠯᠠ ᠶᠡᠬᠡ ᠬᠡᠷᠡᠭ ᠶᠠᠪᠤᠳᠠᠯ᠎ᠢ ᠲᠡᠮᠳᠡᠭᠯᠡᠨ ᠮᠡᠳᠡᠭᠦᠯᠬᠦ ᠳᠦᠷᠢᠮ᠎ᠢ ᠭᠦᠨᠵᠡᠭᠡᠶ ᠨᠠᠷᠢᠯᠢᠭ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ ᠂ ᠲᠣᠭᠲᠠᠭ᠋ᠠᠯ᠎ᠠᠴᠠ ᠵᠥᠷᠢᠴᠡᠨ ᠭᠠᠷ ᠲᠦᠷᠦᠭᠦ ᠂ ᠠᠰᠠᠭᠤᠨ ᠯᠠᠪᠯᠠᠬᠤ ᠵᠡᠷᠭᠡ ᠠᠵᠢᠯᠯᠠᠭ᠎ᠠ ᠵᠢ ᠡᠷᠡᠰ ᠬᠣᠷᠢᠭᠯᠠᠵᠤ ᠂ ᠰᠠᠢ᠌ᠨ ᠰᠠᠢ᠌ᠬᠠᠨ ᠬᠠᠤᠯᠢ ᠶᠠᠪᠤᠭᠤᠯᠬᠤ ᠠᠮᠢ ᠠᠬᠤᠶ ᠵᠢ ᠪᠣᠶ ᠪᠣᠯᠭ᠋ᠠᠨ᠎ᠠ ᠃