3 ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠪᠥᠬᠥ ᠣᠷᠣᠨ᠎ᠤ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠭᠣᠣᠯᠳᠠᠯᠭ᠎ᠠ ᠲᠠᠢ ᠠᠵᠢᠯ᠎ᠤᠨ ᠸᠢᠳᠢᠤ᠋ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠸᠠᠩ ᠫᠢᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠸᠠᠩ ᠽᠢ ᠪᠢᠩ ᠬᠤᠷᠠᠯ᠎ᠢ ᠡᠷᠭᠢᠯᠡᠪᠡ᠃

ᠬᠤᠷᠠᠯ ᠳᠡᠭᠡᠷ᠎ᠡ ᠬᠣᠣᠷ ᠲᠠᠲᠠᠬᠤ ᠵᠢ ᠵᠣᠭᠰᠤᠭ᠋ᠠᠬᠤ ᠲᠠᠯᠠᠪᠤᠷ᠎ᠤᠨ 《ᠨᠠᠮ᠎ᠤᠨ ᠠᠴᠢ ᠵᠢ ᠮᠡᠳᠡᠷᠡᠵᠦ ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠂ ᠵᠢᠷᠤᠮᠵᠢᠭᠤᠯᠬᠤ ᠪᠠᠢ᠌ᠭᠤᠯᠤᠯᠲᠠ ᠪᠠ ᠠᠮᠤᠷ ᠲᠦᠪᠰᠢᠨ ᠲᠣᠭᠲᠠᠭᠤᠨ᠎ᠤ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠣᠢ᠌ᠷ᠎ᠠ ᠵᠢᠨ ᠬᠤᠭᠤᠴᠠᠭ᠋ᠠᠨ᠎ᠤ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃

ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠡᠨᠡ ᠵᠢᠯ᠎ᠠᠴᠠ ᠨᠠᠰᠢ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠠ ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠣᠶ ᠪᠣᠯᠭ᠋ᠠᠬᠤ᠎ᠪᠠᠷ ᠭᠣᠣᠯ ᠰᠢᠵᠢᠮ ᠪᠣᠯᠭ᠋ᠠᠵᠤ᠂ 《ᠨᠠᠮ᠎ᠤᠨ ᠠᠴᠢ ᠵᠢ ᠮᠡᠳᠡᠷᠡᠵᠦ ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠵᠢᠷᠤᠮᠵᠢᠭᠤᠯᠬᠤ ᠪᠠᠢ᠌ᠭᠤᠯᠤᠯᠲᠠ ᠵᠢ ᠲᠦᠷᠭᠡᠨ ᠪᠥᠭᠡᠳ ᠯᠠᠪᠳᠠᠭᠤᠨ ᠵᠶ᠋ᠠᠷ ᠶᠠᠪᠤᠭᠳᠠᠭᠤᠯᠵᠤ᠂ ᠲᠠᠯᠠᠪᠤᠷ ᠭᠠᠵᠠᠷ᠎ᠢ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠢ᠌ᠯᠭ᠋ᠠᠵᠤ᠂ ᠡᠯ᠎ᠡ ᠵᠦᠢ᠍ᠯ᠎ᠤᠨ ᠠᠵᠢᠯ᠎ᠢ ᠰᠠᠢ᠌ᠨ ᠡᠬᠢᠯᠡᠯᠲᠡ᠎ᠲᠠᠢ ᠪᠣᠯᠭ᠋ᠠᠵᠤ᠂ ᠡᠮᠬᠢ ᠵᠢᠷᠤᠮ᠎ᠲᠠᠢ ᠲᠦᠯᠬᠢᠨ ᠠᠬᠢᠭᠤᠯᠪᠠ ᠭᠡᠪᠡ ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠬᠦ ᠤᠯᠤᠰ᠎ᠤᠨ ᠬᠣᠶᠠᠷ ᠬᠤᠷᠠᠯ᠎ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠢ᠌ᠭᠡᠮ᠎ᠤᠨ ᠣᠷᠴᠢᠨ ᠲᠣᠭᠣᠷᠢᠨ᠎ᠢ ᠡᠭᠦᠳᠬᠦ ᠪᠣᠯ ᠨᠠᠮ ᠪᠣᠯᠣᠨ ᠠᠷᠠᠳ ᠲᠦᠮᠡᠨ᠎ᠠᠴᠠ ᠪᠢᠳᠡᠨ᠎ᠳᠤ ᠲᠤᠰᠢᠶᠠᠭᠰᠠᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠮᠥᠨ ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠵᠠᠢ᠌ᠯᠠᠭᠤᠯᠵᠤ ᠪᠣᠯᠣᠰᠢ ᠦᠭᠡᠢ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠮᠥᠨ ᠃ ᠦᠵᠡᠯ ᠰᠠᠨᠠᠭ᠎ᠠ ᠲᠠᠨᠢᠯᠲᠠ᠎ᠪᠠᠨ ᠴᠢᠩᠭ᠋ᠠᠳᠬᠠᠵᠤ᠂ ᠢᠮᠠᠭᠲᠠ ᠲᠠᠷᠢᠬᠢ ᠲᠣᠯᠣᠭ᠋ᠠᠢ ᠰᠡᠷᠭᠡᠭ᠂ ᠵᠣᠭᠰᠣᠯᠲᠠ ᠪᠠᠲᠤ ᠪᠠᠢ᠌ᠬᠤ ᠵᠢ ᠪᠡᠶᠡᠯᠡᠭᠦᠯᠵᠦ᠂ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠦᠨᠡᠨᠬᠦ ᠴᠢᠩᠭ᠋ᠠᠷᠠᠭᠤᠯᠵᠤ ᠂ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠵᠤ ᠂ ᠰᠠᠨᠠᠭ᠋ᠠᠴᠢᠯᠠᠭ᠎ᠠ᠎ᠠᠴᠠ᠎ᠪᠠᠨ ᠪᠠᠷᠢᠮᠵᠢᠶ᠎ᠠ᠎ᠪᠠᠨ ᠲᠤᠯᠭ᠋ᠠᠵᠤ ᠂ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠢ ᠣᠯᠵᠤ ᠂ ᠦᠵᠡᠯ ᠰᠠᠨᠠᠭ᠎ᠠ᠎ᠪᠠᠨ ᠲᠠᠬᠢᠨ ᠪᠠᠲᠤᠳᠬᠠᠵᠤ ᠂ ᠠᠷᠭ᠎ᠠ ᠬᠡᠮᠵᠢᠶ᠎ᠡ᠎ᠪᠠᠨ ᠲᠠᠬᠢᠨ ᠨᠠᠢ᠌ᠳᠠᠪᠤᠷᠢᠵᠢᠭᠤᠯᠵᠤ ᠂ ᠠᠵᠢᠯ ᠵᠶ᠋ᠠᠨ ᠲᠠᠬᠢᠨ ᠪᠣᠳᠠᠲᠠᠢ ᠠᠳᠬᠤᠵᠤ ᠂ ᠬᠠᠷᠢᠭᠤᠴᠠᠯᠭ᠎ᠠ᠎ᠪᠠᠨ ᠲᠠᠬᠢᠨ ᠪᠣᠳᠠᠲᠠᠢ᠌ᠵᠢᠭᠤᠯᠬᠤ ᠵᠢ ᠦᠨᠡᠨᠬᠦ ᠪᠡᠶᠡᠯᠡᠭᠦᠯᠵᠦ ᠂ 《ᠬᠣᠶᠠᠷ᠎ᠢ ᠲᠣᠭᠲᠠᠭ᠋ᠠᠬᠤ 》 ᠵᠢ ᠡᠷᠡᠰ ᠬᠠᠮᠠᠭ᠋ᠠᠯᠠᠵᠤ ᠂ 《 ᠬᠣᠶᠠᠷ᠎ᠢ ᠬᠠᠮᠠᠭ᠋ᠠᠯᠠᠬᠤ 》 ᠤᠯᠤᠰ ᠲᠦᠷᠦ ᠵᠢᠨ ᠤᠬᠠᠮᠰᠠᠷ᠎ᠠᠴᠠ᠎ᠪᠠᠨ ᠠᠮᠤᠷ ᠲᠦᠪᠰᠢᠨ ᠲᠣᠭᠲᠠᠭᠤᠨ᠎ᠤ ᠡᠯ᠎ᠡ ᠵᠦᠢ᠍ᠯ᠎ᠤᠨ ᠠᠵᠢᠯ᠎ᠢ ᠨᠠᠷᠢᠨ ᠪᠣᠳᠠᠲᠠᠢ ᠠᠳᠬᠤᠵᠤ ᠂ ᠪᠣᠳᠠᠲᠤ ᠠᠵᠢᠯᠯᠠᠭ᠎ᠠ᠎ᠪᠠᠷ ᠵᠶ᠋ᠠᠨ ᠪᠦᠬᠦ ᠤᠯᠤᠰ᠎ᠤᠨ ᠬᠣᠶᠠᠷ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ᠂ ᠲᠣᠪᠴᠢᠶ᠎ᠠ ᠵᠢᠨ ᠪᠠᠢ᠌ᠭᠤᠯᠭ᠎ᠠ ᠵᠢᠨ ᠵᠠᠩᠭᠢᠯᠠᠭ᠎ᠠ ᠵᠢᠨ ᠺᠠᠳ᠋ᠷᠴᠤᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠤ᠂ ᠪᠥᠬᠥ ᠣᠷᠣᠨ᠎ᠤ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠲᠠᠯᠠᠪᠤᠷ᠎ᠤᠨ ᠨᠠᠮ᠎ᠤᠨ ᠬᠣᠷᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠪᠠ ᠬᠠᠮᠢᠶ᠎ᠠ ᠪᠦᠬᠦᠢ ᠠᠵᠢᠯ᠎ᠤᠨ ᠬᠠᠷᠢᠭᠤᠴᠠᠯᠭ᠋ᠠᠲᠠᠳ ᠸᠢᠳᠢᠤ᠋ ᠬᠤᠷᠠᠯ᠎ᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠤᠷᠤᠯᠴᠠᠪᠠ᠃