2 ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ 2024 ᠣᠨ᠎ᠤ 2 ᠳ᠋ᠤᠭ᠋ᠠᠷ ᠤᠳᠠᠭ᠎ᠠ ᠵᠢᠨ ᠠᠵᠢᠯ᠎ᠤᠨ ᠡᠭᠡᠯᠵᠢᠲᠦ ᠬᠤᠷᠠᠯ ᠬᠤᠷᠠᠯᠳᠤᠭᠤᠯᠵᠤ᠂ ᠡᠮᠦᠨᠡᠬᠢ ᠨᠢᠭᠡ ᠱᠠᠲᠤᠨ᠎ᠤ ᠠᠵᠢᠯ᠎ᠤᠨ ᠦᠷ᠎ᠡ ᠪᠦᠲᠦᠮᠵᠢ᠎ᠪᠠᠨ ᠳ᠋ᠦᠩᠨᠡᠵᠦ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ ᠵᠶ᠋ᠠᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠸᠠᠩ ᠽᠢ ᠪᠢᠩ ᠬᠤᠷᠠᠯ ᠡᠷᠭᠢᠯᠡᠵᠦ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠭ᠎ᠤᠨ ᠪᠦᠷᠢᠯᠳᠦᠭᠦᠨ᠂ ᠲᠣᠪᠴᠢᠶ᠎ᠠ ᠵᠢᠨ ᠪᠠᠢ᠌ᠭᠤᠯᠤᠯᠭ᠎ᠠ ᠵᠢᠨ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠲᠤᠰ ᠤᠳᠠᠭ᠎ᠠ ᠵᠢᠨ ᠬᠤᠷᠠᠯ᠎ᠨᠢ ᠰᠡᠳᠬᠢᠯ ᠵᠶ᠋ᠡᠨ ᠬᠤᠷᠢᠶᠠᠬᠤ ᠬᠤᠷᠠᠯ ᠪᠣᠯᠬᠤ᠎ᠪᠠᠷ ᠪᠠᠷᠠᠬᠤ ᠦᠭᠡᠢ ᠪᠠᠰᠠ ᠵᠢᠯ᠎ᠤᠨ ᠳᠠᠷᠠᠭ᠋ᠠᠬᠢ ᠠᠵᠢᠯ᠎ᠤᠨ ᠡᠬᠢᠯᠡᠯᠲᠡ ᠵᠢᠨ ᠬᠤᠷᠠᠯ ᠪᠣᠯᠣᠨ᠎ᠠ ᠂ ᠪᠦᠬᠦ ᠠᠷᠠᠳ᠎ᠤᠨ ᠴᠠᠭᠳᠠᠭ᠎ᠠ ᠠᠵᠢᠯᠲᠠᠨ ᠠᠵᠢᠯᠴᠢᠨ ᠴᠠᠭ ᠲᠤᠬᠠᠢᠳᠤᠨᠢ ᠰᠡᠳᠬᠢᠯ ᠰᠠᠨᠠᠭ᠎ᠠ᠎ᠪᠠᠨ ᠲᠣᠬᠢᠷᠠᠭᠤᠯᠵᠤ ᠂ ᠴᠠᠭ ᠲᠤᠬᠠᠢᠳᠤᠨᠢ 《 ᠠᠵᠢᠯ᠎ᠤᠨ ᠵᠠᠭᠪᠤᠷ 》 ᠢ ᠰᠣᠯᠢᠵᠤ ᠂ ᠪᠠᠶᠠᠷ᠎ᠤᠨ ᠡᠳᠦᠷ᠎ᠤᠨ ᠳᠠᠷᠠᠭ᠋ᠠᠬᠢ ᠬᠥᠮᠥᠰ᠎ᠢ ᠣᠷᠣᠨ ᠪᠠᠢ᠌ᠷᠢ᠎ᠳᠤ᠎ᠨᠢ ᠣᠷᠣᠭᠤᠯᠬᠤ ᠂ ᠦᠵᠡᠯ ᠰᠠᠨᠠᠭ᠎ᠠ ᠵᠢ᠎ᠨᠢ ᠣᠷᠣᠨ ᠪᠠᠢ᠌ᠷᠢ᠎ᠳᠤ᠎ᠨᠢ ᠣᠷᠣᠭᠤᠯᠬᠤ ᠂ ᠪᠠᠢ᠌ᠳᠠᠯ᠎ᠢ᠎ᠨᠢ ᠣᠷᠣᠨ ᠪᠠᠢ᠌ᠷᠢ᠎ᠳᠤ᠎ᠨᠢ ᠣᠷᠣᠭᠤᠯᠬᠤ ᠂ ᠠᠵᠢᠯ᠎ᠢ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨᠬᠦ ᠪᠡᠶᠡᠯᠡᠭᠦᠯᠵᠦ ᠂ ᠴᠢᠩᠭ᠎ᠠ ᠠᠳᠬᠤᠨ ᠲᠦᠷᠭᠡᠨ ᠠᠵᠢᠯᠯᠠᠬᠤ ᠂ ᠵᠣᠭᠰᠣᠯ ᠦᠭᠡᠢ ᠤᠷᠤᠭᠰᠢᠯᠠᠬᠤ ᠂ ᠬᠤᠷᠳᠤᠴᠠ᠎ᠪᠠᠨ ᠳᠡᠭᠡᠭᠰᠢᠯᠡᠭᠦᠯᠦᠨ ᠲᠡᠷᠢᠭᠦᠨ᠎ᠳᠤ ᠣᠷᠣᠬᠤ᠎ᠪᠠᠷ ᠴᠢᠷᠮᠠᠢ᠌ᠬᠤ ᠠᠭᠤᠷ ᠠᠮᠢᠰᠬᠤᠯ᠎ᠢ ᠲᠦᠷᠭᠡᠨ ᠪᠤᠢ ᠪᠣᠯᠭ᠋ᠠᠬᠤ ᠬᠡᠷᠡᠭᠲᠡᠢ ᠭᠡᠪᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠬᠦ ᠤᠯᠤᠰ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠤᠨ ᠲᠧᠯᠸᠢᠰ ᠤᠲᠠᠰᠤᠨ ᠬᠤᠷᠠᠯ᠎ᠤᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ ᠂ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠠᠵᠢᠯ᠎ᠤᠨ ᠬᠤᠷᠠᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠰᠢᠨ᠎ᠡ ᠵᠢᠯ᠎ᠤᠨ ᠰᠢᠨ᠎ᠡ ᠰᠢᠯᠭ᠋ᠠᠯᠲᠠ ᠵᠢᠨ ᠬᠠᠭᠤᠳᠠᠰᠤ ᠵᠢᠨ ᠲᠣᠭᠣᠷᠢᠨ᠎ᠳᠤ᠂ ᠠᠵᠢᠯ᠎ᠤᠨ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠡᠷᠢᠵᠦ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠨᠢᠭᠡ ᠯᠡ ᠰᠡᠳᠬᠢᠯ ᠵᠶ᠋ᠡᠷ 《ᠪᠣᠳᠠᠲᠠᠢ》 ᠪᠠᠢ᠌ᠬᠤ᠂ ᠠᠷᠭ᠎ᠠ ᠪᠦᠬᠦᠨ᠎ᠢ ᠰᠦᠪᠡᠭᠴᠢᠯᠡᠨ 《ᠦᠷ᠎ᠡ ᠳ᠋ᠦᠩ》 ᠣᠯᠬᠤ ᠳᠡᠭᠡᠷ᠎ᠡ ᠰᠠᠢ᠌ᠨ ᠬᠦᠴᠦ ᠣᠷᠣᠭᠤᠯᠵᠤ᠂ ᠡᠯ᠎ᠡ ᠵᠦᠢ᠍ᠯ᠎ᠤᠨ ᠠᠵᠢᠯ᠎ᠢ ᠬᠦᠴᠦᠲᠡᠢ ᠪᠥᠭᠡᠳ ᠡᠮᠬᠢ ᠵᠢᠷᠤᠮ᠎ᠲᠠᠢ ᠪᠥᠭᠡᠳ ᠪᠦᠲᠦᠮᠵᠢᠲᠡᠶ ᠠᠬᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ ᠭᠡᠪᠡ ᠃
ᠬᠤᠷᠠᠯ᠎ᠠᠴᠠ ᠱᠠᠭ᠋ᠠᠷᠳᠠᠭᠰᠠᠨ᠎ᠨᠢ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ 《 ᠨᠠᠢ᠍ᠮᠠᠨ ᠵᠦᠢ᠍ᠯ᠎ᠤᠨ ᠢᠨᠵᠧᠨᠧᠷᠢᠩ 》 ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ᠂ ᠦᠢ᠍ᠯᠡᠳᠪᠦᠷᠢᠯᠡᠯ᠎ᠤᠨ ᠠᠮᠤᠷ ᠲᠦᠪᠰᠢᠨ ᠂ ᠬᠠᠮᠢᠶᠠᠷᠤᠯᠲᠠ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ ᠂ ᠤᠷᠳᠤ ᠬᠤᠭᠤᠴᠠᠭ᠎ᠠ᠎ᠪᠠᠷ ᠴᠢᠷᠮᠠᠢ᠌ᠵᠤ ᠂ ᠲᠠᠯᠠᠪᠤᠷ᠎ᠤᠨ ᠶᠡᠬᠡ ᠶᠠᠪᠤᠳᠠᠯ ᠭᠠᠷᠬᠤ ᠦᠭᠡᠢ ᠂ ᠪᠠᠭ᠎ᠠ ᠶᠠᠪᠤᠳᠠᠯ ᠴᠤ᠌ ᠭᠠᠷᠬᠤ ᠦᠭᠡᠢ ᠪᠠᠢ᠌ᠬᠤ ᠵᠢ ᠪᠠᠲᠤᠯᠠᠵᠤ ᠂ ᠪᠦᠬᠦ ᠤᠯᠤᠰ᠎ᠤᠨ ᠬᠣᠶᠠᠷ ᠬᠤᠷᠠᠯ ᠂ 《 ᠠᠷᠪᠠᠨ ᠲᠦᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠬᠯᠠᠭ᠋ᠠᠨ 》 ᠵᠡᠷᠭᠡ ᠴᠢᠬᠤᠯᠠ ᠶᠡᠬᠡ ᠴᠠᠭ ᠬᠤᠭᠤᠴᠠᠭ᠎ᠠ ᠵᠠᠩᠭᠢᠯᠠᠭ᠎ᠠ ᠵᠢᠨ ᠴᠡᠭ᠎ᠤᠨ ᠠᠮᠤᠷ᠎ᠢ ᠬᠠᠮᠠᠭ᠋ᠠᠯᠠᠵᠤ ᠲᠣᠭᠲᠠᠭᠤᠨ᠎ᠢ ᠬᠠᠮᠠᠭ᠋ᠠᠯᠠᠬᠤ ᠠᠵᠢᠯ᠎ᠤᠨ ᠡᠭᠦᠷᠭᠡ ᠵᠢ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ ᠃ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠬᠣᠣᠷ ᠲᠠᠳᠠᠬᠤ ᠵᠢ ᠵᠣᠭᠰᠤᠭ᠋ᠠᠬᠤ ᠰᠢᠰᠲ᠋ᠧᠮ᠎ᠤᠨ ᠵᠢᠷᠤᠮᠵᠢᠭᠰᠠᠨ ᠬᠠᠮᠢᠶᠠᠷᠤᠯᠲᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠭᠦᠨᠵᠡᠭᠡᠢ ᠲᠦᠯᠬᠢᠨ ᠠᠬᠢᠭᠤᠯᠵᠤ ᠂ ᠳᠦᠷᠢᠮ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠰᠠᠢ᠌ᠲᠤᠷ ᠠᠳᠬᠤᠵᠤ ᠂ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ 《 ᠲᠤᠯᠤᠭ᠋ᠠᠨ ᠬᠡᠯᠪᠡᠷᠢ ᠵᠢᠨ ᠭᠠᠵᠠᠷ 》᠎ᠤᠨ ᠪᠠᠢ᠌ᠭᠤᠯᠤᠯᠲᠠ ᠵᠢ ᠰᠢᠯᠭ᠋ᠠᠷᠠᠭᠤᠯᠬᠤ ᠠᠵᠢᠯ᠎ᠢ ᠰᠠᠢ᠌ᠲᠤᠷ ᠬᠢᠵᠦ ᠂ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠠᠵᠢᠯ᠎ᠢ ᠳᠦᠷᠢᠮ᠎ᠤᠨ ᠵᠠᠮ ᠵᠶ᠋ᠠᠷ ᠴᠢᠨᠠᠷ ᠰᠠᠢ᠌ᠲᠠᠢ ᠠᠵᠢᠯᠯᠠᠭ᠋ᠠᠨ᠎ᠢ ᠵᠢᠷᠤᠮᠵᠢᠭᠤᠯᠬᠤ ᠬᠡᠷᠡᠭᠲᠡᠢ ᠃ ᠬᠠᠤᠯᠢ ᠴᠠᠭ᠋ᠠᠵᠠ ᠵᠢᠨ ᠶᠠᠮᠤᠨ᠎ᠤ 《ᠨᠢᠭᠡ ᠴᠣᠭᠴᠠ ᠬᠣᠶᠠᠷ ᠵᠢᠭᠦᠷ》᠎ᠤᠨ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠬᠠᠷᠢᠶ᠎ᠠ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠯᠤᠭ᠎ᠠ ᠵᠢᠨ ᠵᠣᠬᠢᠴᠠᠯᠳᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠣᠣᠷ ᠲᠠᠲᠠᠭᠰᠠᠳ᠎ᠢ ᠲᠥᠪᠯᠡᠷᠡᠭᠦᠯᠦᠨ ᠪᠠᠢ᠌ᠴᠠᠭ᠋ᠠᠨ ᠰᠢᠢ᠍ᠳᠪᠦᠷᠢᠯᠡᠵᠦ ᠭᠥᠯᠢᠶᠡᠨ ᠠᠪᠴᠤ ᠡᠮᠨᠡᠨ ᠵᠠᠰᠠᠬᠤ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠂ ᠠᠬ᠎ᠠ ᠳᠡᠭᠦᠦ ᠨᠢᠭᠡᠴᠢ ᠯᠦᠭᠡ ᠵᠢᠨ ᠨᠡᠪᠲᠡᠷᠡᠯᠴᠡᠭᠡ ᠬᠠᠮᠲᠤᠷᠠᠯᠴᠠᠭ᠎ᠠ ᠪᠠ ᠰᠣᠯᠢᠯᠴᠠᠭ᠎ᠠ ᠰᠤᠷᠤᠯᠴᠠᠯᠭ᠎ᠠ ᠵᠢ ᠴᠢᠩᠭ᠋ᠠᠳᠬᠠᠨ᠂ ᠣᠨᠣᠯ᠎ᠤᠨ ᠰᠤᠳᠤᠯᠭ᠋ᠠᠨ᠂ ᠲᠤᠬᠠᠢ᠌ᠯᠠᠭᠰᠠᠨ ᠠᠵᠢᠯ᠎ᠤᠨ ᠳᠡᠭᠡᠭᠰᠢᠯᠡᠯᠲᠡ ᠵᠢᠨ ᠲᠠᠯ᠎ᠠ᠎ᠪᠠᠷ ᠠᠷᠭ᠎ᠠ ᠪᠤᠳᠤᠵᠤ᠂ ᠠᠷᠭ᠎ᠠ ᠵᠠᠮ ᠡᠷᠢᠵᠦ᠂ ᠥᠪᠥᠷ ᠮᠣᠩᠭᠣᠯ᠎ᠤᠨ ᠥᠪᠡᠷ᠎ᠤᠨ ᠰᠢᠨᠵᠢᠯᠡᠬᠦ ᠤᠬᠠᠭ᠋ᠠᠨᠴᠢ ᠴᠡᠭᠡᠷᠯᠡᠯ ᠵᠠᠰᠠᠯᠲᠠ ᠵᠢᠨ ᠠᠯᠲᠠᠨ ᠦᠰᠦᠭᠲᠦ ᠫᠠᠢ᠌ᠰᠠ ᠵᠢ ᠬᠡᠷᠡᠯᠲᠦᠭᠦᠯᠬᠦ ᠬᠡᠷᠡᠭᠲᠡᠢ᠃ ᠨᠠᠮ᠎ᠢ ᠴᠢᠩᠭ᠎ᠠ ᠬᠠᠮᠢᠶᠠᠷᠴᠤ ᠴᠠᠭᠳᠠᠭ᠎ᠠ ᠵᠢ ᠴᠢᠩᠭ᠎ᠠ ᠵᠠᠰᠠᠬᠤ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠰᠠᠬᠢᠯᠭ᠎ᠠ ᠪᠠᠲᠤ ᠰᠤᠷᠲᠠᠯ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠵᠤ ᠂ ᠭᠣᠣᠯ ᠵᠥᠷᠢᠴᠡᠯ ᠪᠣᠯᠣᠨ ᠳᠡᠳ᠋ ᠵᠥᠷᠢᠴᠡᠯ᠎ᠢ ᠴᠢᠩᠭ᠎ᠠ ᠠᠩᠬᠠᠷᠴᠤ ᠂ ᠬᠠᠷᠠᠯᠲᠠᠲᠤ ᠬᠠᠮᠢᠶᠠᠷᠤᠯᠲᠠ ᠵᠢᠨ ᠬᠢᠨᠠᠨ ᠰᠢᠯᠭ᠋ᠠᠯᠲᠠ ᠵᠢᠨ ᠵᠢᠯᠤᠭᠣᠳᠬᠤ ᠰᠢᠳᠠᠮ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ ᠂ ᠳᠣᠲᠣᠭ᠋ᠠᠳᠤ᠎ᠳᠠᠭᠠᠨ ᠬᠡᠪ ᠴᠢᠨᠠᠷ ᠵᠶ᠋ᠠᠨ ᠴᠢᠩᠭ᠋ᠠᠳᠬᠠᠵᠤ ᠂ ᠭᠠᠳᠠᠨ᠎ᠠ᠎ᠠᠴᠠ ᠳᠦᠷᠢ ᠲᠥᠷᠬᠦ ᠵᠢ ᠪᠤᠢ ᠪᠣᠯᠭ᠋ᠠᠵᠤ ᠂ ᠠᠵᠢᠯ ᠬᠢᠬᠦ ᠵᠢ ᠬᠦᠰᠡᠳᠡᠭ ᠂ ᠠᠵᠢᠯ ᠬᠢᠵᠦ ᠴᠢᠳᠠᠳᠠᠭ ᠂ ᠠᠵᠢᠯ ᠬᠢᠬᠦ᠎ᠳᠡᠭᠡᠨ ᠵᠣᠷᠢᠭᠲᠠᠢ ᠂ ᠠᠵᠢᠯ ᠬᠢᠵᠦ ᠪᠦᠲᠦᠭᠡᠳᠡᠭ ᠰᠢᠨ᠎ᠡ ᠴᠠᠭ ᠦᠶ᠎ᠡ ᠵᠢᠨ ᠬᠣᠣᠷ ᠲᠠᠲᠠᠬᠤ ᠵᠢ ᠵᠣᠭᠰᠤᠭ᠋ᠠᠬᠤ ᠲᠡᠮᠦᠷ ᠴᠡᠷᠢᠭ᠎ᠢ ᠪᠠᠶ᠋ᠢᠭᠤᠯᠬᠤ ᠬᠡᠷᠡᠭᠲᠡᠢ ᠭᠡᠪᠡ᠃