《 ᠵᠢᠷᠭᠤᠭ᠋ᠠᠨ ᠦᠭᠡ 》 ᠵᠢᠨ ᠠᠭᠤᠯᠭ᠎ᠠ᠎ᠨᠢ ᠄ ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠦᠨᠳᠦᠰᠦᠲᠡᠨ᠎ᠤ ᠣᠷᠣᠨ ᠪᠣᠯᠣᠨ᠎ᠠ ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠪᠠᠢ᠌ᠭᠤᠯᠤᠭᠳᠠᠭᠰᠠᠨ ᠶᠤᠮ ; ᠥᠪᠥᠷ ᠮᠣᠩᠭᠣᠯ ᠪᠣᠯ ᠨᠠᠮ᠎ᠤᠨ ᠲᠥᠪ ᠬᠣᠷᠢᠶᠠᠨ᠎ᠤ ᠳᠡᠮᠵᠢᠯᠭᠡ᠎ᠪᠠᠷ ᠬᠥᠭᠵᠢᠵᠦ ᠢᠷᠡᠭᠰᠡᠨ ᠶᠤᠮ ; ᠥᠪᠥᠷ ᠮᠣᠩᠭᠣᠯ᠎ᠤᠨ ᠠᠵᠢᠯ᠎ᠤᠨ ᠳᠤᠮᠳᠠ ᠭᠠᠷᠤᠭᠰᠠᠨ ᠬᠦᠨᠳᠦ ᠶᠡᠬᠡ ᠡ᠊ᠨᠳᠡᠭᠦᠦ ᠪᠤᠷᠤᠭᠤ ᠵᠢ ᠴᠥᠮ ᠨᠠᠮ᠎ᠤᠨ ᠲᠥᠪ ᠬᠣᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ ; ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠣᠳᠤᠯᠭ᠎ᠠ ᠳᠣᠣᠷ᠎ᠠ ᠣᠯᠣᠭᠰᠠᠨ ᠶᠤᠮ; ᠥᠪᠥᠷ ᠮᠣᠩᠭᠣᠯ 《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ 》 ᠤ ᠵᠢᠱ᠌ᠢᠶᠡᠴᠢ ᠪᠣᠯᠤᠭᠰᠠᠨ᠎ᠤ ᠬᠤᠪᠢ᠎ᠳᠤ ᠨᠠᠮ᠎ᠤᠨ ᠦᠭᠡ ᠵᠢ ᠰᠣᠨᠣᠰᠬᠤ ᠲᠠᠯ᠎ᠠ᠎ᠪᠠᠷ ᠵᠢᠱ᠌ᠢᠶᠡᠴᠢ ᠪᠣᠯᠤᠭᠰᠠᠨ ᠶᠤᠮ ᠃
ᠥᠪᠥᠷ ᠮᠣᠩᠭᠣᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ ᠡᠷᠲᠡ ᠨᠠᠮ᠎ᠤᠨ ᠵᠣᠬᠢᠶᠠᠨ ᠪᠠᠢ᠌ᠭᠤᠯᠤᠯᠲᠠ ᠪᠠᠢ᠌ᠭᠤᠯᠤᠭᠰᠠᠨ ᠦᠨᠳᠦᠰᠦᠲᠡᠨ᠎ᠤ ᠣᠷᠣᠨ ᠪᠣᠯᠣᠨ᠎ᠠ
1921 ᠣᠨ᠎ᠳᠤ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ᠎ᠢ ᠲᠤᠩᠬᠠᠭᠯᠠᠵᠤ ᠂ ᠳᠤᠮᠳᠠᠳᠤ ᠤᠯᠤᠰ᠎ᠤᠨ ᠲᠡᠦᠬᠡ ᠴᠣ᠌ ᠰᠢᠨ᠎ᠡ ᠬᠠᠭᠤᠳᠠᠰᠤ ᠵᠢ ᠰᠡᠬᠦᠵᠦ ᠂ ᠭᠠᠰᠠᠯᠠᠩ ᠵᠣᠪᠠᠯᠠᠩ᠎ᠳᠤ ᠤᠴᠠᠷᠠᠭᠰᠠᠨ ᠥᠪᠥᠷ ᠮᠣᠩᠭᠣᠯ᠎ᠤᠨ ᠠᠷᠠᠳ ᠲᠦᠮᠡᠨ ᠪᠦᠬᠦ ᠤᠯᠤᠰ᠎ᠤᠨ ᠠᠷᠠᠳ ᠲᠦᠮᠡᠨ᠎ᠲᠠᠢ ᠠᠳᠠᠯᠢ᠎ᠪᠠᠷ ᠂ ᠡᠭᠦᠨ᠎ᠠᠴᠠ ᠡᠬᠢᠯᠡᠨ ᠬᠠᠮᠤᠭ᠎ᠤᠨ ᠲᠡᠷᠢᠭᠦᠨ᠎ᠤ ᠬᠠᠮᠤᠭ᠎ᠤᠨ ᠪᠠᠲᠤ ᠴᠢᠩᠭ᠎ᠠ ᠤᠳᠤᠷᠢᠳᠬᠤ ᠭᠣᠣᠯᠯᠠᠭᠴᠢ᠎ᠲᠠᠢ ᠪᠣᠯᠵᠠᠢ ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ ᠡᠬᠢᠨ᠎ᠤ ᠦᠶ᠎ᠡ᠎ᠳᠤ ᠂ ᠨᠠᠮ᠎ᠤᠨ ᠤᠮᠠᠷᠠᠲᠤ ᠣᠷᠣᠨ᠎ᠳᠠᠬᠢ ᠠᠵᠢᠯ᠎ᠢ ᠬᠠᠷᠢᠭᠤᠴᠠᠵᠤ ᠪᠠᠢ᠌ᠭᠰᠠᠨ ᠬᠤᠪᠢᠰᠬᠠᠯ᠎ᠤᠨ ᠬᠣᠰᠢᠭᠤᠴᠢ ᠯᠢ ᠳ᠋ᠡ ᠵᠤᠤ ᠨᠥᠬᠥᠷ ᠳᠠᠷᠤᠢ ᠮᠣᠩᠭᠣᠯ ᠦᠨᠳᠦᠰᠦᠲᠡᠨ᠎ᠤ ᠤᠯᠠᠨ ᠲᠦᠮᠡᠨ᠎ᠤ ᠳᠤᠮᠳᠠ ᠮᠠᠷᠺᠰ᠎ᠤᠨ ᠦᠵᠡᠯ᠎ᠢ ᠤᠯᠠᠮᠵᠢᠯᠠᠬᠤ᠂ ᠡᠪ ᠬᠠᠮᠲᠤ ᠶᠣᠰᠣᠨ᠎ᠤ ᠲᠡᠷᠢᠭᠦᠨ᠎ᠤ ᠬᠥᠮᠥᠰ᠎ᠢ ᠬᠥᠮᠥᠵᠢᠭᠦᠯᠬᠦ ᠠᠵᠢᠯ᠎ᠢ ᠰᠢᠭᠤᠳ ᠤᠳᠤᠷᠢᠳᠬᠤ ᠪᠠ ᠲᠡᠭᠦᠨ᠎ᠳᠤ ᠣᠷᠣᠯᠴᠠᠵᠤ ᠂ ᠬᠠᠨ ᠯᠢᠨ ᠹᠦ᠋ ᠂ ᠷᠦᠩ ᠶᠣᠣ ᠰᠢᠶᠠᠨ ᠂ ᠳ᠋ᠦᠸᠸ ᠰᠦᠩ ᠨᠢᠶᠠᠨ ᠂ ᠤᠯᠠᠭ᠋ᠠᠨᠬᠦᠦ ᠵᠡᠷᠭᠡ ᠨᠢᠭᠡ ᠪᠦᠯᠦᠭ ᠥᠪᠥᠷ ᠮᠣᠩᠭᠣᠯ ᠨᠤᠲᠤᠭ᠎ᠲᠠᠢ ᠡᠪ ᠬᠠᠮᠲᠤᠴᠤᠳ᠎ᠢ ᠬᠥᠭᠵᠢᠭᠦᠯᠵᠡᠢ ᠃ 1925 ᠣᠨ᠎ᠳᠤ ᠨᠠᠮ᠎ᠤᠨ ᠳᠥᠷᠪᠡᠳᠦᠭᠡᠷ ᠶᠡᠬᠡ ᠬᠤᠷᠠᠯ ᠬᠤᠷᠠᠯᠳᠤᠬᠤ ᠪᠣᠯᠲᠠᠯ᠎ᠠ ᠂ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠲᠣᠭ᠎ᠠ 994 ᠯᠡ ᠪᠠᠢ᠌ᠵᠤ ᠂ ᠥᠪᠥᠷ ᠮᠣᠩᠭᠣᠯ ᠣᠷᠣᠨ᠎ᠤ ᠠᠩᠬᠠᠳᠠᠬ᠍ᠴᠢ ᠪᠦᠯᠦᠭ ᠡᠪ ᠬᠠᠮᠲᠤᠴᠤᠳ ᠲᠡᠭᠦᠨ᠎ᠤ ᠳᠣᠲᠣᠷ᠎ᠠ ᠨᠡᠯᠢᠶᠡᠳ ᠶᠡᠬᠡ ᠬᠤᠪᠢ ᠵᠢᠨ ᠵᠢᠩ᠎ᠢ ᠡᠵᠡᠯᠡᠵᠦ ᠪᠠᠢ᠌ᠪᠠ ᠃ ᠪᠡᠭᠡᠵᠢᠩ᠎ᠤᠨ ᠮᠣᠩᠭᠣᠯ ᠲᠥᠪᠡᠳ᠎ᠤᠨ ᠰᠤᠷᠭ᠋ᠠᠭᠤᠯᠢ᠎ᠳᠤ ᠂ 1923 ᠣᠨ᠎ᠳᠤ ᠮᠣᠩᠭᠣᠯ ᠦᠨᠳᠦᠰᠦᠲᠡᠨ᠎ᠤ ᠠᠩᠬᠠᠳᠠᠭᠴᠢ ᠵᠠᠯᠠᠭᠤᠴᠤᠳ᠎ᠤᠨ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠵᠤ ᠂ 1925 ᠣᠨ᠎ᠳᠤ ᠨᠠᠮ᠎ᠤᠨ ᠲᠡᠦᠬᠡᠨ ᠳᠡᠭᠡᠷᠡᠬᠢ ᠠᠩᠬᠠᠳᠠᠭᠴᠢ ᠴᠥᠭᠡᠨ ᠲᠣᠭ᠋ᠠᠲᠤ ᠦᠨᠳᠦᠰᠦᠲᠡᠨ᠎ᠤ ᠨᠠᠮ᠎ᠤᠨ ᠭᠡᠰᠢᠭᠦᠨ ᠵᠶ᠋ᠡᠷ ᠪᠦᠷᠢᠯᠳᠦᠭᠰᠡᠨ ᠨᠠᠮ᠎ᠤᠨ ᠡᠭᠦᠷ᠎ᠢ ᠪᠠᠢ᠌ᠭᠤᠯᠪᠠ ᠃ 1925 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠨᠠᠮ᠎ᠤᠨ ᠬᠣᠷᠢᠶ᠎ᠠ ᠥᠪᠥᠷ ᠮᠣᠩᠭᠣᠯ ᠣᠷᠣᠨ᠎ᠳᠤ ᠤᠷᠢᠳ ᠬᠣᠵᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠷᠸᠾᠸ᠂ ᠴᠠᠬᠠᠷ᠂ ᠰᠦᠢ᠍ᠶᠤᠸᠠᠨ ᠪᠣᠯᠣᠨ ᠪᠤᠭᠤᠲᠤ ᠵᠡᠷᠭᠡ ᠲᠦᠷᠪᠡᠨ ᠠᠵᠢᠯ᠎ᠤᠨ ᠬᠣᠷᠢᠶ᠎ᠠ ᠵᠢ ᠪᠠᠢ᠌ᠭᠤᠯᠪᠠ ᠃ ᠪᠤᠰᠤᠳ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠲᠠᠢ ᠬᠠᠷᠢᠴᠠᠭᠤᠯᠪᠠᠯ ᠪᠦᠷ ᠡᠷᠲᠡ ᠪᠠᠢ᠌ᠵᠤ᠂ ᠭᠤᠸᠠᠩᠰᠢ ᠵᠢᠨ ᠬᠠᠮᠤᠭ ᠡᠷᠲᠡᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠬᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠧᠦ ᠵᠢᠨ ᠨᠠᠮ᠎ᠤᠨ ᠡᠭᠦᠷ 1925 ᠣᠨ᠎ᠤ 10 ᠰᠠᠷ᠎ᠠ᠎ᠳᠤ ᠪᠠᠢ᠌ᠭᠤᠯᠤᠭᠳᠠᠵᠤ ᠂ ᠨᠢᠩᠰᠢᠶᠠ ᠵᠢᠨ ᠬᠠᠮᠤᠭ ᠡᠷᠲᠡᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠣᠨᠴᠠᠭ᠋ᠠᠶ ᠡᠭᠦᠷ 1926 ᠣᠨ᠎ᠤ ᠡᠪᠦᠯ ᠪᠠᠢ᠌ᠭᠤᠯᠤᠭᠳᠠᠵᠤ᠂ ᠰᠢᠨᠵᠢᠶᠠᠩ᠎ᠤᠨ ᠬᠠᠮᠤᠭ ᠡᠷᠲᠡᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠬᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠨᠵᠢᠶᠠᠩ᠎ᠤᠨ ᠬᠤᠪᠢᠶᠠᠷᠢ ᠲᠣᠪᠴᠢᠶ᠎ᠠ 1949 ᠣᠨ᠎ᠤ 11 ᠰᠠᠷ᠎ᠠ᠎ᠳᠤ ᠪᠠᠢ᠌ᠭᠤᠯᠤᠭᠳᠠᠵᠤ ᠂ ᠲᠥᠪᠡᠳ᠎ᠤᠨ ᠬᠠᠮᠤᠭ ᠡᠷᠲᠡᠨ᠎ᠤ ᠨᠠᠮ᠎ᠤᠨ ᠵᠣᠬᠢᠶᠠᠨ ᠪᠠᠢ᠌ᠭᠤᠯᠤᠯᠲᠠ 1959 ᠣᠨ᠎ᠤ 12 ᠰᠠᠷ᠎ᠠ᠎ᠳᠤ ᠪᠠᠢ᠌ᠭᠤᠯᠤᠭᠳᠠᠪᠠ᠃
ᠲᠦᠷᠪᠡᠨ ᠠᠵᠢᠯ᠎ᠤᠨ ᠬᠣᠷᠢᠶ᠎ᠠ ᠪᠠᠢ᠌ᠭᠤᠯᠤᠭᠳᠠᠭᠰᠠᠨ᠎ᠠᠴᠠ ᠡᠬᠢᠯᠡᠨ ᠂ ᠥᠪᠥᠷ ᠮᠣᠩᠭᠣᠯ ᠣᠷᠣᠨ᠎ᠤ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠢ᠌ᠭᠤᠯᠤᠯᠲᠠ ᠤᠤᠯ᠎ᠤᠨ ᠬᠠᠪᠤᠷ᠎ᠤᠨ ᠡᠪᠡᠰᠦ ᠰᠢᠭ ᠤᠷᠳᠤ ᠤᠳᠠᠭ᠋ᠠᠨ ᠬᠤᠪᠢᠰᠬᠠᠯᠲᠤ ᠲᠠᠢ᠍ᠢ᠍ᠨ᠎ᠤ ᠦᠶ᠎ᠡ ᠵᠢᠨ ᠬᠦᠨᠳᠦ ᠬᠡᠴᠡᠭᠦᠦ ᠣᠷᠴᠢᠨ ᠲᠣᠭᠣᠷᠢᠨ᠎ᠳᠤ ᠦᠶ᠎ᠡ ᠤᠯᠠᠷᠢᠨ ᠣᠷᠣᠰᠢᠨ ᠲᠣᠭᠲᠠᠨᠢᠵᠤ ᠪᠠᠢ᠌ᠪᠠ ᠃ ᠥᠪᠥᠷ ᠮᠣᠩᠭᠣᠯ᠎ᠤᠨ ᠠᠩᠬᠠᠨ᠎ᠤ ᠪᠦᠯᠦᠭ ᠡᠪ ᠬᠠᠮᠲᠤᠴᠤᠳ ᠪᠤᠢ ᠪᠣᠯᠤᠭᠰᠠᠨ ᠪᠠ ᠮᠣᠩᠭᠣᠯ ᠲᠥᠪᠡᠳ᠎ᠤᠨ ᠰᠤᠷᠭ᠋ᠠᠭᠤᠯᠢ ᠵᠢᠨ ᠨᠠᠮ᠂ ᠡᠪᠯᠡᠯ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠭᠰᠠᠨ ᠶᠠᠪᠤᠳᠠᠯ ᠪᠣᠯ 《 ᠡᠮᠦᠨ᠎ᠡ ᠲᠠᠯ᠎ᠠ ᠵᠢᠨ ᠴᠧᠨ ᠣᠪᠣᠭᠲᠤ ᠬᠣᠢ᠌ᠲᠤ ᠲᠠᠯ᠎ᠠ ᠵᠢᠨ ᠯᠢ ᠣᠪᠣᠭᠲᠤ ᠬᠣᠶᠠᠭᠤᠯᠠ ᠪᠣᠯᠵᠣᠵᠤ ᠨᠠᠮ ᠪᠠᠢ᠌ᠭᠤᠯᠤᠭᠰᠠᠨ 》᠎ᠤ ᠰᠢᠭᠤᠳ ᠦᠷ᠎ᠡ ᠪᠦᠲᠦᠭᠡᠯ ᠮᠥᠨ ᠂ ᠥᠪᠥᠷ ᠮᠣᠩᠭᠣᠯ ᠣᠷᠣᠨ᠎ᠤ 《 ᠲᠦᠷᠪᠡᠨ ᠠᠵᠢᠯ᠎ᠤᠨ ᠬᠣᠷᠢᠶ᠎ᠠ 》 ᠵᠢ ᠪᠠᠢ᠌ᠭᠤᠯᠤᠭᠰᠠᠨ ᠶᠠᠪᠤᠳᠠᠯ ᠪᠣᠯ ᠨᠠᠮ᠎ᠤᠨ ᠬᠤᠪᠢᠰᠬᠠᠯᠲᠤ ᠨᠢᠭᠡᠳᠦᠮᠡᠯ ᠹᠷᠣᠨᠲ᠎ᠤᠨ ᠠᠷᠭ᠎ᠠ ᠪᠣᠳᠣᠯᠭ᠎ᠠ ᠵᠢ ᠬᠡᠷᠡᠭᠵᠢᠭᠦᠯᠦᠭᠰᠡᠨ ᠤᠯᠤᠰ ᠲᠦᠷᠦ ᠵᠢᠨ ᠠᠮᠵᠢᠯᠲᠠ ᠮᠥᠨ ᠃ ᠨᠠᠮ᠎ᠤᠨ ᠵᠣᠬᠢᠶᠠᠨ ᠪᠠᠢ᠌ᠭᠤᠯᠤᠯᠲᠠ ᠵᠢ ᠨᠡᠯᠢᠶᠡᠳ ᠡᠷᠲᠡ ᠪᠠᠢ᠌ᠭᠤᠯᠵᠤ ᠴᠢᠳᠠᠭᠰᠠᠨ᠎ᠨᠢ ᠨᠠᠮ᠎ᠠᠴᠠ ᠥᠪᠥᠷ ᠮᠣᠩᠭᠣᠯ᠎ᠤᠨ ᠬᠤᠪᠢᠰᠬᠠᠯ᠎ᠤᠨ ᠠᠵᠢᠯ᠎ᠢ ᠴᠢᠬᠤᠯᠠᠴᠢᠯᠠᠵᠤ ᠪᠠᠢ᠌ᠭ᠎ᠠ ᠵᠢ ᠬᠠᠷᠠᠭᠤᠯᠵᠤ ᠪᠠᠢ᠌ᠬᠤ ᠮᠥᠷᠲᠡᠭᠡᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠤᠪᠢᠰᠬᠠᠯ᠎ᠤᠨ ᠤᠬᠠᠮᠰᠠᠷ᠎ᠢ ᠨᠡᠯᠢᠶᠡᠳ ᠡᠷᠲᠡ ᠰᠡᠬᠡᠭᠡᠷᠡᠭᠦᠯᠵᠦ ᠪᠠᠢ᠌ᠭ᠎ᠠ ᠵᠢ ᠴᠤ᠌ ᠬᠠᠷᠠᠭᠤᠯᠵᠤ ᠪᠠᠢ᠌ᠨ᠎ᠠ ᠃ ᠡᠳᠡᠭᠡᠷ ᠨᠡᠯᠢᠶᠡᠳ ᠡᠷᠲᠡ ᠪᠠᠢ᠌ᠭᠤᠯᠤᠭᠳᠠᠭᠰᠠᠨ ᠨᠠᠮ᠎ᠤᠨ ᠵᠣᠬᠢᠶᠠᠨ ᠪᠠᠢ᠌ᠭᠤᠯᠤᠯᠲᠠ᠎ᠨᠢ ᠪᠠᠰᠠ ᠥᠪᠥᠷ ᠮᠣᠩᠭᠣᠯ ᠣᠷᠣᠨ᠎ᠤ ᠬᠤᠪᠢᠰᠬᠠᠯ᠎ᠤᠨ ᠦᠢ᠍ᠯᠡᠰ᠎ᠢ ᠠᠬᠢᠭᠤᠯᠬᠤ᠎ᠳᠤ ᠤᠷᠢᠳ ᠵᠶ᠋ᠠᠷ ᠵᠢᠯᠤᠭᠣᠳᠬᠤ ᠦᠢ᠍ᠯᠡᠳᠦᠯ ᠦᠵᠡᠭᠦᠯᠦᠭᠰᠡᠨ ᠪᠠᠢ᠌ᠨ᠎ᠠ ᠃