ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠯᠥᠨ ᠪᠣᠶ᠋ᠢᠷ ᠬᠣᠲᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-08

      ᠲᠦᠷᠦᠭᠦᠬᠡᠨ᠂ ᠬᠥᠯᠥᠨ ᠪᠣᠶ᠋ᠢᠷ ᠬᠣᠲᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠥ ᠬᠣᠲᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠭᠦᠨᠵᠡᠭᠡᠢ ᠲᠦᠯᠬᠢᠨ ᠠᠬᠢᠭᠤᠯᠬᠤ᠎ᠳᠤ ᠳᠠᠬᠢᠨ ᠳᠠᠢ᠌ᠴᠢᠯᠠᠯᠲᠠ᠂ ᠳᠠᠬᠢᠨ ᠪᠠᠢ᠌ᠷᠢᠯᠠᠭᠤᠯᠤᠯᠲᠠ᠂ ᠳᠠᠬᠢᠨ ᠴᠢᠬᠤᠯᠠᠴᠢᠯᠠᠭ᠎ᠠ ᠬᠢᠵᠦ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠪᠠ᠃ ᠬᠥᠯᠥᠨ ᠪᠣᠶ᠋ᠢᠷ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠠᠷᠤᠭ᠎ᠠ  ᠰᠢᠨ  ᠱᠤ᠌ ᠭᠤᠸᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ; ᠬᠥᠯᠥᠨ ᠪᠤᠢ᠍ᠢ᠍ᠷ ᠬᠤᠳᠠ ᠵᠢᠨ  ᠦᠨᠡᠨᠴᠢ  ᠢᠲᠡᠭᠡᠮᠵᠢ ᠵᠢᠨ  ᠪᠠᠢ᠌ᠭᠤᠯᠤᠯᠲᠠ ᠵᠢᠨ  ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ᠎ᠤᠨ ᠡᠯ᠎ᠡ ᠪᠦᠷᠢᠯᠳᠦᠭᠦᠨ  ᠨᠢᠭᠡᠴᠢ ᠵᠢᠨ ᠬᠠᠷᠢᠭᠤᠴᠠᠯᠭ᠋ᠠᠲᠠᠨ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠪᠠ ᠃

     ᠬᠤᠷᠠᠯ᠎ᠠᠴᠠ ᠪᠦᠬᠦ ᠬᠤᠳᠠ ᠵᠢᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠶᠡᠷᠦᠩᠬᠡᠢ ᠴᠣᠭᠴᠠ ᠵᠢᠴᠢ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ ; ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ ᠂ ᠨᠡᠢ᠌ᠭᠡᠮ᠎ᠤᠨ ᠦᠨᠡᠨᠴᠢ ᠢᠲᠡᠭᠡᠮᠵᠢ ᠂ ᠬᠠᠤᠯᠢ ᠴᠠᠭ᠋ᠠᠵᠠ ᠵᠢᠨ ᠤᠯᠠᠨ ᠨᠡᠶ᠋ᠢᠲᠡ ᠵᠢᠨ ᠢᠲᠡᠭᠡᠮᠵᠢ ᠵᠡᠷᠭᠡ ᠲᠦᠷᠪᠡᠨ ᠬᠦᠷᠢᠶᠡᠨ᠎ᠤ ᠲᠤᠰᠬᠠᠢ ᠲᠦᠷᠦᠯ᠎ᠤᠨ ᠠᠬᠢᠭᠤᠯᠬᠤ ᠳᠤᠭᠤᠢ᠌ᠯᠠᠩ᠎ᠠᠴᠠ ᠳᠠᠷᠠᠭ᠋ᠠᠴᠢ ᠵᠢᠨ ᠠᠯᠬᠤᠮ᠎ᠤᠨ ᠬᠣᠯᠪᠣᠭᠳᠠᠯ ᠪᠦᠬᠦᠢ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠡᠢ ᠃

      ᠬᠤᠷᠠᠯ᠎ᠠᠴᠠ  ᠵᠢᠭ᠋ᠠᠵᠤ ᠭᠠᠷᠭ᠋ᠠᠭᠰᠠᠨ᠎ᠨᠢ᠂ ᠤᠯᠤᠰ ᠲᠦᠷᠦ ᠵᠢᠨ ᠵᠣᠭᠰᠣᠴᠠ᠎ᠪᠠᠨ ᠴᠢᠩᠭ᠋ᠠᠳᠬᠠᠵᠤ᠂ ᠪᠦᠬᠦ ᠲᠠᠯ᠎ᠠ ᠵᠢᠨ ᠤᠬᠠᠮᠰᠠᠷ᠎ᠢ ᠪᠠᠲᠤᠳᠬᠠᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠬᠦ᠎ᠳᠤ ᠰᠠᠭᠤᠷᠢᠯᠠᠵᠤ ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠬᠤ ᠬᠡᠷᠡᠭᠲᠡᠢ ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》 《ᠵᠢᠷᠭᠤᠭ᠋ᠠᠨ ᠢᠨᠵᠧᠨᠧᠷᠢᠩ》 《ᠲᠤᠯᠤᠭ᠋ᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ》 ᠵᠢᠴᠢ ᠬᠥᠯᠥᠨ ᠪᠣᠶ᠋ᠢᠷ᠎ᠤᠨ 《ᠲᠠᠪᠤᠨ ᠶᠡᠬᠡ ᠠᠵᠢᠯᠯᠠᠭ᠋ᠠᠨ᠎ᠤ ᠲᠥᠯᠥᠪᠯᠡᠭᠡ》 ᠵᠢ ᠰᠠᠢ᠌ᠲᠤᠷ ᠬᠢᠬᠦ ᠵᠢᠨ ᠴᠢᠬᠤᠯᠠ ᠭᠠᠷᠳᠠᠴᠠ ᠪᠣᠯᠭ᠋ᠠᠵᠤ᠂ ᠬᠦᠴᠦᠲᠡᠢ ᠠᠬᠢᠭᠤᠯᠤᠨ᠂ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢ᠌ᠭᠡᠮ᠎ᠤᠨ ᠦᠨᠡᠨᠴᠢ ᠢᠲᠡᠭᠡᠮᠵᠢ᠂ ᠬᠠᠤᠯᠢ ᠴᠠᠭ᠋ᠠᠵᠠ ᠵᠢᠨ ᠣᠯᠠᠨ ᠨᠡᠶ᠋ᠢᠲᠡ ᠵᠢᠨ ᠢᠲᠡᠭᠡᠮᠵᠢ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ ᠭᠡᠪᠡ ᠃

      ᠬᠤᠷᠠᠯ᠎ᠠᠴᠠ  ᠴᠢᠩᠭ᠋ᠠᠳᠬᠠᠭᠰᠠᠨ᠎ᠨᠢ᠂ ᠬᠠᠷᠠᠯᠲᠠ ᠡᠭᠦᠷᠭᠡ ᠵᠢᠨ ᠲᠣᠭᠣᠷᠢᠨ᠎ᠳᠤ ᠂ ᠭᠣᠣᠯᠳᠠᠯᠭ᠎ᠠ᠎ᠲᠠᠢ ᠴᠢᠭᠯᠡᠯ᠎ᠢ ᠴᠢᠩᠭ᠎ᠠ ᠠᠩᠬᠠᠷᠴᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ ᠃ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ 《ᠨᠢᠭᠡ ᠬᠤᠪᠢ ᠵᠢᠨ ᠪᠠᠢ᠌ᠷᠢᠯᠠᠭᠤᠯᠤᠯᠲᠠ ᠶᠢᠰᠦᠨ ᠬᠤᠪᠢ ᠵᠢᠨ ᠨᠠᠢ᠌ᠳᠠᠪᠤᠷᠢᠵᠢᠭᠤᠯᠤᠯᠲᠠ 》 ᠵᠢ ᠪᠠᠷᠢᠮᠲᠠᠯᠠᠨ᠂ ᠠᠷᠭ᠎ᠠ ᠬᠡᠮᠵᠢᠶ᠎ᠡ ᠵᠢ ᠦᠷᠭᠦᠯᠵᠢᠯᠡᠨ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯ᠎ᠤᠨ ᠲᠣᠭᠲᠠᠴᠠ ᠵᠢ ᠪᠣᠶ ᠪᠣᠯᠭ᠋ᠠᠬᠤ᠎ᠳᠤ ᠰᠠᠭᠤᠷᠢ ᠲᠤᠯᠭ᠋ᠠᠭᠤᠷᠢᠯᠠᠯ  ᠬᠠᠩᠭ᠋ᠠᠬᠤ ᠬᠡᠷᠡᠭᠲᠡᠢ; ᠭᠣᠣᠯᠳᠠᠯᠭ᠎ᠠ᠎ᠲᠠᠢ ᠬᠦᠴᠢᠷ  ᠠᠰᠠᠭᠤᠳᠠᠯ᠎ᠤᠨ  ᠲᠠᠯ᠎ᠠ᠎ᠪᠠᠷ ᠰᠢᠪᠲᠤᠯᠤᠯᠲᠠ ᠭᠠᠷᠭ᠋ᠠᠬᠤ ᠵᠢ ᠴᠢᠩᠭ᠋ᠠᠳᠬᠠᠵᠤ ᠂ ᠤᠯᠠᠨ ᠲᠦᠮᠡᠨ᠎ᠤ ᠲᠤᠰᠬᠠᠯ ᠶᠡᠬᠡᠲᠡᠢ᠂ ᠠᠵᠤ ᠠᠬᠤᠢ᠌ᠯᠠᠯ ᠲᠡᠭᠦᠨ᠎ᠤ ᠬᠠᠷᠰᠢᠯᠠᠯ᠎ᠢ ᠭᠦᠨ ᠠᠮᠰᠠᠭᠰᠠᠨ ᠡᠪᠡᠷᠰᠢᠶᠡᠯ ᠂ ᠲᠦᠭᠵᠢᠷᠡᠯ ᠂ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ ; ᠨᠡᠢ᠌ᠲᠡᠯᠢᠭ ᠴᠢᠨᠠᠷ ᠪᠠ ᠥᠪᠡᠷᠮᠢᠴᠡ ᠴᠢᠨᠠᠷ᠎ᠤᠨ ᠤᠶᠠᠯᠳᠤᠯ᠎ᠢ ᠭᠦᠨᠵᠡᠭᠡᠢ᠌ᠷᠡᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠨᠡᠨᠴᠢ ᠢᠲᠡᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ 《ᠬᠥᠯᠥᠨ ᠪᠣᠶ᠋ᠢᠷ᠎ᠤᠨ ᠲᠤᠷᠰᠢᠯᠭ᠎ᠠ》 ᠵᠢ ᠪᠣᠶ  ᠪᠤᠯᠭ᠋ᠠᠬᠤ ᠬᠡᠷᠡᠭᠲᠡᠢ ᠭᠡᠪᠡ ᠃

      ᠬᠤᠷᠠᠯ᠎ᠠᠴᠠ  ᠱᠠᠭ᠋ᠠᠷᠳᠠᠭᠰᠠᠨ᠎ᠨᠢ᠂ ᠬᠠᠮᠵᠢᠯᠴᠠᠨ ᠥᠨᠳᠥᠷ ᠪᠦᠲᠦᠮᠵᠢᠲᠡᠢ ᠪᠠᠢ᠌ᠬᠤ ᠵᠢ ᠪᠠᠷᠢᠮᠲᠠᠯᠠᠵᠤ ᠂ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠎ᠠ ᠠᠳᠬᠤᠵᠤ ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ᠎ᠤᠨ ᠬᠦᠴᠦᠨ᠎ᠢ ᠬᠦᠴᠦᠯᠡᠨ ᠪᠦᠷᠢᠯᠳᠦᠭᠦᠯᠬᠦ ᠬᠡᠷᠡᠭᠲᠡᠢ ᠃ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠶ᠋ᠡᠷ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢᠨ ᠬᠠᠷᠢᠭᠤᠴᠠᠯᠭ᠎ᠠ ᠵᠢ ᠨᠠᠷᠢᠨ ᠲᠠᠩᠰᠠᠴᠢᠯᠠᠵᠤ ᠂ ᠬᠠᠷᠢᠭᠤᠴᠠᠯᠭ᠎ᠠ ᠵᠢᠨ ᠳᠦᠷᠢᠮ ᠵᠶ᠋ᠡᠷ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ ᠂ ᠬᠠᠷᠢᠭᠤᠴᠠᠯᠭ᠎ᠠ ᠵᠢᠨ ᠳᠦᠷᠢᠮ ᠵᠶ᠋ᠡᠷ ᠦᠷ᠎ᠡ ᠪᠦᠲᠦᠮᠵᠢ ᠵᠢ ᠪᠠᠲᠤᠯᠠᠵᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠬᠤ ᠂ ᠱᠠᠲᠤ ᠱᠠᠲᠤ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠪᠠᠢ᠌ᠳᠠᠯ᠎ᠢ ᠪᠤᠢ ᠪᠣᠯᠭ᠋ᠠᠬᠤ ᠬᠡᠷᠡᠭᠲᠡᠢ ; ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠵᠤ ᠂ 《  ᠵᠠᠮ ᠱᠤᠭᠤᠮ᠎ᠤᠨ ᠵᠢᠷᠤᠭ 》᠎ᠢ ᠰᠠᠢ᠌ᠲᠤᠷ ᠲᠣᠭᠲᠠᠭ᠋ᠠᠵᠤ ᠂ 《  ᠴᠠᠭ᠎ᠤᠨ ᠬᠦᠰᠦᠨᠦᠭᠲᠦ 》 ᠵᠢ ᠰᠠᠢ᠌ᠲᠤᠷ ᠵᠢᠷᠤᠭᠯᠠᠵᠤ ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠨᠢᠭᠡᠳᠦᠯᠲᠡᠢ ᠪᠠᠢ᠌ᠬᠤ ᠪᠠ ᠰᠠᠯᠭ᠋ᠠᠬᠤ ᠵᠢ ᠤᠶᠠᠯᠳᠤᠭᠤᠯᠬᠤ ᠂ ᠰᠢᠰᠲ᠋ᠧᠮ ᠪᠠ ᠬᠡᠰᠡᠭ᠎ᠢ ᠤᠶᠠᠯᠳᠤᠭᠤᠯᠬᠤ ᠂ ᠱᠠᠲᠤ ᠲᠡᠰ᠎ᠤᠨ ᠬᠠᠮᠢᠶᠠᠷᠤᠯᠲᠠ ᠵᠢ ᠰᠠᠢ᠌ᠲᠤᠷ ᠠᠳᠬᠤᠬᠤ ᠬᠡᠷᠡᠭᠲᠡᠢ ; ᠭᠦᠨ ᠵᠤᠵᠠᠭ᠋ᠠᠨ ᠤᠬᠠᠭᠤᠯᠭ᠎ᠠ ᠵᠢᠨ ᠠᠭᠤᠷ ᠠᠮᠢᠰᠬᠤᠯ ᠵᠶ᠋ᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ ᠂ ᠵᠥᠪ ᠣᠨᠣᠪᠴᠢᠲᠠᠢ ᠤᠬᠠᠭᠤᠯᠭ᠎ᠠ ᠵᠢᠨ ᠤᠳᠤᠷᠢᠳᠤᠮᠵᠢ ᠵᠢ ᠪᠤᠢ ᠪᠣᠯᠭ᠋ᠠᠵᠤ ᠂ ᠦᠨᠡᠨᠴᠢ ᠢᠲᠡᠭᠡᠮᠵᠢᠲᠡᠢ ᠳᠦᠷᠢ ᠲᠥᠷᠬᠦ ᠵᠢ ᠡᠭᠦᠳᠦᠨ ᠪᠠᠶ᠋ᠢᠭᠤᠯᠬᠤ ᠠᠵᠢᠯᠯᠠᠭ᠎ᠠ᠎ᠪᠠᠷ ᠭᠠᠷᠳᠠᠴᠠ ᠪᠣᠯᠭ᠋ᠠᠵᠤ ᠂ ᠪᠦᠬᠦ ᠨᠡᠢ᠌ᠭᠡᠮ᠎ᠤᠨ ᠦᠨᠡᠨᠴᠢ ᠰᠢᠳᠤᠷᠭᠤ ᠂ ᠢᠲᠡᠭᠡᠯ᠎ᠲᠠᠢ ᠂ ᠠᠮᠠᠯᠠᠯᠲᠠ᠎ᠪᠠᠨ ᠦᠢ᠍ᠯᠡᠳᠦᠯᠭᠡᠵᠢᠭᠦᠯᠦᠭᠰᠡᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ; ᠴᠢᠩᠭ᠎ᠠ ᠰᠢᠮᠳᠠᠭᠤᠯᠤᠨ ᠵᠢᠯᠤᠭᠣᠳᠴᠤ ᠦᠷ᠎ᠡ ᠪᠦᠲᠦᠮᠵᠢ ᠠᠰᠠᠭᠤᠬᠤ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠭᠣᠣᠯᠳᠠᠯᠭ᠎ᠠ᠎ᠲᠠᠢ ᠠᠵᠢᠯ᠎ᠤᠨ ᠣᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠰᠢᠰᠲ᠋ᠧᠮᠵᠢ᠎ᠳᠤ ᠣᠷᠣᠭᠤᠯᠤᠨ᠂ ᠲᠡᠷᠢᠭᠦᠨ᠎ᠤ᠎ᠬᠢ ᠵᠢ ᠵᠣᠷᠢᠭᠵᠢᠭᠤᠯᠬᠤ᠂ ᠬᠣᠴᠤᠷᠤᠩᠭᠤᠢ ᠵᠢ ᠱᠠᠭ᠋ᠠᠷᠳᠠᠬᠤ᠂ ᠤᠷᠢᠲᠠ᠎ᠪᠠᠷ ᠴᠢᠷᠮᠠᠢ᠌ᠵᠤ ᠪᠠᠢ᠌ᠭ᠋ᠠᠳ ᠨᠠᠢ᠌ᠳᠠᠪᠤᠷᠢᠵᠢᠭᠤᠯᠤᠯᠲᠠ ᠵᠢ ᠠᠳᠬᠤᠬᠤ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ ᠬᠡᠷᠡᠭᠲᠡᠢ  ᠭᠡᠪᠡ ᠃

      ᠬᠤᠷᠠᠯ᠎ᠨᠢ  ᠸᠢᠳᠢᠣ᠋ ᠬᠤᠷᠠᠯ᠎ᠤᠨ ᠬᠡᠯᠪᠡᠷᠢ᠎ᠪᠠᠷ ᠡᠯ᠎ᠡ ᠬᠣᠰᠢᠭᠤ ᠬᠣᠲᠠ ᠲᠣᠭᠣᠷᠢᠭ᠎ᠲᠤ ᠶᠠᠪᠤᠭᠳᠠᠪᠠ᠃

 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠭᠦᠭᠡᠬᠤᠳᠠ ᠵᠢᠨ ᠳᠠᠭ᠋ᠠᠳᠬᠠᠯ᠎ᠤᠨ ᠮᠡᠬᠡᠯᠡᠯ᠎ᠢ ᠡᠰᠡᠷᠭᠦᠴᠡᠬᠦ ᠬᠣᠯᠪᠣᠭ᠋ᠠᠯᠠᠬᠤ ᠦᠷᠳᠡᠭᠡ ᠪᠠᠢ᠌ᠭᠤᠯᠤᠭᠳᠠᠵᠠᠢ
ᠪᠦᠭᠦ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ 《ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠠᠶᠠᠯᠠᠯ》᠎ᠤᠨ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠡᠬᠢᠯᠡᠯ᠎ᠡ
ᠮᠠᠨ᠎ᠤ ᠣᠷᠣᠨ ᠬᠠᠤᠯᠢ᠎ᠠᠴᠠ ᠵᠥᠷᠢᠴᠡᠨ ᠣᠢ᠌ᠲᠤ ᠭᠠᠵᠠᠷ ᠨᠤᠲᠤᠭ ᠪᠡᠯᠴᠢᠭᠡᠷ᠎ᠢ ᠬᠠᠭ᠋ᠠᠯᠪᠤᠷᠢᠯᠠᠭᠰᠠᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ
             
              
 
            