3 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠳᠠᠬᠢ ᠠᠵᠢᠯ᠎ᠢ ᠲᠦᠯᠬᠢᠨ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠲᠤᠰᠬᠠᠢ ᠲᠦᠯᠬᠢᠨ ᠠᠬᠢᠭᠤᠯᠬᠤ ᠳᠤᠭᠤᠢ᠌ᠯᠠᠩ᠎ᠤᠨ ᠳᠠᠷᠤᠭ᠎ᠠ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠢ ᠡᠷᠭᠢᠯᠡᠵᠦ ᠶᠠᠷᠢᠶ᠎ᠠ ᠲᠠᠯᠪᠢᠪᠠ᠃
ᠬᠤᠷᠠᠯ᠎ᠠᠴᠠ 2024 ᠣᠨ᠎ᠤ ᠪᠦᠬᠦ ᠣᠷᠣᠨ᠎ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠪᠦᠬᠦ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠠᠬᠢᠭᠤᠯᠬᠤ ᠬᠤᠷᠠᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠡᠭᠦᠷᠭᠡ ᠠᠷᠭ᠎ᠠ ᠬᠡᠮᠵᠢᠶ᠎ᠡ᠎ᠳᠤ ᠲᠠᠢ᠌ᠯᠤᠮᠵᠢ ᠬᠢᠵᠦ ᠂ ᠠᠵᠢᠯ ᠵᠶ᠋ᠠᠨ ᠴᠢᠨᠠᠭᠰᠢᠳᠠ ᠳ᠋ᠦᠩᠨᠡᠵᠦ ᠂ ᠠᠰᠠᠭᠤᠳᠠᠯ᠎ᠢ ᠵᠠᠳᠠᠯᠵᠤ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠵᠡᠢ ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠬᠤ ᠲᠤᠰᠬᠠᠢ ᠳᠤᠭᠤᠢ᠌ᠯᠠᠩ᠎ᠤᠨ ᠳᠡᠳ᠋ ᠳᠠᠷᠤᠭ᠎ᠠ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ ᠂ ᠳᠡᠳ᠋ ᠲᠢᠩᠬᠢᠮ᠎ᠤᠨ ᠳᠠᠷᠤᠭ᠎ᠠ ᠵᠠᠩ ᠱᠧᠩ ᠨᠥᠬᠥᠷ 《 ᠪᠦᠬᠦ ᠣᠷᠣᠨ᠎ᠳᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠤᠨ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠭᠣᠣᠯ ᠡᠭᠦᠷᠭᠡ ᠂ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢᠴᠢ ᠠᠬᠢᠭᠤᠯᠬᠤ ᠠᠷᠭ᠎ᠠ ᠬᠡᠮᠵᠢᠶ᠎ᠡ᠎ᠳᠤ ᠲᠠᠢ᠌ᠯᠤᠮᠵᠢ ᠬᠢᠵᠦ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠲᠤᠰᠬᠠᠢ ᠠᠬᠢᠭᠤᠯᠬᠤ ᠳᠤᠭᠤᠢ᠌ᠯᠠᠩ᠎ᠤᠨ ᠡᠯ᠎ᠡ ᠪᠦᠷᠢᠯᠳᠦᠭᠦᠨ ᠨᠢᠭᠡᠴᠢ ᠵᠢᠨ᠎ᠬᠢᠨ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠤ ᠠᠵᠢᠯ᠎ᠢ ᠠᠬᠢᠭᠤᠯᠬᠤ᠎ᠳᠤ ᠣᠷᠣᠰᠢᠵᠤ ᠪᠠᠢ᠌ᠭ᠎ᠠ ᠠᠰᠠᠭᠤᠳᠠᠯ ᠪᠣᠯᠣᠨ ᠰᠠᠨᠠᠭᠤᠯᠭ᠎ᠠ ᠵᠢᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠨ ᠶᠠᠷᠢᠯᠴᠠᠪᠠ ᠃
ᠬᠤᠷᠠᠯ᠎ᠠᠴᠠ ᠴᠢᠩᠭ᠋ᠠᠳᠬᠠᠭᠰᠠᠨ᠎ᠨᠢ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠬᠦ ᠬᠡᠷᠡᠭᠲᠡᠢ ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠪᠥᠬᠥ ᠣᠷᠣᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠳᠠᠬᠢ ᠥᠯᠢᠭᠡᠷ ᠳᠠᠭᠤᠷᠢᠶᠠᠯ ᠪᠠ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠨᠵᠡᠭᠡᠢ ᠲᠠᠨᠢᠵᠤ᠂ ᠰᠦᠨ ᠱᠣᠸ᠋ ᠴᠧᠩ ᠱᠦᠵᠢ ᠵᠢᠨ 2024 ᠣᠨ᠎ᠤ ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠳᠠᠬᠢ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠬᠤ
ᠬᠡᠷᠡᠭᠲᠡᠢ᠃ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠬᠡᠷᠡᠭᠲᠡᠢ ᠃ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠲᠣᠳᠣᠷᠬᠠᠢ ᠬᠠᠭᠤᠳᠠᠰᠤᠵᠢᠭᠤᠯᠤᠨ ᠪᠣᠳᠠᠲᠠᠢ᠌ᠵᠢᠭᠤᠯᠵᠤ᠂ ᠪᠡᠶᠡᠯᠡᠭᠦᠯᠬᠦ ᠴᠠᠭ ᠬᠤᠭᠤᠴᠠᠭ᠎ᠠ ᠵᠢ ᠲᠣᠳᠣᠷᠬᠠᠢ᠌ᠯᠠᠨ᠂ ᠡᠯ᠎ᠡ ᠵᠦᠢ᠍ᠯ᠎ᠤᠨ ᠠᠵᠢᠯ᠎ᠢ ᠥᠨᠳᠥᠷ ᠪᠠᠷᠢᠮᠵᠢᠶ᠎ᠠ᠂ ᠴᠢᠨᠠᠷ ᠰᠠᠢ᠌ᠲᠠᠢ᠂ ᠥᠨᠳᠥᠷ ᠦᠷ᠎ᠡ ᠪᠦᠲᠦᠮᠵᠢᠲᠠᠢ᠎ᠪᠠᠷ ᠠᠬᠢᠭᠤᠯᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠦᠷᠢᠶᠡᠨ᠎ᠳᠠᠬᠢ ᠡᠭᠦᠷᠭᠡ ᠵᠢ ᠠᠬᠢᠭᠤᠯᠬᠤ ᠤᠬᠠᠭᠤᠯᠭ᠎ᠠ ᠮᠡᠳᠡᠭᠡᠯᠡᠯ᠎ᠤᠨ ᠠᠵᠢᠯ᠎ᠢ ᠰᠠᠢ᠌ᠲᠤᠷ ᠬᠢᠵᠦ᠂ 《ᠭᠦᠨ ᠵᠤᠵᠠᠭ᠋ᠠᠨ ᠤᠬᠠᠭᠤᠯᠭ᠎ᠠ ᠵᠢᠨ ᠠᠭᠤᠷ ᠠᠮᠢᠰᠬᠤᠯ》᠎ᠢ ᠪᠣᠶ ᠪᠣᠯᠭ᠋ᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠬᠤ ᠬᠡᠷᠡᠭᠲᠡᠢ ᠃ 《ᠨᠢᠭᠡ ᠬᠥᠯᠭᠡ ᠰᠢᠲᠠᠷ᠎ᠠ》 ᠵᠢᠨ ᠦᠵᠡᠯ ᠰᠠᠨᠠᠭ᠎ᠠ ᠵᠢ ᠪᠣᠶ ᠪᠣᠯᠭ᠋ᠠᠵᠤ᠂ ᠲᠦᠷᠦᠭᠦᠯᠡᠨ ᠬᠢᠬᠦ ᠨᠢᠭᠡᠴᠢ ᠨᠢ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠡᠯ᠎ᠡ ᠬᠠᠮᠵᠢᠯᠴᠠᠬᠤ
ᠨᠢᠭᠡᠴᠢ ᠨᠢ ᠠᠵᠢᠯ᠎ᠤᠨ ᠬᠤᠪᠢᠶᠠᠷᠢᠯᠠᠯ ᠶᠣᠰᠣᠭ᠋ᠠᠷ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠡᠭᠦᠷᠭᠡ ᠵᠢ ᠰᠠᠢ᠌ᠲᠤᠷ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠯᠤᠭ᠎ᠠ ᠵᠢᠨ ᠵᠣᠯᠭ᠋ᠠᠭᠤᠯᠤᠨ ᠵᠣᠬᠢᠴᠠᠭᠤᠯᠬᠤ ᠵᠢ ᠴᠢᠩᠭ᠋ᠠᠳᠬᠠᠵᠤ᠂ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠂ ᠰᠢᠯᠲᠠᠭ᠋ᠠᠨ᠎ᠢ ᠵᠠᠳᠠᠯᠵᠤ᠂ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠨ᠂ ᠳᠡᠭᠡᠳᠦ ᠳᠣᠣᠷᠠᠳᠤ ᠱᠠᠲᠤ ᠬᠠᠷᠢᠯᠴᠠᠨ ᠨᠡᠪᠲᠡᠷᠡᠯᠴᠡᠭᠰᠡᠨ᠂ ᠰᠢᠨᠵᠢᠯᠡᠬᠦ ᠤᠬᠠᠭ᠋ᠠᠨᠴᠢ ᠥᠨᠳᠥᠷ ᠦᠷ᠎ᠡ ᠪᠦᠲᠦᠮᠵᠢᠲᠡᠶ ᠠᠵᠢᠯᠯᠠᠭ᠋ᠠᠨ᠎ᠤ ᠰᠢᠰᠲ᠋ᠧᠮᠵᠢ ᠵᠢ ᠪᠠᠢ᠌ᠭᠤᠯᠵᠤ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠪᠦᠬᠦᠯᠢ ᠴᠣᠭᠴᠠ᠎ᠪᠠᠷ ᠠᠬᠢᠭᠤᠯᠬᠤ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠲᠤᠰᠬᠠᠢ ᠲᠦᠯᠬᠢᠨ ᠠᠬᠢᠭᠤᠯᠬᠤ ᠳᠤᠭᠤᠢ᠌ᠯᠠᠩ᠎ᠤᠨ ᠡᠯ᠎ᠡ ᠪᠦᠷᠢᠯᠳᠦᠭᠦᠨ ᠨᠢᠭᠡᠴᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃