ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠭᠦᠭᠡᠬᠤᠳᠠ ᠵᠢᠨ ᠳᠠᠭ᠋ᠠᠳᠬᠠᠯ᠎ᠤᠨ ᠮᠡᠬᠡᠯᠡᠯ᠎ᠢ ᠡᠰᠡᠷᠭᠦᠴᠡᠬᠦ ᠬᠣᠯᠪᠣᠭ᠋ᠠᠯᠠᠬᠤ ᠦᠷᠳᠡᠭᠡ ᠪᠠᠢ᠌ᠭᠤᠯᠤᠭᠳᠠᠵᠠᠢ
ᠨᠡᠶ᠋ᠢᠲᠡᠯᠡᠭᠰᠡᠨ ᠴᠠᠭ᠄ 2024-06-13

      ᠣᠢ᠌ᠷ᠎ᠠ᠎ᠳᠤ᠂ ᠭᠦᠭᠡᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠢ ᠵᠢᠨ ᠶᠠᠯᠠᠲᠤ ᠠᠵᠢᠯᠯᠠᠭ᠎ᠠ ᠵᠢ ᠲᠠᠩᠨᠠᠨ ᠪᠠᠢ᠌ᠴᠠᠭ᠋ᠠᠬᠤ ᠰᠠᠯᠪᠤᠷᠢ ᠠᠩᠭᠢ᠂ ᠥᠪᠡᠷᠲᠡᠭᠡᠨ ᠵᠠᠰᠠᠬᠤ ᠣᠷᠣᠨ᠎ᠤ ᠳᠠᠭ᠋ᠠᠳᠬᠠᠯ᠎ᠤᠨ ᠠᠵᠢᠯ ᠲᠦᠷᠦᠯ᠎ᠤᠨ ᠨᠡᠢ᠌ᠭᠡᠮᠯᠢᠭ᠎ᠠᠴᠠ ᠬᠠᠮᠲᠤᠷᠠᠨ ᠤᠬᠠᠭ᠋ᠠᠯᠠᠨ ᠲᠥᠰᠥᠪᠯᠡᠭᠰᠡᠨ ᠭᠦᠭᠡᠬᠤᠳᠠ ᠵᠢᠨ ᠳᠠᠭ᠋ᠠᠳᠬᠠᠯ᠎ᠤᠨ ᠮᠡᠬᠡᠯᠡᠯ᠎ᠢ ᠡᠰᠡᠷᠭᠦᠴᠡᠬᠦ ᠬᠣᠯᠪᠣᠭ᠋ᠠᠯᠠᠬᠤ ᠦᠷᠳᠡᠭᠡ ᠵᠢᠩᠬᠢᠨᠢ᠎ᠪᠠᠷ ᠫᠠᠢ᠌ᠰᠠ ᠡᠯᠭᠦᠨ ᠪᠠᠢ᠌ᠭᠤᠯᠤᠭᠳᠠᠵᠠᠢ᠃

      4 ᠰᠠᠷ᠎ᠠ ᠵᠢᠨ ᠰᠡᠭᠦᠯᠴᠢ᠎ᠪᠠᠷ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠠᠵᠤ ᠠᠬᠤᠢ ᠵᠢᠨ ᠶᠠᠯᠠᠲᠤ ᠠᠵᠢᠯᠯᠠᠭ᠎ᠠ ᠵᠢ ᠲᠠᠩᠨᠠᠨ ᠪᠠᠢ᠌ᠴᠠᠭ᠋ᠠᠬᠤ ᠲᠣᠪᠴᠢᠶ᠎ᠠ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠲᠠᠯᠪᠢᠬᠤ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠲᠠᠢ ᠬᠠᠮᠲᠤᠷᠠᠨ ᠳᠠᠭ᠋ᠠᠳᠬᠠᠯ᠎ᠤᠨ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠲᠤᠰᠬᠠᠢ᠌ᠯᠠᠨ ᠴᠣᠬᠢᠯᠲᠠ ᠥᠭᠬᠦ ᠠᠵᠢᠯ᠎ᠢ ᠪᠠᠢ᠌ᠷᠢᠯᠠᠭᠤᠯᠵᠠᠢ᠃ ᠭᠦᠭᠡᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠢ ᠵᠢᠨ ᠶᠠᠯᠠᠲᠤ ᠠᠵᠢᠯᠯᠠᠭ᠎ᠠ ᠵᠢ ᠲᠠᠩᠨᠠᠨ ᠪᠠᠢ᠌ᠴᠠᠭ᠋ᠠᠬᠤ ᠰᠠᠯᠪᠤᠷᠢ ᠠᠩᠭᠢ ᠳᠠᠷᠤᠢ ᠲᠦᠷᠭᠡᠨ ᠬᠥᠳᠡᠯᠦᠯᠴᠡᠵᠦ᠂ ᠲᠤᠰ ᠤᠳᠠᠭ᠎ᠠ ᠵᠢᠨ ᠲᠤᠰᠬᠠᠢ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠪᠦᠳᠦᠮᠵᠢᠳᠡᠢ ᠨᠠᠢ᠌ᠳᠠᠪᠤᠷᠢᠵᠢᠭᠤᠯᠤᠨ᠂ ᠲᠤᠰᠬᠠᠢ ᠠᠵᠢᠯ᠎ᠤᠨ ᠥᠨᠳᠥᠷ ᠪᠦᠳᠦᠮᠵᠢᠲᠠᠢ ᠶᠠᠪᠤᠭᠳᠠᠬᠤ ᠵᠢ ᠠᠬᠢᠭᠤᠯᠬᠤ ᠵᠢᠨ ᠲᠤᠯᠠᠳᠠ᠂ ᠥᠪᠡᠷᠲᠡᠭᠡᠨ ᠵᠠᠰᠠᠬᠤ ᠣᠷᠣᠨ᠎ᠤ ᠳᠠᠭ᠋ᠠᠳᠬᠠᠯ᠎ᠤᠨ ᠠᠵᠢᠯ ᠲᠦᠷᠦᠯ᠎ᠤᠨ ᠨᠡᠢ᠌ᠭᠡᠮᠯᠢᠭ᠎ᠲᠠᠢ ᠰᠤᠳᠤᠯᠤᠨ ᠤᠬᠠᠭ᠋ᠠᠯᠠᠨ ᠲᠥᠰᠥᠪᠯᠡᠬᠦ᠎ᠪᠠᠷ ᠲᠠᠮᠵᠢᠨ᠂ ᠬᠠᠮᠲᠤ᠎ᠪᠠᠷ ᠭᠦᠭᠡᠬᠤᠳᠠ ᠵᠢᠨ ᠳᠠᠭ᠋ᠠᠳᠬᠠᠯ᠎ᠤᠨ ᠮᠡᠬᠡᠯᠡᠯ᠎ᠢ ᠡᠰᠡᠷᠭᠦᠴᠡᠬᠦ ᠬᠣᠯᠪᠣᠭ᠋ᠠᠯᠠᠬᠤ ᠦᠷᠳᠡᠭᠡ ᠵᠢ ᠪᠠᠢ᠌ᠭᠤᠯᠵᠤ᠂ ᠰᠦᠪᠡᠭᠴᠢ ᠵᠢ ᠰᠢᠯᠵᠢᠭᠦᠯᠦᠨ ᠲᠤᠰᠢᠶᠠᠬᠤ᠂ ᠮᠡᠳᠡᠭᠡ ᠵᠠᠩᠭᠢ ᠵᠢ ᠵᠠᠷᠯᠠᠨ ᠨᠡᠢ᠌ᠲᠡᠯᠡᠬᠦ ᠵᠢ ᠤᠯᠠᠮ ᠴᠢᠨᠠᠭᠰᠢᠳᠠ ᠰᠢᠯᠤᠭᠤᠳᠬᠠᠨ᠂ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂

ᠳᠠᠭ᠋ᠠᠳᠬᠠᠯ᠎ᠤᠨ ᠬᠦᠷᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠰᠡᠷᠭᠡᠢ᠌ᠯᠡᠨ ᠴᠣᠬᠢᠯᠲᠠ ᠥᠭᠬᠦ ᠤᠷᠳᠤ ᠬᠤᠭᠤᠴᠠᠭ᠋ᠠᠨ᠎ᠤ ᠪᠦᠳᠦᠮᠵᠢᠳᠡᠢ ᠲᠣᠭᠲᠠᠴᠠ ᠵᠢ ᠴᠣᠭᠴᠠᠯᠠᠨ ᠪᠠᠢ᠌ᠭᠤᠯᠵᠠᠢ᠃

      ᠣᠢ᠌ᠯᠠᠭ᠋ᠠᠭᠰᠠᠨ ᠵᠢᠡᠷ᠂ 2023 ᠣᠨ᠎ᠠᠴᠠ ᠨᠠᠭ᠋ᠠᠰᠢ ᠭᠦᠭᠡᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠠᠵᠤ ᠠᠬᠤᠢ ᠵᠢᠨ ᠶᠠᠯᠠᠲᠤ ᠠᠵᠢᠯᠯᠠᠭ᠎ᠠ ᠵᠢ ᠲᠠᠩᠨᠠᠨ ᠪᠠᠢ᠌ᠴᠠᠭ᠋ᠠᠬᠤ ᠰᠠᠯᠪᠤᠷᠢ ᠠᠩᠭᠢ

ᠭᠦᠭᠡᠬᠤᠳᠠ ᠵᠢᠨ ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠷᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠳᠠᠭ᠋ᠠᠳᠬᠠᠯ᠎ᠤᠨ ᠠᠵᠢᠯ ᠲᠦᠷᠦᠯ᠎ᠤᠨ ᠨᠡᠢ᠌ᠭᠡᠮᠯᠢᠭ᠎ᠲᠠᠢ ᠭᠠᠷ

ᠭᠠᠷ ᠵᠢᠡᠨ ᠬᠣᠯᠪᠣᠯᠴᠠᠨ ᠬᠠᠮᠲᠤᠷᠠᠨ ᠪᠠᠢ᠌ᠭᠤᠯᠬᠤ ᠠᠵᠢᠯᠯᠠᠭ᠎ᠠ ᠶᠠᠪᠤᠭᠳᠠᠭᠤᠯᠤᠨ᠂ ᠬᠣᠶᠠᠷ ᠲᠠᠯ᠎ᠠ᠎ᠪᠠᠷ ᠵᠢᠡᠨ ᠠᠵᠢᠯ᠎ᠤᠨ ᠲᠣᠭᠲᠠᠴᠠ ᠪᠠᠢ᠌ᠭᠤᠯᠬᠤ᠎ᠪᠠᠷ ᠳᠠᠮᠵᠢᠭᠤᠯᠤᠨ᠂ ᠪᠠᠢ᠌ᠴᠠᠭ᠋ᠠᠨ ᠰᠤᠳᠤᠯᠤᠯᠲᠠ ᠪᠣᠯᠣᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ ᠬᠢᠵᠦ᠂ ᠭᠦᠭᠡᠬᠤᠳᠠ ᠵᠢᠨ ᠳᠠᠭ᠋ᠠᠳᠬᠠᠯ᠎ᠤᠨ ᠮᠡᠬᠡᠯᠡᠯ᠎ᠢ ᠡᠰᠡᠷᠭᠦᠴᠡᠬᠦ ᠠᠵᠢᠯ᠎ᠤᠨ ᠪᠣᠳᠠᠲᠤ ᠦᠷ᠎ᠡ ᠪᠦᠳᠦᠮᠵᠢ ᠣᠯᠬᠤ ᠵᠢ ᠠᠬᠢᠭᠤᠯᠵᠤ ᠪᠤᠢ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            