ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ ᠵᠥᠪᠯᠡᠯ᠎ᠤᠨ ᠠᠯᠪᠠᠨ ᠭᠡᠷ ᠪᠣᠯᠣᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠎ᠠᠴᠠ ᠬᠠᠮᠲᠤᠷᠠᠨ ᠡᠷᠭᠢᠯᠡᠭᠰᠡᠨ 《ᠵᠠᠯᠠᠭᠤᠴᠤᠳ ᠪᠠᠭ᠋ᠠᠴᠤᠳ ᠡᠮ᠎ᠢ ᠳᠤᠷ᠎ᠠ᠎ᠪᠠᠷ ᠵᠢᠡᠨ ᠬᠡᠷᠡᠭᠯᠡᠬᠦ ᠵᠢ ᠰᠡᠷᠭᠡᠢ᠌ᠯᠡᠵᠦ᠂ ᠰᠢᠨ᠎ᠡ ᠴᠠᠭ ᠦᠶ᠎ᠡ ᠵᠢᠨ ᠬᠣᠣᠷᠲᠤ ᠡᠳ᠋ ᠦᠭᠡᠢ ᠤᠮᠠᠷᠠᠲᠤ ᠬᠢᠯᠢ ᠵᠢ ᠬᠠᠮᠲᠤ᠎ᠪᠠᠷ ᠴᠣᠭᠴᠠᠯᠠᠶ᠎ᠠ》 ᠭᠡᠬᠦ ᠭᠣᠣᠯ ᠰᠡᠳᠦᠪᠲᠦ 2024 ᠣᠨ᠎ᠤ ᠥᠪᠥᠷ ᠮᠣᠩᠭᠣᠯ᠎ᠤᠨ ᠬᠣᠣᠷᠲᠤ ᠡᠳ᠋᠎ᠢ ᠴᠠᠭ᠋ᠠᠵᠠᠯᠠᠬᠤ 《ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠠᠶᠠᠯᠠᠯ》᠎ᠤᠨ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢᠨ ᠡᠭᠢᠯᠡᠯᠲᠡ ᠵᠢᠨ ᠶᠣᠰᠣᠯᠠᠯ ᠵᠢᠴᠢ ᠪᠦᠭᠦ ᠠᠷᠠᠳ᠎ᠤᠨ ᠬᠣᠣᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠵᠢᠨ ᠰᠠᠷ᠎ᠠ ᠵᠢᠨ ᠡᠭᠢᠯᠡᠯᠲᠡ ᠵᠢᠨ ᠶᠣᠰᠣᠯᠠᠯ ᠭᠦᠭᠡᠬᠣᠲᠠ᠎ᠳᠤ ᠶᠠᠪᠤᠭᠳᠠᠪᠠ᠃
ᠠᠵᠢᠯᠯᠠᠭ᠎ᠠ ᠵᠢᠨ ᠠᠬᠤᠢ ᠲᠠᠯᠠᠪᠠᠶ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ ᠵᠥᠪᠯᠡᠯ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ᠎ᠠᠴᠠ ᠥᠪᠡᠷᠲᠡᠭᠡᠨ ᠵᠠᠰᠠᠬᠤ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ ᠨᠡᠢ᠌ᠭᠡᠮᠴᠢᠯᠡᠭᠰᠡᠨ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠤ ᠫᠠᠢ᠌ᠰᠠ ᠵᠢ ᠰᠡᠭᠦᠪᠡ; 2024
ᠣᠨ᠎ᠤ ᠥᠪᠡᠷᠲᠡᠭᠡᠨ ᠵᠠᠰᠠᠬᠤ ᠣᠷᠣᠨ᠎ᠤ ᠪᠦᠭᠦ ᠠᠷᠠᠳ᠎ᠤᠨ ᠬᠣᠣᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠵᠢᠨ ᠰᠠᠷ᠎ᠠ ᠡᠬᠢᠯᠡᠭᠰᠡᠨ᠎ᠢ ᠵᠠᠷᠯᠠᠭᠰᠠᠨ ᠪᠥᠭᠡᠳ ᠪᠦᠭᠦ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠪᠦᠯᠭᠦᠮ᠎ᠳᠤ ᠲᠤᠬ ᠤᠯᠭᠤᠪᠠ; ᠭᠦᠭᠡᠬᠤᠳᠠ ᠵᠢᠨ ᠬᠣᠣᠷᠲᠤ ᠡᠳ᠋᠎ᠢ ᠴᠠᠭ᠋ᠠᠵᠠᠯᠠᠬᠤ ᠵᠥᠪᠯᠡᠯ᠎ᠤᠨ ᠠᠯᠪᠠᠨ ᠭᠡᠷ ᠪᠠ ᠥᠪᠥᠷ ᠮᠣᠩᠭᠣᠯ᠎ᠤᠨ ᠤᠮᠠᠷᠠᠲᠤ ᠬᠢᠯᠢ ᠵᠢᠨ ᠬᠣᠣᠷᠲᠤ ᠡᠳ᠋᠎ᠢ ᠴᠠᠭ᠋ᠠᠵᠠᠯᠠᠬᠤ ᠰᠠᠢ᠌ᠨ ᠳᠤᠷᠠᠴᠤᠳ᠎ᠤᠨ ᠬᠤᠯᠪᠤᠭ᠎ᠠ ᠵᠢᠨ ᠴᠠᠭᠳᠠᠭ᠎ᠠ ᠵᠢᠴᠢ ᠰᠠᠢ᠌ᠨ ᠳᠤᠷᠠᠴᠤᠳ ᠬᠣᠣᠷᠲᠤ ᠡᠳ᠋᠎ᠢ ᠢᠯᠭ᠋ᠠᠨ ᠲᠠᠨᠢᠬᠤ ᠠᠷᠭ᠎ᠠ ᠭᠡᠯᠪᠡᠷᠢ ᠵᠢ ᠲᠠᠨᠢᠯᠴᠠᠭᠤᠯᠵᠤ᠂ ᠲᠦᠮᠡ ᠭᠠᠷᠤᠢ ᠬᠤᠪᠢ ᠤᠬᠠᠭᠤᠯᠭ᠎ᠠ ᠵᠢᠨ ᠮᠠᠲᠸᠷᠢᠶᠠᠯ ᠲᠠᠷᠬᠠᠭ᠋ᠠᠪᠠ᠃
ᠣᠢ᠌ᠯᠠᠭ᠋ᠠᠭᠰᠠᠨ ᠵᠶ᠋ᠠᠷ᠂ ᠬᠣᠣᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠵᠢᠨ ᠬᠠᠯᠠᠭᠤᠨ ᠥᠷᠨᠢᠯᠲᠡ ᠵᠢ ᠦᠷᠭᠦᠯᠵᠢᠯᠡᠨ ᠪᠤᠶ ᠪᠤᠯᠭ᠋ᠠᠵᠤ᠂ ᠨᠡᠢ᠌ᠭᠡᠮ᠎ᠤᠨ ᠬᠦᠴᠦᠨ᠎ᠢ ᠥᠷᠭᠡᠨ ᠵᠶ᠋ᠡᠷ ᠳᠠᠶ᠋ᠢᠴᠢᠯᠠᠨ ᠬᠣᠣᠷᠲᠤ ᠡᠳ᠋᠎ᠢ ᠴᠠᠭ᠋ᠠᠵᠠᠯᠠᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠭᠤᠯᠬᠤ ᠵᠢᠨ ᠲᠥᠯᠥᠭᠡ᠂ 2024 ᠣᠨ᠎ᠳᠤ ᠪᠦᠭᠦ ᠣᠷᠣᠨ᠎ᠤ ᠬᠣᠣᠷᠲᠤ ᠡᠳ᠋᠎ᠢ ᠴᠠᠭ᠋ᠠᠵᠠᠯᠠᠬᠤ 《ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠠᠶᠠᠯᠠᠯ》᠎ᠤᠨ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ᠎ᠨᠢ ᠤᠬᠠᠭᠤᠯᠤᠨ ᠲᠠᠢ᠌ᠯᠪᠤᠷᠢᠯᠠᠬᠤ ᠪᠦᠯᠭᠦᠮ᠎ᠤᠨ ᠪᠦᠷᠢᠯᠳᠦᠭᠦᠨ᠎ᠢ ᠵᠣᠬᠢᠶᠠᠨ ᠪᠠᠢ᠌ᠭᠤᠯᠵᠤ᠂ ᠠᠢ᠌ᠮᠠᠭ ᠬᠣᠲᠠ ᠵᠢᠴᠢ ᠬᠢᠯᠢ ᠵᠢᠨ ᠪᠣᠭᠣᠮᠲᠠ ᠵᠢᠨ ᠭᠠᠵᠠᠷ ᠣᠷᠣᠨ᠎ᠤ ᠰᠤᠷᠭ᠋ᠠᠭᠤᠯᠢ᠎ᠳᠤ ᠭᠦᠨᠵᠡᠭᠡᠢ᠌ᠷᠡᠨ ᠲᠣᠭᠣᠷᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠵᠦ᠂ ᠭᠣᠣᠯ ᠰᠡᠳᠦᠪᠲᠦ ᠲᠠᠢ᠌ᠯᠤᠮᠵᠢ᠂ ᠤᠷᠠᠨ ᠰᠠᠢ᠌ᠬᠠᠨ᠎ᠤ ᠲᠣᠬᠯᠠᠯᠲᠠ ᠵᠡᠷᠭᠡ ᠣᠯᠠᠨ ᠵᠦᠢ᠍ᠯ᠎ᠤᠨ ᠭᠡᠯᠪᠡᠷᠢ᠎ᠪᠠᠷ ᠵᠠᠯᠠᠭᠤᠴᠤᠳ ᠪᠠᠭ᠋ᠠᠴᠤᠳ᠎ᠤᠨ ᠬᠣᠣᠷᠲᠤ ᠡᠳ᠋᠎ᠢ ᠤᠷᠢᠳᠴᠢᠯᠠᠨ ᠰᠡᠷᠭᠡᠢ᠌ᠯᠡᠬᠦ ᠬᠥᠮᠦᠵᠢᠯ᠎ᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠵᠠᠯᠠᠭᠤᠴᠤᠳ ᠪᠠᠭ᠋ᠠᠴᠤᠳ ᠡᠮ᠎ᠢ ᠳᠤᠷ᠎ᠠ᠎ᠪᠠᠷ ᠵᠢᠠᠨ ᠬᠡᠷᠡᠭᠯᠡᠬᠦ ᠵᠢ ᠰᠡᠷᠭᠡᠢ᠌ᠯᠡᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠴᠢᠳᠠᠯ ᠵᠶ᠋ᠠᠨ ᠡᠷᠭᠦᠬᠦ ᠪᠣᠯᠣᠨ᠎ᠠ᠃