ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠳᠣᠯᠣᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ》 ᠪᠠ 《ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ᠎ᠤ ᠬᠠᠮᠲᠤ ᠨᠡᠶ᠋ᠢᠲᠡ》 ᠵᠢ ᠲᠠᠨᠢᠯᠴᠠᠭᠤᠯᠬᠤ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-10-24

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠳᠣᠯᠣᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ〉 ᠪᠠ 〈ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ᠎ᠤ ᠬᠠᠮᠲᠤ ᠨᠡᠶ᠋ᠢᠲᠡ〉 ᠵᠢ ᠰᠢᠯᠭ᠋ᠠᠷᠠᠭᠤᠯᠤᠨ ᠬᠥᠬᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠵᠣᠷᠢᠭ  ᠰᠠᠨᠠᠭ᠎ᠠ᠎ᠪᠠᠷ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠨᠢ ᠬᠤᠪᠢᠶᠠᠷᠢᠯᠠᠭᠰᠠᠨ ᠲᠠᠨᠢᠯᠴᠠᠭᠤᠯᠬᠤ ᠣᠷᠣᠨ ᠲᠣᠭ᠎ᠠ ᠪᠠ ᠰᠢᠯᠭ᠋ᠠᠷᠠᠭᠤᠯᠬᠤ ᠨᠥᠬᠥᠴᠡᠯ ᠶᠣᠰᠣᠭ᠋ᠠᠷ᠂ ᠳᠣᠣᠷ᠎ᠠ  ᠱᠠᠲᠤᠨ᠎ᠠᠴᠠ ᠳᠡᠭᠡᠷ᠎ᠡ  ᠱᠠᠲᠤ᠂ ᠳᠡᠭᠡᠳᠦ ᠳᠣᠣᠷᠠᠳᠤ ᠱᠠᠲᠤ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠥᠷᠭᠡᠨ ᠵᠶ᠋ᠡᠷ ᠰᠠᠨᠠᠯ ᠰᠣᠨᠣᠰᠴᠤ᠂ ᠲᠠᠨᠢᠯᠴᠠᠭᠤᠯᠬᠤ ᠨᠢᠭᠡᠴᠡ᠎ᠨᠢ ᠭᠦᠢ᠍ᠴᠡᠳ  ᠶᠠᠷᠢᠯᠴᠠᠵᠤ᠂ ᠪᠠᠢ᠌ᠭ᠎ᠠ ᠨᠢᠭᠡᠴᠡ᠎ᠨᠢ ᠢᠯᠡ  ᠨᠡᠢ᠌ᠲᠡᠯᠡᠵᠦ᠂ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠲᠢᠩᠬᠢᠮ᠎ᠤᠨ ᠨᠠᠮ᠎ᠤᠨ ᠬᠣᠷᠢᠶ᠎ᠠ ᠬᠠᠮᠲᠤ᠎ᠪᠠᠷ ᠰᠤᠳᠤᠯᠤᠭᠰᠠᠨ᠎ᠤ ᠳᠠᠷᠠᠭ᠎ᠠ᠂ ᠲᠠᠨᠢᠯᠴᠠᠭᠤᠯᠬᠤ᠎ᠪᠠᠷ ᠪᠠᠢ᠌ᠭ᠎ᠠ ᠨᠡᠷᠡᠰ᠎ᠢ  ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ》 ᠪᠠ 《ᠠᠷᠠᠳ ᠲᠦᠮᠡᠨ ᠎ᠳᠤ ᠲᠠᠭ᠋ᠠᠰᠢᠶᠠᠭᠳᠠᠭᠰᠠᠨ ᠠᠯᠪᠠᠲᠠᠨ᠎ᠤ ᠬᠠᠮᠲᠤ ᠨᠡᠶ᠋ᠢᠲᠡ》 ᠵᠢᠨ ᠲᠠᠨᠢᠯᠴᠠᠭᠤᠯᠬᠤ ᠠᠵᠢᠯ᠎ᠤᠨ ᠳᠤᠭᠤᠢ᠌ᠯᠠᠩ᠎ᠤᠨ ᠠᠯᠪᠠᠨ ᠭᠡᠷ᠎ᠤᠨ ᠠᠩᠬᠠᠨ᠎ᠤ ᠬᠢᠨᠠᠯᠲᠠ ᠵᠢᠨ ᠬᠠᠷᠢᠭᠤ ᠲᠤᠰᠬᠠᠭᠰᠠᠨ ᠰᠠᠨᠠᠯ᠎ᠢ ᠦᠨᠳᠦᠰᠦᠯᠡᠨ᠂ ᠡᠳᠦᠭᠡ ᠢᠯᠡ ᠨᠡᠢ᠌ᠲᠡᠯᠡᠪᠡ᠃ ᠵᠠᠷᠯᠠᠨ ᠨᠡᠢ᠌ᠲᠡᠯᠡᠬᠦ ᠴᠠᠭ᠎ᠨᠢ 2024 ᠣᠨ᠎ᠤ 10 ᠰᠠᠷ᠎ᠠ ᠵᠢᠨ 24᠎ᠤ ᠡᠳᠦᠷ᠎ᠠᠴᠠ 10 ᠰᠠᠷ᠎ᠠ ᠵᠢᠨ 30᠎ᠤ ᠡᠳᠦᠷ ᠪᠣᠯᠲᠠᠯ᠎ᠠ ᠪᠣᠯᠣᠨ᠎ᠠ᠃ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠬᠡᠷᠪᠡ ᠲᠠᠨᠢᠯᠴᠠᠭᠤᠯᠬᠤ ᠡᠲᠡᠭᠡᠳ᠎ᠲᠤ ᠣᠨᠳᠣᠣ ᠰᠠᠨᠠᠯ᠎ᠲᠠᠢ ᠪᠠᠢ᠌ᠪᠠᠯ᠂ ᠤᠲᠠᠰᠤ᠎ᠪᠠᠷ ᠲᠤᠰᠬᠠᠵᠤ ᠪᠣᠯᠣᠨ᠎ᠠ᠃

      ᠤᠲᠠᠰᠤ᠄ 0471—5301252

              0471—5301250

 

                       ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                        2024 ᠣᠨ᠎ᠤ 10 ᠰᠠᠷ᠎ᠠ ᠵᠢᠨ 24᠎ᠤ  ᠡᠳᠦᠷ

 

      ᠨᠢᠭᠡ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠯᠪᠠᠲᠠᠨ

      1. ᠾᠧ ᠰᠢᠤᠸᠠᠢ ᠹᠧᠩ     ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠠᠤᠯᠢ  ᠴᠠᠭ᠋ᠠᠵᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ

      2. ᠸᠠᠩ ᠶᠢᠩ ᠵᠢᠶᠧ     ᠲᠦᠩᠯᠢᠶᠣᠣ ᠬᠣᠲᠠ ᠵᠢᠨ ᠨᠠᠢ᠍ᠮᠠᠨ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ

      3. ᠮᠠ ᠰᠢᠦᠢ ᠵᠠᠩ     ᠪᠠᠶᠠᠨᠨᠠᠭᠤᠷ᠎ᠤᠨ ᠭᠢᠨᠳᠠᠨ᠎ᠤ ᠠᠮᠢᠳᠤᠷᠠᠯ ᠡᠷᠡᠭᠦᠯ ᠬᠠᠮᠠᠭ᠋ᠠᠯᠠᠯ᠎ᠤᠨ ᠰᠠᠯᠠᠭ᠋ᠠᠨ᠎ᠤ ᠳᠡᠳ᠋ ᠳᠠᠷᠤᠭ᠎ᠠ

      4. ᠯᠢ ᠳ᠋ᠠᠨ ᠳ᠋ᠠᠨ     ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠢ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ  ᠲᠠᠲᠠᠬᠤ ᠵᠢ ᠵᠣᠭᠰᠤᠭ᠋ᠠᠬᠤ ᠭᠠᠵᠠᠷ᠎ᠤᠨ ᠨᠢᠭᠡᠳᠦᠭᠡᠷ ᠶᠡᠬᠡ ᠠᠩᠭᠢ ᠵᠢᠨ ᠳᠠᠷᠤᠭ᠎ᠠ

      ᠬᠣᠶᠠᠷ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ  ᠠᠯᠪᠠᠲᠠᠨ᠎ᠤ ᠬᠠᠮᠲᠤ ᠨᠡᠶ᠋ᠢᠲᠡ

      1. ᠠᠯᠠᠱ᠌ᠠ ᠠᠢ᠌ᠮᠠᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠴᠡᠭᠡ ᠬᠠᠤᠯᠢ ᠴᠠᠭ᠋ᠠᠵᠠ ᠵᠢᠨ ᠰᠠᠯᠪᠤᠷᠢ

      2. ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠡᠮᠡᠭᠲᠡᠢ ᠵᠢᠨ ᠭᠢᠨᠳᠠᠨ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            