ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2024 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ᠂ ᠬᠢᠷᠢ ᠲᠡᠩᠴᠡᠬᠦ ᠬᠤᠪᠢ ᠵᠢ ᠨᠡᠢ᠌ᠲᠡᠯᠡᠬᠦ ᠵᠢᠴᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠬᠤ ᠵᠡᠷᠭᠡ ᠵᠦᠢ᠍ᠯᠡᠰ᠎ᠤᠨ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2024-11-29

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠵᠠᠷ》 (13 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ 2024 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ᠂ ᠬᠢᠷᠢ ᠲᠡᠩᠴᠡᠬᠦ ᠬᠤᠪᠢ ᠵᠢ ᠨᠡᠢ᠌ᠲᠡᠯᠡᠬᠦ ᠵᠢᠴᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠬᠤ ᠵᠡᠷᠭᠡ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠃

      ᠨᠢᠭᠡ᠂ ᠬᠢᠷᠢ ᠪᠦᠲᠦᠮᠵᠢ ᠵᠢ ᠨᠡᠢ᠌ᠲᠡᠯᠡᠬᠦ᠂ ᠪᠠᠢ᠌ᠴᠠᠭ᠋ᠠᠨ ᠯᠠᠪᠯᠠᠬᠤ ᠪᠠ ᠬᠠᠷᠭᠤᠭᠤᠯᠤᠨ ᠪᠠᠢ᠌ᠴᠠᠭ᠋ᠠᠬᠤ

      2024 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ 2024 ᠣᠨ᠎ᠤ 11 ᠰᠠᠷ᠎ᠠ ᠵᠢᠨ 30᠎ᠤ ᠡᠳᠦᠷ  ᠨᠡᠢ᠌ᠲᠡᠯᠡᠨ᠎ᠡ᠃

      ᠰᠢᠯᠭ᠋ᠠᠯᠲᠠ᠎ᠳᠤ ᠣᠷᠣᠯᠴᠠᠭᠰᠠᠳ 11 ᠰᠠᠷ᠎ᠠ ᠵᠢᠨ 30᠎ᠤ ᠡᠳᠦᠷ᠎ᠤᠨ 0 ᠴᠠᠭ᠎ᠠᠴᠠ ᠡᠬᠢᠯᠡᠨ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠰᠦᠯᠵᠢᠶ᠎ᠡ᠂ ᠬᠠᠤᠯᠢ ᠴᠠᠭ᠋ᠠᠵᠠ ᠵᠢᠨ ᠶᠠᠮᠤᠨ᠎ᠤ ᠸᠢᠴᠠᠲ᠎ᠤᠨ ᠣᠯᠠᠨ

ᠨᠡᠶ᠋ᠢᠲᠡ ᠵᠢᠨ ᠳ᠋ᠤᠭ᠋ᠠᠷ ᠪᠠ ᠳᠤᠮᠳᠠᠳᠤ ᠤᠯᠤᠰ᠎ᠤᠨ ᠬᠠᠤᠯᠢ ᠲᠦᠭᠡᠮᠡᠯᠵᠢᠭᠦᠯᠬᠦ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ ᠬᠤᠪᠢ ᠬᠥᠮᠥᠨ᠎ᠤ ᠬᠢᠷᠢ ᠪᠦᠲᠦᠮᠵᠢ᠎ᠪᠠᠨ ᠪᠠᠢ᠌ᠴᠠᠭ᠋ᠠᠨ ᠯᠠᠪᠯᠠᠵᠤ᠂ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠰᠦᠯᠵᠢᠶ᠎ᠡ᠎ᠳᠤ ᠭᠠᠷᠴᠤ ᠬᠢᠷᠢ ᠪᠦᠲᠦᠮᠵᠢ ᠵᠢᠨ ᠮᠡᠳᠡᠭᠳᠡᠯ᠎ᠤᠨ ᠬᠠᠭᠤᠳᠠᠰᠤ ᠵᠢ ᠥᠪᠡᠰᠦᠪᠡᠨ ᠪᠠᠭᠤᠯᠭ᠋ᠠᠨ ᠠᠪᠴᠤ ᠳᠠᠷᠤᠮᠠᠯᠯᠠᠨ᠎ᠠ᠃

      ᠰᠢᠯᠭ᠋ᠠᠯᠲᠠ᠎ᠳᠤ ᠣᠷᠣᠯᠴᠠᠭᠰᠠᠳ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠳᠤ ᠣᠨᠳᠣᠣ ᠰᠠᠨᠠᠯ᠎ᠲᠠᠢ ᠪᠠᠢ᠌ᠪᠠᠯ᠂ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ 15 ᠠᠵᠢᠯᠯᠠᠬᠤ ᠡᠳᠦᠷ᠎ᠤᠨ ᠳᠣᠲᠣᠷ᠎ᠠ᠂ ᠨᠡᠷ᠎ᠡ ᠮᠡᠳᠡᠭᠦᠯᠦᠭᠰᠡᠨ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ ᠬᠢᠨᠠᠨ ᠪᠠᠢ᠌ᠴᠠᠭ᠋ᠠᠯᠭ᠋ᠠᠬᠤ ᠪᠢᠴᠢᠭ᠎ᠤᠨ ᠭᠤᠶᠤᠴᠢᠯᠠᠯ ᠭᠠᠷᠭ᠋ᠠᠵᠤ ᠪᠣᠯᠣᠨ᠎ᠠ᠃

      ᠪᠡᠶᠡᠴᠢ  ᠰᠡᠳᠦᠪ᠎ᠤᠨ ᠰᠢᠯᠭ᠋ᠠᠯᠲᠠ ᠵᠢᠨ ᠬᠤᠪᠢ ᠵᠢ ᠬᠠᠷᠭᠤᠭᠤᠯᠤᠨ ᠪᠠᠢ᠌ᠴᠠᠭ᠋ᠠᠬᠤ᠎ᠳᠤ ᠵᠥᠪᠬᠡᠨ ᠭᠤᠶᠤᠴᠢᠯᠠᠭᠴᠢ ᠵᠢᠨ ᠰᠢᠯᠭ᠋ᠠᠯᠲᠠ ᠵᠢᠨ ᠬᠠᠭᠤᠳᠠᠰᠤ ᠵᠢᠨ ᠨᠢᠭᠤᠷ᠎ᠲᠠᠬᠢ ᠡᠯ᠎ᠡ ᠰᠡᠳᠦᠪ᠎ᠤᠨ ᠣᠯᠣᠭᠰᠠᠨ ᠬᠤᠪᠢ ᠵᠢ ᠪᠤᠳᠤᠵᠤ ᠨᠡᠢ᠌ᠯᠡᠭᠦᠯᠦᠨ ᠪᠤᠳᠤᠬᠤ ᠪᠠ ᠲᠡᠮᠳᠡᠭᠯᠡᠭᠰᠡᠨ᠎ᠨᠢ ᠪᠤᠷᠤᠭᠤ᠎ᠲᠠᠢ ᠡᠰᠡᠬᠦ ᠵᠢ ᠳᠠᠬᠢᠨ ᠬᠢᠨᠠᠬᠤ᠎ᠳᠤ ᠬᠢᠵᠠᠭ᠋ᠠᠷᠯᠠᠭᠳᠠᠨ᠎ᠠ᠃ ᠰᠢᠯᠭ᠋ᠠᠯᠲᠠ ᠵᠢᠨ ᠬᠢᠷᠢ ᠪᠦᠲᠦᠮᠵᠢ ᠵᠢ ᠬᠢᠨᠠᠨ ᠪᠠᠢ᠌ᠴᠠᠭ᠋ᠠᠭ᠋ᠠᠳ ᠲᠤᠰ ᠬᠥᠮᠥᠨ᠎ᠳᠤᠨᠢ ᠮᠡᠳᠡᠭᠳᠡᠭᠰᠡᠨ ᠪᠠᠢ᠌ᠪᠠᠯ᠂ ᠲᠠᠬᠢᠵᠤ ᠬᠢᠨᠠᠨ ᠪᠠᠢ᠌ᠴᠠᠭ᠋ᠠᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠤᠪᠢ ᠬᠥᠮᠥᠨ᠎ᠤ ᠬᠠᠷᠭᠤᠭᠤᠯᠤᠨ ᠪᠠᠢ᠌ᠴᠠᠭ᠋ᠠᠯᠭ᠋ᠠᠬᠤ ᠭᠤᠶᠤᠴᠢᠯᠠᠯ᠎ᠢ ᠰᠢᠭᠤᠳ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃ ᠰᠢᠯᠭ᠋ᠠᠯᠲᠠ᠎ᠳᠤ ᠣᠷᠣᠯᠴᠠᠭᠰᠠᠳ ᠬᠤᠭᠤᠴᠠᠭ᠎ᠠ ᠬᠡᠲᠦᠷᠡᠭᠦᠯᠦᠨ ᠭᠤᠶᠤᠴᠢᠯᠠᠭᠰᠠᠨ ᠪᠠᠢ᠌ᠪᠠᠯ᠂ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠎ᠠᠴᠠ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃

      ᠬᠣᠶᠠᠷ᠂ ᠬᠢᠷᠢ ᠲᠡᠩᠴᠡᠬᠦ ᠬᠤᠪᠢ

      ᠪᠥᠬᠥ ᠤᠯᠤᠰ᠎ᠤᠨ ᠨᠢᠭᠡᠳᠦᠯᠲᠡᠢ ᠬᠢᠷᠢ ᠲᠡᠩᠴᠡᠬᠦ ᠬᠤᠪᠢ ᠎ᠨᠢ 108 ᠬᠤᠪᠢ ᠪᠠᠢ᠌ᠵᠤ᠂ ᠮᠠᠨ᠎ᠤ ᠣᠷᠣᠨ᠎ᠤ ᠣᠷᠣᠨ ᠨᠤᠲᠤᠭ᠎ᠤᠨ ᠬᠢᠷᠢ ᠲᠡᠩᠴᠡᠬᠦ ᠬᠤᠪᠢ ᠵᠢ ᠠᠭᠤᠵᠢᠭᠤ ᠪᠣᠯᠭ᠋ᠠᠭᠰᠠᠨ ᠬᠤᠪᠢ᠎ᠨᠢ 95 ᠬᠤᠪᠢ ᠪᠣᠯᠣᠨ᠎ᠠ; ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ (ᠣᠷᠴᠣᠨ᠎ᠤ ᠥᠪᠡᠷᠲᠡᠭᠡᠨ ᠵᠠᠰᠠᠬᠤ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠵᠠᠯᠠᠢ᠌ᠳ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠪᠠᠭ᠋ᠠᠷᠢᠨ ᠵᠡᠭᠦᠨ ᠬᠣᠰᠢᠭᠤ᠂ ᠬᠦᠷᠢᠶ᠎ᠡ ᠬᠣᠰᠢᠭᠤ᠂ ᠰᠢᠯᠤᠭᠤᠨ ᠬᠥᠪᠡᠭᠡᠲᠦ ᠴᠠᠭ᠋ᠠᠨ ᠬᠣᠰᠢᠭᠤ᠂ ᠱᠠᠩᠳᠤ ᠰᠢᠶᠠᠨ᠂ ᠬᠤᠸᠠᠳᠧ ᠰᠢᠶᠠᠨ᠂ ᠳᠥᠷᠪᠡᠳ

ᠬᠣᠰᠢᠭᠤ)᠎ᠤ ᠠᠭᠤᠵᠢᠭᠤ ᠲᠠᠯᠪᠢᠭᠰᠠᠨ ᠬᠢᠷᠢ ᠲᠡᠩᠴᠡᠬᠦ ᠬᠤᠪᠢ ᠎ᠨᠢ 90 ᠬᠤᠪᠢ ᠪᠣᠯᠣᠨ᠎ᠠ᠃ ᠮᠣᠩᠭᠣᠯ ᠰᠢᠯᠭ᠋ᠠᠯᠲᠠ ᠵᠢᠨ ᠬᠠᠭᠤᠳᠠᠰᠤ ᠵᠢ ᠬᠡᠷᠡᠭᠯᠡᠨ ᠰᠢᠯᠭ᠋ᠠᠯᠲᠠ᠎ᠳᠤ ᠣᠷᠣᠯᠴᠠᠭᠰᠠᠨ ᠪᠠᠢ᠌ᠪᠠᠯ᠂ ᠬᠢᠷᠢ ᠲᠡᠩᠴᠡᠭᠰᠡᠨ ᠬᠤᠪᠢ ᠵᠢᠨ ᠪᠠᠷᠢᠮᠵᠢᠶ᠎ᠠ ᠵᠢ ᠠᠰ᠎ᠲᠤᠨᠢ ᠲᠣᠭᠲᠠᠭ᠋ᠠᠨ᠎ᠠ᠃

      ᠭᠤᠷᠪᠠ᠂ ᠬᠠᠤᠯᠢ ᠴᠠᠭ᠋ᠠᠵᠠ ᠵᠢᠨ ᠲᠤᠬᠠᠢ᠌ᠯᠠᠭᠰᠠᠨ ᠠᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠬᠤ

      (ᠨᠢᠭᠡ)  ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠲᠤᠰᠢᠶᠠᠬᠤ ᠴᠠᠭ ᠪᠠ ᠭᠠᠵᠠᠷ

      ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠭᠰᠠᠳ (ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ)᠎ᠨᠢ 2024 ᠣᠨ᠎ᠤ 12 ᠰᠠᠷ᠎ᠠ ᠵᠢᠨ 4᠎ᠤ ᠡᠳᠦᠷ᠎ᠤᠨ 8 ᠴᠠᠭ᠎ᠠᠴᠠ 12 ᠰᠠᠷ᠎ᠠ ᠵᠢᠨ 10᠎ᠤ ᠡᠳᠦᠷ᠎ᠤᠨ 24 ᠴᠠᠭ ᠪᠣᠯᠲᠠᠯ᠎ᠠ᠂ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠰᠦᠯᠵᠢᠶ᠎ᠡ ᠪᠤᠶᠤ ᠬᠠᠤᠯᠢ ᠴᠠᠭ᠋ᠠᠵᠠ ᠵᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠭᠠᠷᠴᠤ᠂ ᠭᠥᠯᠢᠶᠡᠨ ᠠᠪᠴᠤ ᠰᠢᠢ᠍ᠳᠪᠦᠷᠢᠯᠡᠬᠦ ᠭᠠᠵᠠᠷ ᠵᠶ᠋ᠠᠨ ᠥᠪᠡᠰᠦᠪᠡᠨ ᠰᠣᠩᠭᠣᠬᠤ ᠵᠢᠨ ᠬᠠᠮᠲᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠭᠰᠠᠨ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠬᠡᠷᠡᠭᠲᠡᠢ᠃ ᠭᠤᠶᠤᠴᠢᠯᠠᠭᠴᠢ᠎ᠨᠢ ᠨᠡᠷ᠎ᠡ ᠮᠡᠳᠡᠭᠦᠯᠦᠭᠰᠡᠨ ᠭᠠᠵᠠᠷ᠂ ᠡᠷᠦᠬᠡ ᠠᠮᠠ ᠵᠢᠨ ᠲᠠᠩᠰᠠ ᠵᠢᠨ ᠭᠠᠵᠠᠷ᠂ ᠠᠵᠢᠯ ᠪᠠ ᠠᠮᠢᠳᠤᠷᠠᠯ᠎ᠤᠨ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢ ᠰᠣᠩᠭᠣᠵᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠵᠤ ᠪᠣᠯᠣᠨ᠎ᠠ᠃

      ᠰᠦᠯᠵᠢᠶᠡᠨ ᠳᠡᠭᠡᠷ᠎ᠡ ᠮᠡᠳᠡᠭᠡ ᠵᠠᠩᠭᠢ ᠲᠠᠭᠯᠠᠨ ᠮᠡᠳᠡᠭᠦᠯᠬᠦ ᠲᠠᠰ ᠳᠠᠷᠠᠭ᠋ᠠᠯᠠᠯ᠎ᠢ ᠪᠡᠶᠡᠯᠡᠭᠦᠯᠬᠦ ᠵᠢᠨ ᠬᠠᠮᠲᠤ ᠲᠤᠬᠠᠢ ᠵᠢᠨ ᠲᠠᠯᠠᠪᠤᠷ᠎ᠲᠤ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠬᠤ᠎ᠪᠠᠷ ᠪᠣᠯᠵᠣᠭᠰᠠᠨ ᠡᠳᠦᠷ ᠬᠤᠭᠤᠴᠠᠭ᠎ᠠ ᠵᠢ ᠳᠠᠭᠤᠰᠬᠠᠭᠰᠠᠨ᠎ᠤ ᠳᠠᠷᠠᠭ᠎ᠠ᠂ ᠭᠤᠶᠤᠴᠢᠯᠠᠭᠴᠢ᠎ᠨᠢ ᠰᠦᠯᠵᠢᠶᠡᠨ ᠳᠡᠭᠡᠷ᠎ᠡ ᠪᠣᠯᠵᠣᠭᠰᠠᠨ ᠴᠠᠭ (2024 ᠣᠨ᠎ᠤ 12  ᠰᠠᠷ᠎ᠠ ᠵᠢᠨ 25᠎ᠤ ᠡᠳᠦᠷ᠎ᠠᠴᠠ 12 ᠰᠠᠷ᠎ᠠ ᠵᠢᠨ 31᠎ᠤ ᠡᠳᠦᠷ ᠪᠣᠯᠲᠠᠯ᠎ᠠ) ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠵᠢᠭ᠋ᠠᠨ ᠲᠣᠭᠲᠠᠭ᠋ᠠᠭᠰᠠᠨ ᠲᠤᠬᠠᠢ ᠵᠢᠨ ᠲᠠᠯᠠᠪᠤᠷ᠎ᠲᠤ ᠬᠦᠷᠴᠦ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃ ᠲᠤᠬᠠᠢ ᠵᠢᠨ ᠲᠠᠯᠠᠪᠤᠷ᠎ᠲᠤ ᠮᠠᠲ᠋ᠧᠷᠢᠶᠠᠯ ᠵᠶ᠋ᠠᠨ ᠲᠤᠰᠢᠶᠠᠬᠤ ᠦᠶ᠎ᠡ᠎ᠳᠤ᠂ ᠭᠤᠶᠤᠴᠢᠯᠠᠭᠴᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠵᠢ ᠬᠠᠷᠭᠤᠭᠤᠯᠤᠭ᠋ᠠᠳ ᠪᠤᠷᠤᠭᠤ ᠦᠭᠡᠢ ᠪᠣᠯᠤᠭᠰᠠᠨ᠎ᠤ ᠳᠠᠷᠠᠭ᠎ᠠ ᠭᠠᠷ᠎ᠤᠨ ᠥᠰᠥᠭ ᠵᠢᠷᠤᠵᠤ ᠨᠤᠲᠠᠯᠠᠬᠤ ᠵᠢᠨ ᠬᠠᠮᠲᠤ 《ᠭᠡᠷᠡᠴᠢᠯᠡᠬᠦ ᠵᠦᠢ᠍ᠯᠡᠰ᠎ᠢ ᠮᠡᠳᠡᠭᠳᠡᠬᠦ ᠠᠮᠠᠯᠠᠯᠲᠠ ᠵᠢᠨ ᠪᠢᠴᠢᠭ》᠎ᠲᠤ ᠭᠠᠷ᠎ᠤᠨ ᠥᠰᠥᠭ ᠵᠢᠷᠤᠨ᠎ᠠ᠃

      ᠨᠡᠷ᠎ᠡ ᠮᠡᠳᠡᠭᠦᠯᠬᠦ ᠦᠶ᠎ᠡ᠎ᠳᠤ ᠡᠷᠦᠬᠡ ᠠᠮᠠ ᠵᠢᠨ ᠲᠠᠩᠰᠠ᠎ᠨᠢ ᠨᠡᠷ᠎ᠡ ᠮᠡᠳᠡᠭᠦᠯᠬᠦ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠠᠭᠤᠵᠢᠭᠤ ᠪᠣᠯᠭ᠋ᠠᠭᠰᠠᠨ ᠭᠠᠵᠠᠷ ᠣᠷᠣᠨ᠎ᠳᠤ ᠪᠠᠢ᠌ᠵᠤ᠂ ᠠᠭᠤᠵᠢᠭᠤ ᠲᠠᠯᠪᠢᠬᠤ ᠲᠥᠷᠥ ᠵᠢᠨ ᠪᠣᠳᠣᠯᠭ᠎ᠠ ᠵᠢ ᠭᠥᠷᠳᠡᠬᠦ᠎ᠪᠠᠷ ᠭᠤᠶᠤᠴᠢᠯᠠᠭᠰᠠᠨ ᠮᠥᠷᠲᠡᠭᠡᠨ ᠠᠭᠤᠵᠢᠭᠤ ᠲᠠᠯᠪᠢᠬᠤ ᠬᠢᠷᠢ ᠲᠡᠩᠴᠡᠬᠦ ᠬᠤᠪᠢ᠎ᠳᠤ ᠭᠦᠷᠦᠭᠰᠡᠨ ᠭᠤᠶᠤᠴᠢᠯᠠᠭᠴᠢ᠎ᠨᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢ ᠰᠣᠩᠭᠣᠵᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠭᠣᠬᠤ᠎ᠪᠠᠷ ᠭᠤᠶᠤᠴᠢᠯᠠᠬᠤ ᠬᠡᠷᠡᠭᠲᠡᠢ᠃ ᠰᠦᠯᠵᠢᠶᠡᠨ ᠳᠡᠭᠡᠷ᠎ᠡ ᠮᠡᠳᠡᠭᠡ ᠵᠠᠩᠭᠢ ᠲᠠᠭᠯᠠᠨ ᠮᠡᠳᠡᠭᠦᠯᠬᠦ ᠵᠢ ᠪᠡᠶᠡᠯᠡᠭᠦᠯᠦᠭᠰᠡᠨ᠎ᠤ ᠳᠠᠷᠠᠭ᠎ᠠ᠂ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠵᠢᠭ᠋ᠠᠨ ᠲᠣᠭᠲᠠᠭ᠋ᠠᠭᠰᠠᠨ ᠲᠠᠯᠠᠪᠤᠷ ᠭᠠᠵᠠᠷ᠎ᠲᠤ ᠬᠦᠷᠴᠦ ᠲᠤᠬᠠᠢ ᠵᠢᠨ ᠲᠠᠯᠠᠪᠤᠷ᠎ᠲᠤ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠢ᠃

      2024 ᠣᠨ᠎ᠳᠤ ᠲᠤᠰ ᠬᠤᠭᠤᠴᠠᠭ᠋ᠠᠨ᠎ᠤ ᠶᠡᠬᠡ ᠰᠤᠷᠭ᠋ᠠᠭᠤᠯᠢ᠎ᠠᠴᠠ ᠲᠡᠭᠦᠰᠦᠭᠡᠳ  ᠤᠭ ᠨᠤᠲᠤᠭ᠎ᠲᠠᠭᠠᠨ ᠪᠤᠴᠠᠭᠰᠠᠨ ᠣᠶᠤᠲᠠᠨ᠂ ᠠᠯᠪᠠᠨ ᠴᠡᠷᠢᠭ᠎ᠤᠨ ᠴᠡᠷᠢᠭ᠎ᠠᠴᠠ ᠬᠠᠯᠠᠭᠳᠠᠭᠰᠠᠨ᠂ ᠤᠷᠤᠭ᠎ᠤᠨ ᠬᠠᠷᠢᠴᠠᠭ᠎ᠠ᠂ ᠠᠵᠢᠯ ᠰᠢᠯᠵᠢᠭᠰᠡᠨ ᠵᠡᠷᠭᠡ ᠪᠠᠢ᠌ᠳᠠᠯ᠎ᠳᠤ᠂ ᠨᠢᠭᠡᠨᠲᠡ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠢ᠌ᠲᠡᠯᠡᠬᠦ᠎ᠠᠴᠠ ᠡᠮᠦᠨ᠎ᠡ ᠡᠷᠦᠬᠡ ᠠᠮᠠ ᠵᠢᠨ ᠲᠠᠩᠰᠠ᠎ᠪᠠᠨ ᠨᠡᠷ᠎ᠡ ᠮᠡᠳᠡᠭᠦᠯᠬᠦ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠠᠭᠤᠵᠢᠭᠤ ᠪᠣᠯᠭ᠋ᠠᠭᠰᠠᠨ ᠭᠠᠵᠠᠷ ᠣᠷᠣᠨ᠎ᠳᠤ ᠰᠢᠯᠵᠢᠭᠦᠯᠦᠨ ᠣᠷᠣᠭᠤᠯᠤᠭᠰᠠᠨ ᠪᠥᠭᠡᠳ ᠪᠡᠶᠡᠴᠢ ᠰᠡᠳᠦᠪ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠪᠠᠢ᠌ᠭ᠎ᠠ ᠭᠠᠵᠠᠷ᠎ᠤᠨ ᠬᠢᠷᠢ ᠲᠡᠩᠴᠡᠬᠦ ᠬᠤᠪᠢ ᠵᠢᠨ ᠱᠤᠭᠤᠮ᠎ᠢ ᠠᠭᠤᠵᠢᠭᠤ ᠪᠣᠯᠭ᠋ᠠᠭᠰᠠᠨ ᠪᠠᠢ᠌ᠪᠠᠯ᠂ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ ᠪᠢᠴᠢᠭ ᠵᠶ᠋ᠡᠷ ᠭᠤᠶᠤᠴᠢᠯᠠᠯ ᠭᠠᠷᠭ᠋ᠠᠵᠤ ᠠᠭᠤᠵᠢᠭᠤ ᠲᠠᠯᠪᠢᠬᠤ ᠲᠥᠷᠥ ᠵᠢᠨ ᠪᠣᠳᠣᠯᠭ᠎ᠠ ᠵᠢ ᠭᠥᠷᠳᠡᠵᠦ ᠪᠣᠯᠣᠨ᠎ᠠ᠃

      ᠡᠩ᠎ᠤᠨ ᠳᠡᠭᠡᠳᠦ ᠰᠤᠷᠭ᠋ᠠᠭᠤᠯᠢ᠂ ᠴᠡᠷᠢᠭ᠎ᠤᠨ ᠳᠡᠭᠡᠳᠦ ᠰᠤᠷᠭ᠋ᠠᠭᠤᠯᠢ ᠵᠢᠨ 2025 ᠣᠨ᠎ᠤ ᠪᠦᠬᠦᠯᠢ ᠡᠳᠦᠷ᠎ᠤᠨ ᠳᠦᠷᠢᠮᠲᠦ ᠲᠣᠰ ᠬᠤᠭᠤᠴᠠᠭ᠋ᠠᠨ᠎ᠤ ᠵᠢᠩᠬᠢᠨᠢ ᠠᠩᠭᠢ᠂ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠡᠭᠦᠰᠦᠭᠰᠡᠳ (ᠲᠤᠰᠬᠠᠢ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ᠂ ᠬᠣᠶᠠᠳᠤᠭ᠋ᠠᠷ ᠣᠶᠤᠲᠠᠨ᠎ᠤ ᠴᠣᠯᠠ᠂ ᠲᠤᠰᠬᠠᠢ ᠮᠡᠷᠭᠡᠵᠢᠯ᠎ᠠᠴᠠ ᠰᠤᠳᠤᠯᠬᠤ ᠠᠩᠭᠢ᠎ᠳᠤ ᠳᠡᠪᠰᠢᠬᠦ ᠪᠠᠭᠲᠠᠨ᠎ᠠ᠂ ᠳᠣᠷᠣᠭᠰᠢ ᠠᠳᠠᠯᠢ) ᠪᠡᠶᠡᠴᠢ ᠰᠡᠳᠦᠪ᠎ᠤᠨ ᠰᠢᠯᠭ᠋ᠠᠯᠲᠠ᠎ᠳᠤ ᠣᠷᠣᠯᠴᠠᠭ᠋ᠠᠳ ᠬᠢᠷᠢ ᠲᠡᠩᠴᠡᠭᠰᠡᠨ ᠬᠤᠪᠢ ᠵᠢᠨ ᠱᠤᠭᠤᠮ᠎ᠳᠤ ᠬᠦᠷᠦᠭᠰᠡᠨ ᠪᠠᠢ᠌ᠪᠠᠯ᠂ ᠵᠣᠬᠢᠬᠤ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢᠨ ᠦᠨᠡᠮᠯᠡᠯ᠎ᠢ ᠲᠣᠭᠲᠠᠭᠰᠠᠨ ᠬᠤᠭᠤᠴᠠᠭ᠋ᠠᠨ᠎ᠳᠤ ᠣᠯᠣᠭᠰᠠᠨ᠎ᠤ ᠳᠠᠷᠠᠭ᠎ᠠ ᠰᠠᠶᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠬᠤ᠎ᠪᠠᠷ ᠭᠤᠶᠤᠴᠢᠯᠠᠵᠤ ᠪᠣᠯᠣᠨ᠎ᠠ᠂ ᠪᠣᠳᠠᠲᠠᠢ ᠴᠠᠭ ᠪᠠ ᠠᠷᠭ᠎ᠠ ᠵᠢ ᠠᠰ᠎ᠲᠤᠨᠢ ᠵᠠᠷᠯᠠᠨ ᠨᠡᠢ᠌ᠲᠡᠯᠡᠨ᠎ᠡ᠃ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ 2025 ᠣᠨ᠎ᠤ ᠪᠦᠬᠦᠯᠢ ᠡᠳᠦᠷ᠎ᠤᠨ ᠳᠦᠷᠢᠮᠲᠦ ᠲᠣᠰ ᠬᠤᠭᠤᠴᠠᠭ᠋ᠠᠨ᠎ᠤ ᠵᠢᠩᠬᠢᠨᠢ ᠠᠩᠭᠢ᠂ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠡᠭᠦᠰᠦᠭᠰᠡᠨ ᠰᠣᠷᠣᠭᠴᠢ ᠪᠡᠶᠡᠴᠢ ᠰᠡᠳᠦᠪ᠎ᠤᠨ ᠰᠢᠯᠭ᠋ᠠᠯᠲᠠ᠎ᠳᠤ ᠣᠷᠣᠯᠴᠠᠭ᠋ᠠᠳ ᠬᠢᠷᠢ ᠲᠡᠩᠴᠡᠭᠰᠡᠨ ᠬᠤᠪᠢ ᠵᠢᠨ ᠱᠤᠭᠤᠮ᠎ᠳᠤ ᠬᠦᠷᠦᠭᠰᠡᠨ ᠪᠠᠢ᠌ᠪᠠᠯ᠂ ᠬᠢᠷᠢ ᠪᠦᠲᠦᠮᠵᠢ ᠵᠢ ᠪᠠᠢ᠌ᠴᠠᠭ᠋ᠠᠨ ᠯᠠᠪᠯᠠᠬᠤ ᠨᠢᠭᠤᠷ ᠎ᠠᠴᠠ 《2024 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠲᠣᠰ ᠬᠤᠭᠤᠴᠠᠭ᠋ᠠᠨ᠎ᠤ ᠲᠡᠭᠦᠰᠦᠭᠰᠡᠨ ᠰᠣᠷᠣᠭᠴᠢ ᠵᠢᠨ ᠬᠢᠷᠢ ᠪᠦᠲᠦᠮᠵᠢ ᠵᠢᠨ ᠬᠢᠷᠢ ᠲᠡᠩᠴᠡᠭᠰᠡᠨ ᠭᠡᠷᠡᠴᠢ》 ᠵᠢ ᠪᠠᠭᠤᠯᠭ᠋ᠠᠨ ᠳᠠᠷᠤᠮᠠᠯᠯᠠᠵᠤ ᠪᠣᠯᠣᠨ᠎ᠠ᠃

      (ᠬᠣᠶᠠᠷ) ᠲᠤᠬᠠᠢ ᠵᠢᠨ ᠲᠠᠯᠠᠪᠤᠷ᠎ᠲᠤ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠨ᠎ᠠ

      ᠭᠤᠶᠤᠴᠢᠯᠠᠭᠴᠢ 《2024 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠭᠤᠶᠤᠴᠢᠯᠠᠯ᠎ᠤᠨ ᠬᠦᠰᠦᠨᠦᠭᠲᠦ》 ᠵᠢ ᠦᠨᠡᠨ ᠮᠥᠨ ᠵᠶ᠋ᠡᠷ ᠲᠠᠭᠯᠠᠨ ᠪᠢᠴᠢᠬᠦ ᠬᠡᠷᠡᠭᠲᠡᠢ᠂ ᠲᠣᠰ ᠬᠥᠮᠥᠨ ᠲᠤᠬᠠᠢ ᠵᠢᠨ ᠲᠠᠯᠠᠪᠤᠷ᠎ᠲᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠢ᠄

      1. ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠃

      ᠠᠭᠤᠵᠢᠭᠤ ᠲᠠᠯᠪᠢᠬᠤ ᠲᠥᠷᠥ ᠵᠢᠨ ᠪᠣᠳᠣᠯᠭ᠎ᠠ ᠵᠢ ᠭᠥᠷᠳᠡᠬᠦ᠎ᠪᠠᠷ ᠭᠤᠶᠤᠴᠢᠯᠠᠭᠴᠢ᠎ᠨᠢ ᠲᠣᠰ ᠬᠥᠮᠥᠨ᠎ᠤ ᠡᠷᠦᠬᠡ ᠠᠮᠠ ᠵᠢᠨ ᠳᠡᠪᠲᠡᠷ᠎ᠤᠨ ᠤᠭ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃

      ᠵᠢᠩᠬᠢᠨᠢ ᠠᠯᠪᠠᠨ᠎ᠤ ᠴᠡᠷᠢᠭ᠎ᠤᠨ ᠬᠥᠮᠥᠨ᠎ᠤ ᠬᠤᠪᠢ᠎ᠪᠠᠷ ᠰᠢᠯᠭ᠋ᠠᠭᠤᠯᠬᠤ᠎ᠪᠠᠷ ᠨᠡᠷ᠎ᠡ ᠮᠡᠳᠡᠭᠦᠯᠦᠭᠰᠡᠨ ᠭᠤᠶᠤᠴᠢᠯᠠᠭᠴᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠡᠨ ᠲᠤᠰᠢᠶᠠᠬᠤ᠎ᠠᠴᠠ ᠭᠠᠳᠠᠨ᠎ᠠ ᠪᠠᠰᠠ ᠥᠪᠡᠷ᠎ᠤᠨ ᠬᠦᠴᠦᠨ᠎ᠲᠠᠢ ᠵᠢᠩᠬᠢᠨᠢ ᠠᠯᠪᠠᠨ᠎ᠤ ᠴᠡᠷᠢᠭ᠎ᠤᠨ ᠪᠡᠶ᠎ᠡ ᠵᠢᠨ ᠦᠨᠡᠮᠯᠡᠯ ᠵᠶ᠋ᠡᠨ ᠭᠠᠷᠭ᠋ᠠᠵᠤ ᠦᠵᠡᠭᠦᠯᠬᠦ ᠬᠡᠷᠡᠭᠲᠡᠢ᠃

      2. ᠳᠡᠭᠡᠳᠦ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ᠃

      (1) 《ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠢᠨ ᠬᠣᠷᠢᠨ ᠬᠣᠶᠠᠳᠤᠭ᠋ᠠᠷ ᠵᠦᠢ᠍ᠯ᠂ ᠬᠣᠷᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ  ᠦᠨᠳᠦᠰᠦᠯᠡᠵᠦ᠂ 《ᠨᠠᠰᠤᠲᠠᠢ᠌ᠴᠤᠳ᠎ᠤᠨ ᠬᠠᠭᠤᠴᠢᠨ ᠠᠷᠭ᠎ᠠ》 ᠵᠢᠨ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠬᠡᠷᠡᠭᠯᠡᠬᠦ ᠭᠤᠶᠤᠴᠢᠯᠠᠭᠴᠢ ᠵᠢᠴᠢ ᠠᠭᠤᠵᠢᠭᠤ ᠲᠠᠯᠪᠢᠬᠤ ᠲᠥᠷᠥ ᠵᠢᠨ ᠪᠣᠳᠣᠯᠭ᠎ᠠ ᠵᠢ ᠭᠥᠷᠳᠡᠬᠦ᠎ᠪᠠᠷ ᠭᠤᠶᠤᠴᠢᠯᠠᠭᠴᠢ᠎ᠨᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠤᠨ ᠰᠤᠷᠤᠯᠭ᠎ᠠ ᠲᠡᠭᠦᠰᠦᠭᠰᠡᠨ ᠦᠨᠡᠮᠯᠡᠯ᠎ᠢ ᠲᠤᠰᠢᠶᠠᠬᠤ ᠬᠡᠷᠡᠭᠲᠡᠢ᠃

      (2) 《ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠢᠨ ᠶᠢᠰᠦᠳᠦᠭᠡᠷ ᠵᠦᠢ᠍ᠯ᠂ ᠬᠣᠷᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠵᠦ᠂ 《ᠰᠢᠨ᠎ᠡ ᠬᠥᠮᠥᠨ᠎ᠤ ᠰᠢᠨ᠎ᠡ ᠠᠷᠭ᠎ᠠ》 ᠵᠢᠨ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠬᠡᠷᠡᠭᠯᠡᠬᠦ ᠭᠤᠶᠤᠴᠢᠯᠠᠭᠴᠢ᠎ᠨᠢ ᠵᠣᠬᠢᠴᠠᠩᠭᠤᠢ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ ᠵᠶ᠋ᠡᠨ ᠲᠤᠰᠢᠶᠠᠬᠤ ᠬᠡᠷᠡᠭᠲᠡᠢ᠃ ᠡᠭᠦᠨ᠎ᠳᠤ᠂ ᠵᠢᠩᠬᠢᠨᠢ ᠠᠯᠪᠠᠨ᠎ᠤ ᠴᠡᠷᠢᠭ᠎ᠨᠢ ᠡ᠊ᠩ᠎ᠤᠨ ᠳᠡᠭᠡᠳᠦ ᠰᠤᠷᠭ᠋ᠠᠭᠤᠯᠢ ᠪᠤᠶᠤ ᠴᠡᠷᠢᠭ᠎ᠤᠨ ᠳᠡᠭᠡᠳᠦ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠡᠭᠦᠰᠦᠭᠰᠡᠨ ᠦᠨᠡᠮᠯᠡᠯ ᠪᠠ ᠪᠠᠴᠸᠯᠸᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠵᠢᠨ ᠦᠨᠡᠮᠯᠡᠯ᠎ᠢ ᠲᠤᠰᠢᠶᠠᠬᠤ ᠬᠡᠷᠡᠭᠲᠡᠢ᠂ ᠪᠤᠰᠤᠳ ᠭᠤᠶᠤᠴᠢᠯᠠᠭᠴᠢ᠎ᠨᠢ ᠪᠦᠬᠦᠯᠢ ᠡᠳᠦᠷ᠎ᠤᠨ ᠳᠦᠷᠢᠮᠲᠦ ᠡ᠊ᠩ᠎ᠤᠨ ᠳᠡᠭᠡᠳᠦ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠲᠦᠷᠦᠯ᠎ᠤᠨ ᠲᠤᠰᠬᠠᠢ ᠮᠡᠷᠭᠡᠵᠢᠯ᠎ᠤᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠡᠭᠦᠰᠦᠭᠰᠡᠨ ᠦᠨᠡᠮᠯᠡᠯ ᠪᠠ ᠬᠠᠤᠯᠢ ᠵᠢᠨ ᠤᠬᠠᠭ᠋ᠠᠨ᠎ᠤ ᠪᠠᠴᠸᠯᠸᠷ ᠵᠢᠴᠢ ᠲᠡᠭᠦᠨ᠎ᠠᠴᠠ ᠳᠡᠭᠡᠭᠰᠢᠬᠢ ᠡᠷᠳᠡᠮ᠎ᠤᠨ ᠴᠣᠯᠠ ᠵᠢᠨ ᠦᠨᠡᠮᠯᠡᠯ᠎ᠢ ᠲᠤᠰᠢᠶᠠᠬᠤ ᠬᠡᠷᠡᠭᠲᠡᠢ᠃ 

      (3) ᠰᠢᠶᠠᠩᠭ᠋ᠠᠩ ᠣᠣᠮᠧᠨ ᠲᠠᠢ᠌ᠸᠠᠨ ᠣᠷᠣᠨ ᠪᠤᠶᠤ ᠭᠠᠳᠠᠭ᠋ᠠᠳᠤ ᠵᠢᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢᠨ ᠦᠨᠡᠮᠯᠡᠯ᠎ᠲᠠᠢ ᠪᠠᠢ᠌ᠪᠠᠯ᠂ ᠰᠤᠷᠭ᠋ᠠᠨ ᠬᠥᠮᠦᠵᠢᠯ᠎ᠤᠨ ᠶᠠᠮᠤᠨ᠎ᠤ ᠭᠠᠳᠠᠭ᠋ᠠᠳᠤ᠎ᠳᠤ ᠰᠤᠷᠤᠯᠴᠠᠬᠤ ᠦᠢ᠍ᠯᠡᠴᠢᠯᠡᠭᠡᠨ᠎ᠤ ᠲᠥᠪ᠎ᠤᠨ ᠭᠠᠷᠭ᠋ᠠᠭᠰᠠᠨ ᠭᠡᠷᠡᠴᠢᠯᠡᠯ᠎ᠤᠨ ᠪᠢᠴᠢᠭ᠎ᠢ ᠲᠤᠰᠢᠶᠠᠬᠤ ᠬᠡᠷᠡᠭᠲᠡᠢ᠃ ᠴᠡᠷᠢᠭ᠎ᠤᠨ ᠳᠡᠭᠡᠳᠦ ᠰᠤᠷᠭ᠋ᠠᠭᠤᠯᠢ ᠪᠤᠶᠤ 2001 ᠣᠨ ᠵᠢᠴᠢ ᠲᠡᠭᠦᠨ᠎ᠠᠴᠠ ᠡᠮᠦᠨᠡᠬᠢ ᠤᠯᠤᠰ᠎ᠤᠨ ᠳᠣᠲᠣᠭ᠋ᠠᠳᠤ ᠵᠢᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢᠨ ᠦᠨᠡᠮᠯᠡᠯ᠎ᠲᠠᠢ ᠪᠣᠯ ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ  ᠡᠷᠳᠡᠮ᠎ᠤᠨ ᠴᠣᠯᠠ ᠵᠢᠨ ᠭᠡᠷᠡᠴᠢᠯᠡᠯ᠎ᠤᠨ ᠮᠡᠳᠡᠭᠦᠯᠦᠯᠲᠡ ᠵᠢ ᠲᠤᠰᠢᠶᠠᠬᠤ ᠬᠡᠷᠡᠭᠲᠡᠢ᠃ 

      3. ᠬᠢᠨᠠᠨ ᠬᠠᠷᠭᠤᠭᠤᠯᠬᠤ ᠬᠡᠷᠡᠭᠴᠡᠭᠡ ᠵᠢ ᠦᠨᠳᠦᠰᠦᠯᠡᠨ ᠲᠤᠰᠢᠶᠠᠬᠤ ᠴᠢᠬᠤᠯᠠᠲᠠᠢ ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠣᠷᠣᠭᠴᠢ ᠵᠢᠨ ᠮᠡᠳᠡᠭᠡ ᠵᠠᠩᠭᠢ ᠵᠢᠨ ᠰᠦᠯᠵᠢᠶ᠎ᠡ (ᠡᠷᠳᠡᠮ ᠰᠢᠨᠵᠢᠯᠡᠭᠡᠨ᠎ᠤ ᠮᠡᠳᠡᠭᠡ ᠵᠠᠩᠭᠢ ᠵᠢᠨ ᠰᠦᠯᠵᠢᠶ᠎ᠡ) ᠵᠢᠨ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢ ᠪᠠᠢ᠌ᠴᠠᠭ᠋ᠠᠨ ᠯᠠᠪᠯᠠᠭᠰᠠᠨ ᠦᠷ᠎ᠡ ᠳ᠋ᠦᠩ᠂ ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠭᠡᠷᠡᠴᠢᠯᠡᠯ᠎ᠤᠨ ᠮᠡᠳᠡᠭᠦᠯᠦᠯᠲᠡ ᠵᠡᠷᠭᠡ ᠨᠥᠬᠥᠪᠦᠷᠢᠯᠡᠨ ᠵᠠᠯᠠᠷᠠᠭᠤᠯᠬᠤ ᠮᠠᠲ᠋ᠧᠷᠢᠶᠠᠯ᠃

      ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠤᠨ ᠤᠭ ᠮᠠᠲ᠋ᠧᠷᠢᠶᠠᠯ᠎ᠢ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠪᠠᠷ ᠬᠢᠨᠠᠨ ᠰᠢᠯᠭ᠋ᠠᠭᠤᠯᠤᠭᠰᠠᠨ᠎ᠤ ᠳᠠᠷᠠᠭ᠎ᠠ ᠪᠠᠭᠤᠯᠭ᠋ᠠᠬᠤ ᠪᠤᠶᠤ ᠰᠢᠷᠪᠢᠵᠦ ᠦᠯᠡᠳᠡᠭᠡᠨ ᠬᠠᠳᠠᠭ᠋ᠠᠯᠠᠵᠤ ᠲᠠᠩᠰᠠ ᠡᠪᠬᠡᠮᠡᠯ᠎ᠳᠤ ᠣᠷᠣᠭᠤᠯᠵᠤ᠂ ᠤᠭ ᠮᠠᠲ᠋ᠧᠷᠢᠶᠠᠯ᠎ᠢ ᠭᠤᠶᠤᠴᠢᠯᠠᠭᠴᠢ᠎ᠳᠤ ᠪᠤᠴᠠᠭ᠋ᠠᠨ᠎ᠠ᠃

      ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠭᠤᠶᠤᠴᠢᠯᠠᠯ᠎ᠢ ᠨᠢᠭᠡᠳᠦᠯᠲᠡᠢ ᠭᠥᠯᠢᠶᠡᠨ ᠠᠪᠴᠤ ᠰᠢᠢ᠍ᠳᠪᠦᠷᠢᠯᠡᠨ᠎ᠡ᠂ ᠨᠢᠭᠡᠳᠦᠯᠲᠡᠢ ᠭᠥᠯᠢᠶᠡᠨ ᠠᠪᠴᠤ ᠰᠢᠢ᠍ᠳᠪᠦᠷᠢᠯᠡᠬᠦ ᠡᠳᠦᠷ ᠬᠤᠭᠤᠴᠠᠭ᠎ᠠ᠎ᠨᠢ 2025 ᠣᠨ᠎ᠤ 1  ᠰᠠᠷ᠎ᠠ ᠵᠢᠨ 2᠎ᠤᠨ ᠡᠳᠦᠷ ᠪᠣᠯᠣᠨ᠎ᠠ᠃

      ᠳᠥᠷᠪᠡ᠂ ᠪᠤᠰᠤᠳ ᠵᠦᠢ᠍ᠯᠡᠰ᠎ᠤᠳ

      ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ᠎ᠢ ᠬᠡᠷᠡᠭᠯᠡᠬᠦ ᠬᠡᠪᠴᠢᠶ᠎ᠡ᠎ᠳᠤ ᠬᠠᠤᠯᠢ ᠴᠠᠭ᠋ᠠᠵᠠ ᠵᠢᠨ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠡᠷᠭᠡ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠯᠡᠨ᠎ᠡ᠃

      ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠪᠤᠰᠤᠳ ᠵᠦᠢ᠍ᠯᠡᠰ᠎ᠢ 《ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃

      ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠠᠰᠠᠭᠤᠨ ᠯᠠᠪᠯᠠᠬᠤ ᠤᠲᠠᠰᠤ᠄

      ᠬᠥᠬᠡᠬᠣᠲᠠ᠄ 0471—6649591/6649688

      ᠪᠤᠭᠤᠲᠤ ᠬᠣᠲᠠ᠄ 0472—2898078

      ᠦᠬᠠᠢ ᠬᠣᠲᠠ᠄ 0473—8992112

      ᠤᠯᠠᠭ᠋ᠠᠨᠬᠠᠳᠠ ᠬᠣᠲᠠ᠄ 0476—5680105

      ᠲᠦᠩᠯᠢᠶᠣᠣ ᠬᠣᠲᠠ᠄ 0475—5775223

      ᠣᠷᠳᠣᠰ ᠬᠣᠲᠠ᠄ 0477—8588587

      ᠬᠥᠯᠥᠨ ᠪᠣᠶ᠋ᠢᠷ ᠬᠣᠲᠠ᠄ 0470—8217972

      ᠪᠠᠶᠠᠨᠨᠠᠭᠤᠷ ᠬᠣᠲᠠ᠄ 0478—7988838

      ᠤᠯᠠᠭ᠋ᠠᠨᠴᠠᠪ ᠬᠣᠲᠠ᠄ 0474—8985078

      ᠬᠢᠩᠭ᠋ᠠᠨ ᠠᠢ᠌ᠮᠠᠭ᠄ 0482—8269017

      ᠰᠢᠯᠢ ᠵᠢᠨ ᠭᠣᠣᠯ ᠠᠢ᠌ᠮᠠᠭ᠄ 0479—8267177

      ᠠᠯᠠᠱ᠌ᠠ ᠠᠢ᠌ᠮᠠᠭ᠄ 0483—8331643

      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠄ 0471—5301421

                             

                                   ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                            2024 ᠣᠨ᠎ᠤ 11 ᠰᠠᠷ᠎ᠠ ᠵᠢᠨ 29᠎ᠤ  ᠡᠳᠦᠷ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            