《ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠲᠢᠩᠬᠢᠮ᠎ᠤᠨ ᠳᠤᠮᠳᠠᠳᠤ ᠤᠯᠤᠰ᠎ᠤᠨ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠶᠢᠰᠦᠳᠦᠭᠡᠷ ᠤᠳᠠᠭ᠋ᠠᠨ᠎ᠤ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠡᠯᠡᠳᠬᠡᠯ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠵᠤᠷᠭ᠋ᠠᠨ ᠠᠯᠪᠠᠨ ᠮᠡᠳᠡᠭᠳᠡᠯ [2024] 123 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠵᠢᠱ᠌ᠢᠭᠳᠡᠭᠰᠡᠳ᠎ᠢ ᠵᠥᠪᠳᠡᠯᠴᠡᠬᠦ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠪᠠᠢ᠌ᠩᠭᠤ ᠵᠢᠨ ᠬᠡᠷᠡᠭ ᠡᠷᠬᠢᠯᠡᠭᠴᠢᠳ᠎ᠤᠨ ᠬᠤᠷᠠᠯ᠎ᠠᠴᠠ ᠲᠥᠯᠥᠭᠡᠯᠡᠭᠴᠢ ᠪᠠ ᠬᠡᠷᠡᠭ ᠡᠷᠬᠢᠯᠡᠭᠴᠢ ᠵᠢᠨ ᠵᠢᠱ᠌ᠢᠭᠳᠡᠭᠰᠡᠳ᠎ᠤᠨ ᠨᠡᠷᠡᠰ᠎ᠢ ᠰᠣᠩᠭᠣᠨ ᠭᠠᠷᠭ᠋ᠠᠵᠠᠢ᠃
ᠡᠳᠦᠭᠡ ᠬᠣᠯᠪᠣᠭᠳᠠᠯ ᠪᠦᠬᠦᠢ ᠪᠠᠢ᠌ᠳᠠᠯ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠬᠡᠷᠡᠭ ᠡᠷᠬᠢᠯᠡᠭᠴᠢ᠎ᠪᠠᠷ ᠵᠢᠱ᠌ᠢᠭᠳᠡᠭᠰᠡᠳ᠎ᠠᠴᠠ ᠭᠠᠳᠠᠨᠠᠬᠢ ᠲᠥᠯᠥᠭᠡᠯᠡᠭᠴᠢ (3 ᠬᠥᠮᠥᠨ)
1. ᠳ᠋ᠠᠢ ᠶᠠᠨ᠂ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠢᠨ ᠲᠤᠰᠢᠶᠠᠯ ᠲᠠᠢ᠃
2. ᠹᠧᠩ ᠹᠧᠢ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠠᠨᠲᠠᠢ ᠠᠯᠪᠠᠨ ᠭᠡᠷᠡᠴᠢᠯᠡᠭᠡ ᠵᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ ᠲᠠᠢ᠃
3. ᠯᠢ ᠲᠤᠤ᠂ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠣᠲᠠ ᠵᠢᠨ ᠬᠢᠩᠭ᠋ᠠᠨ ᠠᠯᠪᠠᠨ ᠭᠡᠷᠡᠴᠢᠯᠡᠭᠡ ᠵᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ ᠲᠠᠢ᠃
ᠬᠣᠶᠠᠷ᠂ ᠬᠡᠷᠡᠭ ᠡᠷᠬᠢᠯᠡᠭᠴᠢ᠎ᠪᠠᠷ ᠵᠢᠱ᠌ᠢᠭᠳᠡᠭᠰᠡᠳ᠎ᠤᠨ ᠲᠥᠯᠥᠭᠡᠯᠡᠭᠴᠢ (4 ᠬᠥᠮᠥᠨ)
4. ᠯᠢ ᠢᠦᠢ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠮᠧᠩ ᠵᠧᠩ ᠠᠯᠪᠠᠨ ᠭᠡᠷᠡᠴᠢᠯᠡᠭᠡ ᠵᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ᠎ᠲᠠᠢ᠃
5. ᠵᠧᠦ ᠳ᠋ᠢᠶᠠᠨ ᠰᠢᠶᠠᠩ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠬᠡᠷᠡᠭ ᠬᠢᠨᠠᠭᠴᠢᠳ᠎ᠤᠨ ᠵᠥᠪᠯᠡᠯ᠎ᠤᠨ ᠲᠡᠷᠢᠭᠦᠯᠡᠭᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠬᠣᠩ ᠵᠢᠶᠠᠨ ᠠᠯᠪᠠᠨ ᠭᠡᠷᠡᠴᠢᠯᠡᠭᠡ ᠵᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ᠎ᠲᠠᠢ᠃
6. ᠬᠤᠸ᠋ ᠹᠧᠩ ᠰᠢᠶᠠ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ ᠵᠢᠨ ᠵᠢᠶᠠ ᠰᠢᠩ ᠠᠯᠪᠠᠨ ᠭᠡᠷᠡᠴᠢᠯᠡᠭᠡ ᠵᠢᠨ ᠭᠠᠵᠠᠷ᠎ᠤᠨ ᠡᠷᠬᠢᠯᠡᠭᠴᠢ ᠵᠢᠨ ᠲᠤᠰᠢᠶᠠᠯ᠎ᠲᠠᠢ᠃
7. ᠭᠦᠸᠧ ᠵᠢᠢ ᠵᠢᠶᠦ᠋ᠨ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠤᠨ ᠳᠡᠳ᠋ ᠳᠠᠷᠤᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠵᠣᠣ ᠤᠳᠠ ᠠᠯᠪᠠᠨ ᠭᠡᠷᠡᠴᠢᠯᠡᠭᠡ ᠵᠢᠨ ᠭᠠᠵᠠᠷ᠎ᠤᠨ ᠳᠡᠳ᠋ ᠡᠷᠬᠢᠯᠡᠭᠴᠢ ᠵᠢᠨ ᠲᠤᠰᠢᠶᠠᠯ᠎ᠲᠠᠢ᠃
ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠣᠲᠣ ᠵᠠᠷᠯᠠᠨ ᠨᠡᠢ᠌ᠲᠡᠯᠡᠶ᠎ᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2024 ᠣᠨ᠎ᠤ 12 ᠰᠠᠷ᠎ᠠ ᠵᠢᠨ 25᠎ᠤ ᠡᠳᠦᠷ᠎ᠠᠴᠠ 12 ᠰᠠᠷ᠎ᠠ ᠵᠢᠨ 31᠎ᠤ ᠡᠳᠦᠷ᠂ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠠᠵᠢᠯ᠎ᠤᠨ ᠡᠳᠦᠷ᠎ᠤᠨ 9᠄ 00 — 17᠄ 30 ᠪᠤᠯᠳᠠᠯ᠎ᠠ᠃
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠲᠥᠯᠥᠭᠡᠯᠡᠭᠴᠢ ᠪᠠ ᠬᠡᠷᠡᠭ ᠡᠷᠬᠢᠯᠡᠭᠴᠢ ᠵᠢᠨ ᠵᠢᠱ᠌ᠢᠭᠳᠡᠭᠰᠡᠳ᠎ᠲᠤ ᠰᠡᠵᠢᠭᠯᠡᠯ᠎ᠲᠠᠢ ᠪᠠᠢ᠌ᠪᠠᠯ᠂ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠤᠲᠠᠰᠤ ᠢᠷᠡᠬᠦ᠂ ᠵᠠᠬᠢᠳᠠᠯ ᠢᠷᠡᠬᠦ᠂ ᠰᠤᠷᠪᠤᠯᠵᠢᠯᠠᠬᠤ᠎ᠪᠠᠷ ᠢᠷᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠲᠤ ᠠᠰᠠᠭᠤᠳᠠᠯ ᠵᠶ᠋ᠠᠨ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠤ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠢ᠌ᠬᠤ ᠵᠢ ᠱᠠᠭ᠋ᠠᠷᠳᠠᠬᠤ ᠵᠢᠨ ᠬᠠᠮᠲᠤ ᠪᠢᠴᠢᠭ᠎ᠤᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ ᠵᠢ ᠳᠠᠭ᠋ᠠᠯᠳᠤᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ᠎ᠳᠤ ᠲᠥᠬᠥᠮ ᠦᠵᠡᠭᠦᠯᠬᠦ ᠪᠣᠯᠪᠠᠤ᠃ ᠢᠯᠡ ᠨᠡᠢ᠌ᠲᠡᠯᠡᠭᠰᠡᠨ ᠮᠡᠳᠡᠭᠡ ᠵᠠᠩᠭᠢ᠎ᠳᠤ ᠬᠡᠷᠪᠡ ᠪᠤᠷᠤᠭᠤ᠎ᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠯᠪᠠᠨ ᠭᠡᠷᠡᠴᠢᠯᠡᠭᠡ ᠵᠢᠨ ᠨᠡᠢ᠌ᠭᠡᠮᠯᠢᠭ᠎ᠲᠠᠢ ᠬᠠᠷᠢᠯᠴᠠᠵᠤ ᠪᠠᠢ᠌ᠭ᠋ᠠᠳ ᠵᠠᠰᠠᠪᠤᠷᠢ ᠣᠷᠣᠭᠤᠯᠤᠭ᠋ᠠᠷᠠᠢ᠃
ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ
15 ᠳ᠋ᠤᠭ᠋ᠠᠷ ᠨᠣᠮᠧᠷ᠎ᠤᠨ 306 ᠳ᠋ᠤᠭ᠋ᠠᠷ ᠥᠷᠥᠭᠡ (ᠰᠢᠤᠳᠠᠨ ᠳ᠋ᠤᠭ᠋ᠠᠷ᠄ 010010)
ᠬᠠᠷᠢᠯᠴᠠᠬᠤ ᠤᠲᠠᠰᠤ᠄ 0471—5301297
ᠢᠮᠸᠯ᠄ nmgggflfwglj@126.com
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2024 ᠣᠨ᠎ᠤ 12 ᠰᠠᠷ᠎ᠠ ᠵᠢᠨ 25᠎ᠤ ᠡᠳᠦᠷ