ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠠᠶᠠᠨᠨᠠᠭᠤᠷ ᠭᠢᠨᠳᠠᠨ᠎ᠤ ᠮᠠ ᠰᠢᠦᠢ ᠵᠠᠩ᠂ ᠤᠯᠠᠭ᠋ᠠᠨ ᠭᠢᠨᠳᠠᠨ᠎ᠤ ᠬᠠᠨ ᠪᠢᠩ ᠬᠣᠶᠠᠷ ᠨᠥᠬᠥᠷ᠎ᠲᠤ ᠬᠤᠪᠢ ᠬᠥᠮᠥᠨ᠎ᠤ ᠬᠣᠶᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-12-02

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠪᠠᠲᠠᠨ᠎ᠢ ᠴᠠᠭ ᠲᠤᠬᠠᠢ᠎ᠳᠤᠨᠢ ᠱᠠᠩᠨᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠤᠯᠤᠰ ᠪᠠ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠠᠶᠤᠯ ᠭᠠᠮᠰᠢᠭ ᠎ᠠᠴᠠ ᠠᠪᠤᠷᠠᠬᠤ᠂ ᠬᠦᠨᠳᠦ ᠶᠡᠬᠡ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠂ ᠴᠢᠬᠤᠯᠠ ᠶᠡᠬᠡ ᠠᠵᠢᠯᠯᠠᠭ᠎ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠡᠷᠭᠡ ᠠᠵᠢᠯ᠎ᠤᠨ ᠳᠤᠮᠳᠠ ᠣᠨᠴᠠ ᠲᠣᠪᠣᠢ᠌ᠮ᠎ᠠ ᠢᠯᠡᠷᠡᠯ᠎ᠲᠠᠢ ᠬᠤᠪᠢ ᠬᠥᠮᠥᠨ᠎ᠢ ᠭᠠᠪᠢᠶ᠎ᠠ ᠲᠡᠮᠳᠡᠭᠯᠡᠨ ᠱᠠᠩᠨᠠᠵᠤ ᠪᠣᠯᠣᠨ᠎ᠠ᠃ ᠪᠠᠶᠠᠨᠨᠠᠭᠤᠷ  ᠭᠢᠨᠳᠠᠨ᠎ᠤ ᠮᠠ ᠰᠢᠦᠢ ᠵᠠᠩ ᠨᠥᠬᠥᠷ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠦᠶ᠎ᠡ᠎ᠳᠤ᠂ ᠴᠡᠭᠡᠵᠢ ᠲᠦᠷᠢᠨ ᠭᠠᠷᠴᠤ᠂ ᠬᠤᠷᠴᠠ ᠮᠡᠰᠡ ᠵᠢ  ᠪᠤᠯᠢᠶᠠᠨ ᠠᠪᠴᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ ᠣᠨᠴᠠᠭ᠋ᠠᠢ ᠲᠣᠪᠣᠢ᠌ᠮ᠎ᠠ ᠢᠯᠡᠷᠡᠯ᠎ᠲᠠᠢ ᠪᠠᠢ᠌ᠵᠤ᠂ ᠳᠣᠣᠷ᠎ᠠ᠎ᠠᠴᠠ ᠳᠡᠭᠡᠭᠰᠢ ᠱᠠᠲᠤ ᠳᠠᠷᠠᠭ᠋ᠠᠯᠠᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠠᠨᠢᠯᠴᠠᠭᠤᠯᠭ᠎ᠠ᠎ᠪᠠᠷ ᠬᠢᠨᠠᠨ ᠬᠠᠷᠭᠤᠭᠤᠯᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠬᠤᠷᠠᠯ ᠵᠶ᠋ᠠᠷ ᠰᠤᠳᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠲᠤ ᠮᠡᠳᠡᠭᠦᠯᠦᠨ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠮᠠ ᠰᠢᠦᠢ ᠵᠠᠩ ᠨᠥᠬᠥᠷ᠎ᠲᠤ ᠬᠤᠪᠢ ᠬᠥᠮᠥᠨ᠎ᠤ ᠬᠣᠶᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠬᠦ᠎ᠪᠠᠷ ᠲᠣᠭᠲᠠᠪᠠ᠃

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠥᠰ᠎ᠢ ᠱᠠᠩᠨᠠᠨ ᠬᠥᠬᠢᠭᠦᠯᠬᠦ ᠪᠠ ᠬᠠᠮᠠᠭ᠋ᠠᠯᠠᠬᠤ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠤᠯᠠᠭ᠋ᠠᠨ ᠭᠢᠨᠳᠠᠨ᠎ᠤ ᠬᠠᠨ ᠪᠢᠩ ᠨᠥᠬᠥᠷ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ᠎ᠳᠡᠭᠡᠨ᠂ ᠥᠪᠡᠷ᠎ᠤᠨ ᠠᠮᠤᠷ ᠲᠦᠪᠰᠢᠨ ᠠᠶᠤᠯ ᠲᠦᠭᠰᠢᠭᠦᠷᠢ᠎ᠪᠠᠨ ᠬᠠᠢ᠌ᠬᠤᠷᠤᠯ ᠦᠭᠡᠢ᠎ᠪᠠᠷ ᠭᠤᠷᠪᠠ ᠤᠳᠠᠭ᠎ᠠ ᠭᠠᠯ ᠭᠠᠷᠤᠭᠰᠠᠨ ᠭᠠᠵᠠᠷ᠎ᠲᠤ ᠳᠠᠭ᠋ᠠᠷᠢᠨ ᠣᠷᠣᠵᠤ ᠬᠥᠮᠥᠨ ᠠᠪᠤᠷᠠᠭᠰᠠᠨ ᠪᠥᠭᠡᠳ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ ᠣᠨᠴᠠᠭ᠋ᠠᠶ ᠲᠣᠪᠣᠢ᠌ᠮ᠎ᠠ  ᠢᠯᠡᠷᠡᠯ᠎ᠲᠠᠢ ᠪᠠᠢ᠌ᠵᠤ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠬᠤᠷᠠᠯᠳᠤᠭ᠋ᠠᠨ ᠵᠶ᠋ᠠᠷ ᠰᠤᠳᠤᠯᠤᠭ᠋ᠠᠳ᠂ ᠬᠠᠨ ᠪᠢᠩ ᠨᠥᠬᠥᠷ᠎ᠲᠤ ᠬᠤᠪᠢ ᠬᠥᠮᠥᠨ᠎ᠤ ᠬᠣᠶᠠᠳᠤᠭ᠋ᠠᠷ ᠳᠡᠰ᠎ᠤᠨ ᠭᠠᠪᠢᠶ᠎ᠠ ᠲᠡᠮᠳᠡᠭᠯᠡᠬᠦ᠎ᠪᠠᠷ ᠲᠣᠭᠲᠠᠪᠠ᠃ ᠡᠳᠦᠭᠡ ᠵᠠᠷᠯᠠᠨ ᠨᠡᠢ᠌ᠲᠡᠯᠡᠶ᠎ᠡ᠃

      ᠵᠠᠷᠯᠠᠨ  ᠨᠡᠢ᠌ᠲᠡᠯᠡᠬᠦ  ᠴᠠᠭ᠄ 2024 ᠣᠨ᠎ᠤ 12 ᠰᠠᠷ᠎ᠠ ᠵᠢᠨ 2᠎ᠤᠨ ᠡᠳᠦᠷ᠎ᠠᠴᠠ 12 ᠰᠠᠷ᠎ᠠ ᠵᠢᠨ 6᠎ᠤ ᠡᠳᠦᠷ ᠪᠣᠯᠲᠠᠯ᠎ᠠ᠃ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠣᠨᠳᠣᠣ ᠰᠠᠨᠠᠯ᠎ᠲᠠᠢ ᠪᠣᠯ ᠤᠲᠠᠰᠤ᠎ᠪᠠᠷ ᠲᠤᠰᠬᠠᠬᠤ ᠪᠣᠯᠪᠠᠤ᠃

      ᠤᠲᠠᠰᠤ᠄ 0471—5301252 / 5301250

    

                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠠᠤᠯᠢ ᠴᠠᠭ᠋ᠠᠵᠠ ᠵᠢᠨ ᠲᠢᠩᠬᠢᠮ

                                     2024 ᠣᠨ᠎ᠤ 12 ᠰᠠᠷ᠎ᠠ ᠵᠢᠨ 2᠎ᠤ  ᠡᠳᠦᠷ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            