ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠳᠤ ᠪᠥᠬᠥ ᠣᠷᠣᠨ᠎ᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-09-27

      《2024 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ  ᠨᠡᠢ᠌ᠭᠡᠮ ᠠᠯᠪᠠᠨ ᠲᠠᠷᠬᠠᠭ᠋ᠠᠭᠰᠠᠨ [2024] 85 ᠳ᠋ᠤᠭ᠋ᠠᠷ

ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠺᠣᠮᠢᠰ᠎ᠨᠢ ᠢᠯᠡ᠂ ᠡᠷᠬᠡ ᠲᠡᠭᠰᠢ᠂ ᠲᠥᠪ ᠭᠣᠥᠯᠴᠢ ᠪᠠᠢ᠌ᠬᠤ ᠵᠠᠷᠴᠢᠮ᠎ᠢ ᠪᠠᠷᠢᠮᠲᠠᠯᠠᠵᠤ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠰᠢᠷᠢᠰ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠪᠡᠶᠡᠯᠡᠭᠦᠯᠪᠡ᠃  ᠡᠳᠦᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠵᠠᠷᠯᠠᠨ ᠨᠡᠢ᠌ᠲᠡᠯᠡᠶ᠎ᠡ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2024 ᠣᠨ᠎ᠤ 9 ᠰᠠᠷ᠎ᠠ ᠵᠢᠨ 27᠎ᠤ ᠡᠳᠦᠷ᠎ᠠᠴᠠ 10 ᠰᠠᠷ᠎ᠠ ᠵᠢᠨ 9᠎ᠤ ᠡᠳᠦᠷ᠂ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠠᠵᠢᠯ᠎ᠤᠨ ᠡᠳᠦᠷ᠎ᠤᠨ 9᠄ 00—17᠄ 30 ᠪᠣᠯᠣᠨ᠎ᠠ᠃

      ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠬᠢᠨᠠᠨ ᠲᠣᠭᠲᠠᠭ᠋ᠠᠯᠲᠠ᠎ᠳᠤ ᠪᠠᠲᠤᠯᠠᠭᠳᠠᠭᠰᠠᠨ ᠬᠥᠮᠥᠰ᠎ᠲᠤ ᠮᠠᠳᠠᠭ᠎ᠲᠠᠢ ᠪᠠᠢ᠌ᠪᠠᠯ᠂ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠤᠲᠠᠰᠤ ᠢᠷᠡᠬᠦ᠂ ᠵᠠᠬᠢᠳᠠᠯ ᠢᠷᠡᠬᠦ᠂ ᠰᠤᠷᠪᠤᠯᠵᠢᠯᠠᠬᠤ᠎ᠪᠠᠷ ᠢᠷᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠺᠣᠮᠢᠰ᠎ᠲᠤ ᠠᠰᠠᠭᠤᠳᠠᠯ᠎ᠢ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠤ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠢ᠌ᠬᠤ ᠵᠢ ᠱᠠᠭ᠋ᠠᠷᠳᠠᠬᠤ ᠵᠢᠨ ᠬᠠᠮᠲᠤ ᠪᠢᠴᠢᠭ᠎ᠤᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ ᠵᠢ ᠳᠠᠭ᠋ᠠᠯᠳᠤᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ᠎ᠳᠤ ᠲᠥᠬᠥᠮ ᠦᠵᠡᠭᠦᠯᠦᠨ᠎ᠡ᠃ ᠢᠯᠡ ᠨᠡᠢ᠌ᠲᠡᠯᠡᠭᠰᠡᠨ ᠮᠡᠳᠡᠭᠡ ᠵᠠᠩᠭᠢ᠎ᠳᠤ ᠬᠡᠷᠪᠡ ᠪᠤᠷᠤᠭᠤ᠎ᠲᠠᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠺᠣᠮᠢᠰ᠎ᠲᠠᠢ ᠬᠠᠷᠢᠯᠴᠠᠵᠤ  ᠵᠠᠯᠠᠷᠠᠭᠤᠯᠤᠭ᠋ᠠᠷᠠᠢ᠃ 

      ᠬᠠᠷᠢᠯᠴᠠᠬᠤ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ

15 ᠳ᠋ᠤᠭ᠋ᠠᠷ ᠨᠣᠮᠧᠷ᠎ᠤᠨ 343 ᠳ᠋ᠤᠭ᠋ᠠᠷ ᠥᠷᠥᠭᠡ (ᠰᠢᠤᠳᠠᠨ ᠳ᠋ᠤᠭ᠋ᠠᠷ᠄ 010010)

      ᠬᠠᠷᠢᠯᠴᠠᠬᠤ ᠤᠲᠠᠰᠤ᠄ 0471—5301253

      ᠢᠮᠸᠯ᠄ nmgsfjdxh2023@163.com

      ᠳᠠᠭ᠋ᠠᠯᠳᠤᠭᠤᠯᠤᠯ᠄ 2024 ᠣᠨ᠎ᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠯᠲᠠ᠎ᠳᠤ ᠪᠠᠲᠤᠯᠠᠭᠳᠠᠭᠰᠠᠳ᠎ᠤᠨ ᠨᠡᠷᠡᠰ

 

                            ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                          2024 ᠣᠨ᠎ᠤ 9 ᠰᠠᠷ᠎ᠠ ᠵᠢᠨ 27᠎ᠤ  ᠡᠳᠦᠷ 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            