ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠳᠤᠮᠳᠠᠬᠢ ᠲᠤᠰᠬᠠᠢ ᠮᠡᠷᠭᠡᠵᠢᠯᠲᠡᠨ ᠡᠷᠳᠡᠮᠲᠡᠳ᠎ᠤᠨ ᠣᠶᠤᠨ᠎ᠤ ᠳᠡᠮᠵᠢᠯᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠢ᠌ᠵᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠠᠬᠢᠭᠤᠯᠤᠨ᠂ ᠬᠠᠤᠯᠢ ᠲᠣᠭᠲᠠᠭ᠋ᠠᠬᠤ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ᠂ ᠣᠢ᠌ᠷ᠎ᠠ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠳᠤ ᠲᠣᠬᠢᠷᠠᠭᠤᠯᠤᠯᠲᠠ ᠬᠢᠬᠦ᠎ᠪᠠᠷ ᠪᠣᠶ᠃ ᠡᠳᠦᠭᠡ ᠪᠥᠬᠥ ᠨᠡᠢ᠌ᠭᠡᠮ᠎ᠳᠤ ᠬᠠᠨᠳᠤᠭᠤᠯᠤᠨ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠢᠯᠡ᠎ᠪᠠᠷ ᠰᠢᠯᠢᠨ ᠰᠣᠩᠭᠣᠨ᠎ᠠ᠂ ᠬᠣᠯᠪᠣᠭᠳᠠᠯ ᠪᠦᠬᠦᠢ ᠵᠦᠢ᠍ᠯᠡᠰ᠎ᠨᠢ ᠳᠣᠣᠷᠠᠬᠢ ᠮᠡᠲᠦ᠄
ᠨᠢᠭᠡ᠂ ᠰᠢᠯᠢᠨ ᠰᠣᠩᠭᠣᠬᠤ ᠴᠠᠭ
2025 ᠣᠨ᠎ᠤ 1 ᠰᠠᠷ᠎ᠠ ᠵᠢᠨ 16᠎ᠤ ᠡᠳᠦᠷ᠎ᠠᠴᠠ 2 ᠰᠠᠷ᠎ᠠ ᠵᠢᠨ 20᠎ᠤ ᠡᠳᠦᠷ᠃
ᠬᠣᠶᠠᠷ᠂ ᠰᠢᠯᠢᠨ ᠰᠣᠩᠭᠣᠬᠤ ᠬᠡᠪᠴᠢᠶ᠎ᠡ
ᠬᠠᠤᠯᠢ ᠵᠢᠨ ᠤᠬᠠᠭ᠋ᠠᠨ᠂ ᠨᠡᠢ᠌ᠭᠡᠮ᠎ᠤᠨ ᠵᠠᠰᠠᠯᠲᠠ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ᠂ ᠰᠣᠶᠣᠯ᠎ᠤᠨ ᠪᠠᠢ᠌ᠭᠤᠯᠤᠯᠲᠠ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠡᠷᠭᠡ ᠬᠦᠷᠢᠶᠡᠨ᠎ᠳᠤ ᠬᠠᠮᠢᠶ᠎ᠠ ᠪᠦᠬᠦᠢ ᠣᠨᠣᠯ᠎ᠤᠨ ᠰᠤᠳᠤᠯᠭ᠋ᠠᠨ ᠪᠠ ᠪᠣᠳᠠᠲᠤ ᠠᠵᠢᠯ᠎ᠢ ᠡᠷᠭᠢᠯᠡᠨ ᠬᠢᠵᠦ ᠪᠠᠢ᠌ᠭ᠎ᠠ ᠲᠤᠰᠬᠠᠢ ᠮᠡᠷᠭᠡᠵᠢᠯ᠎ᠤᠨ ᠬᠥᠮᠥᠰ᠃
ᠭᠤᠷᠪᠠ᠂ ᠰᠢᠯᠢᠨ ᠰᠣᠩᠭᠣᠬᠤ ᠨᠥᠬᠥᠴᠡᠯ
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠵᠥᠪ ᠤᠯᠤᠰ ᠲᠦᠷᠦ ᠵᠢᠨ ᠴᠢᠭᠯᠡᠯ᠎ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠠᠲᠤ ᠪᠡᠬᠢ ᠪᠤᠢ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠤᠨᠤᠯ᠂ ᠱᠤᠭᠤᠮ ᠪᠠ ᠴᠢᠭᠯᠡᠯᠲᠡ ᠲᠦᠷᠦ ᠵᠢᠨ ᠪᠣᠳᠣᠯᠭ᠎ᠠ ᠵᠢ ᠬᠦᠷᠢᠶᠡᠯᠡᠬᠦ ᠬᠡᠷᠡᠭᠲᠡᠢ;
(ᠬᠣᠶᠠᠷ) ᠦᠨᠳᠦᠰᠦᠨ ᠬᠠᠤᠯᠢ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠰᠠᠢ᠌ᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠰᠤᠷᠳᠠᠬᠤᠨ ᠪᠠ ᠨᠡᠢ᠌ᠭᠡᠮ᠎ᠤᠨ ᠬᠠᠷᠢᠭᠤᠴᠠᠯᠭ᠋ᠠᠲᠤ ᠰᠡᠳᠬᠢᠯᠭᠡ᠎ᠲᠠᠢ ᠪᠠᠢ᠌ᠬᠤ ᠬᠡᠷᠡᠭᠲᠡᠢ;
(ᠭᠤᠷᠪᠠ) ᠡᠷᠡᠭᠦᠦ ᠵᠢᠨ ᠰᠢᠢ᠍ᠳᠬᠡᠯ ᠣᠯᠵᠤ ᠥᠩᠭᠡᠷᠡᠭᠰᠡᠨ ᠦᠭᠡᠢ᠂ ᠠᠵᠢᠯᠯᠠᠵᠤ ᠪᠠᠢ᠌ᠭ᠎ᠠ ᠨᠢᠭᠡᠴᠡ ᠳᠤ᠎ᠪᠠᠨ ᠰᠢᠢ᠍ᠳᠬᠡᠯ ᠣᠯᠵᠤ ᠥᠩᠭᠡᠷᠡᠭᠰᠡᠨ ᠦᠭᠡᠢ ᠪᠠᠢ᠌ᠬᠤ ᠬᠡᠷᠡᠭᠲᠡᠢ᠃ ᠬᠠᠤᠯᠢᠴᠢ ᠪᠣᠯᠣᠭᠰᠠᠳ ᠪᠠᠰᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠪᠤᠶᠤ ᠬᠠᠤᠯᠢᠴᠢ ᠵᠢᠨ ᠨᠡᠢ᠌ᠭᠡᠮᠯᠢᠭ᠎ᠤᠨ ᠠᠵᠢᠯ ᠲᠥᠷᠥᠯ᠎ᠤᠨ ᠰᠢᠢ᠍ᠳᠬᠡᠯ᠎ᠢ ᠣᠯᠵᠤ ᠥᠩᠭᠡᠷᠡᠭᠰᠡᠨ ᠦᠭᠡᠢ ᠪᠠᠢ᠌ᠬᠤ ᠬᠡᠷᠡᠭᠲᠡᠢ;
(ᠳᠥᠷᠪᠡ) ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠠᠢ᠌ᠬᠤ ᠬᠡᠷᠡᠭᠲᠡᠢ᠂ ᠡᠰᠡᠬᠦᠯ᠎ᠡ ᠲᠣᠰ ᠠᠵᠢᠯ ᠲᠥᠷᠥᠯ᠎ᠤᠨ ᠠᠵᠢᠯ᠎ᠢ 5 ᠵᠢᠯ᠎ᠠᠴᠠ ᠳᠡᠭᠡᠭᠰᠢ ᠬᠢᠭᠰᠡᠨ᠂ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠠᠵᠢᠯ᠎ᠤᠨ ᠡᠯᠪᠡᠭ ᠪᠠᠶᠠᠯᠢᠭ ᠲᠤᠷᠰᠢᠯᠭ᠎ᠠ᠎ᠲᠠᠢ ᠪᠠᠢ᠌ᠬᠤ ᠬᠡᠷᠡᠭᠲᠡᠢ᠂ ᠰᠤᠳᠤᠯᠵᠤ ᠪᠠᠢ᠌ᠭ᠎ᠠ ᠪᠠ ᠡᠷᠭᠢᠯᠡᠵᠦ ᠪᠠᠢ᠌ᠭ᠎ᠠ ᠬᠦᠷᠢᠶᠡᠨ᠎ᠳᠡᠭᠡᠨ ᠵᠣᠬᠢᠬᠤ ᠲᠥᠯᠥᠭᠡᠯᠡᠬᠦ ᠴᠢᠨᠠᠷ ᠪᠠ ᠲᠤᠰᠬᠠᠢ ᠮᠡᠷᠭᠡᠵᠢᠯ᠎ᠤᠨ ᠨᠥᠯᠥᠭᠡᠯᠡᠬᠦ ᠬᠦᠴᠦᠨ᠎ᠲᠠᠢ ᠪᠠᠢ᠌ᠬᠤ ᠬᠡᠷᠡᠭᠲᠡᠢ;
(ᠲᠠᠪᠤ) ᠪᠡᠶ᠎ᠡ ᠮᠠᠬᠠᠪᠤᠳ ᠡᠷᠡᠭᠦᠯ ᠴᠢᠭᠢᠷᠠᠭ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠴᠠᠭ ᠪᠠ ᠣᠶᠤᠨ ᠴᠢᠳᠠᠯ᠎ᠲᠠᠢ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠪᠠᠢ᠌ᠳᠠᠯ᠂ ᠨᠡᠢ᠌ᠭᠡᠮ᠎ᠤᠨ ᠪᠠᠢ᠌ᠳᠠᠯ᠂ ᠠᠷᠠᠳ᠎ᠤᠨ ᠪᠠᠢ᠌ᠳᠠᠯ᠎ᠢ ᠣᠢ᠌ᠯᠠᠭ᠋ᠠᠬᠤ ᠬᠡᠷᠡᠭᠲᠡᠢ᠃
ᠳᠥᠷᠪᠡ᠂ ᠠᠵᠢᠯ᠎ᠤᠨ ᠡᠭᠦᠷᠭᠡ ᠬᠠᠷᠢᠭᠤᠴᠠᠯᠭ᠎ᠠ
ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠳᠣᠣᠷᠠᠬᠢ ᠮᠡᠲᠦ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠬᠠᠮᠢᠶ᠎ᠠ ᠪᠦᠬᠦᠢ ᠠᠵᠢᠯ᠎ᠳᠤ ᠣᠷᠣᠯᠴᠠᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠥᠯᠦᠪᠵᠢᠭᠦᠯᠭᠡ᠂ ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ᠎ᠳᠤ ᠰᠠᠨᠠᠯ ᠰᠠᠨᠠᠭᠤᠯᠭ᠎ᠠ ᠳᠤᠷᠠᠳᠤᠨ᠎ᠠ;
(ᠬᠣᠶᠠᠷ) ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠢ ᠲᠤᠭᠤᠷᠪᠢᠨ ᠪᠢᠴᠢᠬᠦ ᠪᠤᠶᠤ ᠲᠤᠭᠤᠷᠪᠢᠨ ᠪᠢᠴᠢᠬᠦ᠎ᠳᠤ ᠣᠷᠣᠯᠴᠠᠨ᠎ᠠ;
(ᠭᠤᠷᠪᠠ) ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠳᠤ ᠵᠠᠰᠠᠪᠤᠷᠢ ᠣᠷᠣᠭᠤᠯᠬᠤ ᠰᠠᠨᠠᠯ᠂ ᠰᠠᠨᠠᠭᠤᠯᠭ᠎ᠠ ᠳᠤᠷᠠᠳᠤᠨ᠎ᠠ;
(ᠳᠥᠷᠪᠡ) ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠥᠯ᠎ᠳᠤ ᠬᠣᠯᠪᠣᠭᠳᠠᠭᠰᠠᠨ ᠴᠢᠬᠤᠯᠠ ᠶᠡᠬᠡ ᠠᠰᠠᠭᠤᠳᠠᠯ᠎ᠳᠤ ᠲᠤᠰᠬᠠᠢ ᠰᠡᠳᠦᠪᠲᠦ ᠨᠤᠲᠠᠯᠠᠯᠲᠠ ᠬᠢᠵᠦ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠯᠲᠠ ᠵᠢᠨ ᠬᠠᠮᠢᠶ᠎ᠠ ᠪᠦᠬᠦᠢ ᠰᠡᠳᠦᠪ᠎ᠢ ᠰᠤᠳᠤᠯᠬᠤ᠂ ᠬᠢᠨᠠᠨ ᠲᠣᠭᠲᠠᠭ᠋ᠠᠬᠤ᠎ᠳᠤ ᠣᠷᠣᠯᠴᠠᠨ᠎ᠠ;
(ᠲᠠᠪᠤ) ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠢᠯᠭ᠋ᠠᠷᠠᠭᠤᠯᠬᠤ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠨᠠᠢ᠌ᠷᠠᠭᠤᠯᠬᠤ ᠠᠵᠢᠯ᠎ᠳᠤ ᠣᠷᠣᠯᠴᠠᠨ᠎ᠠ;
(ᠵᠢᠷᠭᠤᠭ᠎ᠠ) ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠬᠠᠤᠯᠢ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠯᠲᠡ᠎ᠳᠤ ᠣᠷᠣᠯᠴᠠᠨ᠎ᠠ;
(ᠲᠤᠯᠦᠭ᠎ᠠ) ᠲᠣᠭᠣᠷᠢᠭ ᠪᠠᠢ᠌ᠭᠤᠯᠤᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠠᠩᠰᠠᠯᠠᠭᠤᠯᠤᠭᠰᠠᠨ ᠵᠠᠰᠠᠭ᠎ᠤᠨ ᠣᠷᠳᠣᠨ᠎ᠤ ᠲᠤᠢ᠌ᠷᠢᠮ ᠲᠣᠭᠲᠠᠭ᠋ᠠᠯ᠎ᠳᠤ ᠬᠢᠨᠠᠨ ᠪᠠᠢ᠌ᠴᠠᠭ᠋ᠠᠭᠰᠠᠨ ᠰᠠᠨᠠᠯ᠂ ᠰᠠᠨᠠᠭᠤᠯᠭ᠎ᠠ ᠳᠤᠷᠠᠳᠤᠨ᠎ᠠ;
(ᠨᠠᠢ᠍ᠮᠠ) ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠪᠤᠰᠤᠳ ᠠᠵᠢᠯ᠎ᠳᠤ ᠣᠷᠣᠯᠴᠠᠨ᠎ᠠ᠃
ᠲᠠᠪᠤ᠂ ᠰᠢᠯᠢᠨ ᠰᠣᠩᠭᠣᠬᠤ ᠲᠠᠰ ᠳᠠᠷᠠᠭ᠋ᠠᠯᠠᠯ
(ᠨᠢᠭᠡ) ᠨᠡᠷ᠎ᠡ ᠮᠡᠳᠡᠭᠦᠯᠬᠦ
ᠬᠤᠪᠢ ᠬᠥᠮᠥᠨ ᠨᠡᠷ᠎ᠡ ᠮᠡᠳᠡᠭᠦᠯᠬᠦ ᠪᠠ ᠨᠢᠭᠡᠴᠡ᠎ᠠᠴᠠ ᠲᠠᠨᠢᠯᠴᠠᠭᠤᠯᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠨ᠎ᠡ᠃
(1) ᠬᠤᠪᠢ ᠬᠥᠮᠥᠨ ᠨᠡᠷ᠎ᠡ ᠮᠡᠳᠡᠭᠦᠯᠬᠦ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠫᠤᠷᠲᠸᠯ ᠰᠦᠯᠵᠢᠶ᠎ᠡ (http://sft.nmg.gov.cn/)᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠨᠡᠷ᠎ᠡ ᠮᠡᠳᠡᠭᠦᠯᠬᠦ ᠬᠦᠰᠦᠨᠦᠭᠲᠦ》 (ᠳᠣᠷᠣᠭᠰᠢ 《ᠨᠡᠷ᠎ᠡ ᠮᠡᠳᠡᠭᠦᠯᠬᠦ ᠬᠦᠰᠦᠨᠦᠭᠲᠦ》 ᠭᠡᠵᠦ ᠲᠣᠪᠴᠢᠯᠠᠨ᠎ᠠ) ᠵᠢ ᠪᠠᠭᠤᠯᠭ᠋ᠠᠨ ᠠᠪᠴᠤ᠂ ᠲᠣᠰ ᠬᠥᠮᠥᠨ᠎ᠨᠢ ᠲᠠᠭᠯᠠᠵᠤ᠂ ᠭᠠᠷᠤᠨ ᠥᠰᠥᠭ ᠵᠢᠷᠤᠬᠤ ᠵᠢᠨ ᠬᠠᠮᠲᠤ ᠬᠠᠮᠢᠶ᠎ᠠ ᠪᠦᠬᠦᠢ ᠮᠡᠷᠭᠡᠵᠢᠯ᠎ᠤᠨ ᠴᠣᠯᠠ᠂ ᠠᠵᠢᠯ ᠡᠷᠭᠢᠯᠡᠬᠦ ᠦᠨᠡᠮᠯᠡᠯ᠂ ᠢᠷᠠᠭᠤ ᠠᠯᠳᠠᠷ᠎ᠤᠨ ᠴᠣᠯᠠ᠂ ᠠᠵᠢᠯ᠎ᠤᠨ ᠠᠮᠵᠢᠯᠲᠠ ᠪᠦᠲᠦᠮᠵᠢ᠂ ᠰᠤᠳᠤᠯᠭ᠋ᠠᠨ᠎ᠤ ᠦᠷ᠎ᠡ ᠪᠦᠲᠦᠭᠡᠯ ᠵᠡᠷᠭᠡ ᠭᠡᠷᠡᠴᠢᠯᠡᠬᠦ ᠮᠠᠲ᠋ᠧᠷᠢᠶᠠᠯ᠎ᠢ ᠳᠠᠭ᠋ᠠᠯᠳᠤᠭᠤᠯᠵᠤ᠂ ᠨᠡᠷ᠎ᠡ ᠮᠡᠳᠡᠭᠦᠯᠬᠦ ᠬᠤᠭᠤᠴᠠᠭ᠋ᠠᠨ᠎ᠳᠤ 《ᠨᠡᠷ᠎ᠡ ᠮᠡᠳᠡᠭᠦᠯᠬᠦ ᠬᠦᠰᠦᠨᠦᠭᠲᠦ》 ᠵᠢᠴᠢ ᠬᠠᠮᠢᠶ᠎ᠠ ᠪᠦᠬᠦᠢ ᠮᠠᠲ᠋ᠧᠷᠢᠶᠠᠯ᠎ᠤᠨ PDF ᠬᠡᠪᠯᠡᠯ᠎ᠢ ᠢᠮᠧᠯ ᠵᠶ᠋ᠡᠷ nmgsftlfyc@163.com᠎ᠳᠤ ᠬᠦᠷᠭᠡᠵᠦ᠂ ᠢᠮᠧᠯ᠎ᠤᠨ ᠨᠡᠷᠡᠢ᠌ᠳᠦᠯ᠎ᠢ 《ᠣᠪᠣᠭ ᠨᠡᠷ᠎ᠡ + ᠨᠢᠭᠡᠴᠢ》 ᠬᠡᠯᠪᠡᠷᠢ᠎ᠪᠠᠷ ᠪᠢᠴᠢᠨ᠎ᠡ᠃
(2) ᠨᠢᠭᠡᠴᠡ᠎ᠠᠴᠠ ᠲᠠᠨᠢᠯᠴᠠᠭᠤᠯᠬᠤ᠃ 《ᠨᠡᠷ᠎ᠡ ᠮᠡᠳᠡᠭᠦᠯᠬᠦ ᠬᠦᠰᠦᠨᠦᠭᠲᠦ》 ᠵᠢ ᠲᠠᠭᠯᠠᠵᠤ᠂ ᠠᠯᠪᠠᠨ ᠲᠠᠮᠠᠭ᠎ᠠ ᠳᠠᠷᠤᠬᠤ ᠵᠢᠨ ᠬᠠᠮᠲᠤ ᠲᠠᠨᠢᠯᠴᠠᠭᠤᠯᠤᠭᠳᠡᠭ᠍ᠴᠢ ᠵᠢᠨ ᠬᠣᠯᠪᠣᠭᠳᠠᠯ ᠪᠦᠬᠦᠢ ᠮᠡᠷᠭᠡᠵᠢᠯ᠎ᠤᠨ ᠴᠣᠯᠠ᠂ ᠠᠵᠢᠯ ᠡᠷᠬᠢᠯᠡᠬᠦ ᠦᠨᠡᠮᠯᠡᠯ᠂ ᠢᠷᠠᠭᠤ ᠠᠯᠳᠠᠷ᠎ᠤᠨ ᠴᠣᠯᠠ᠂ ᠠᠵᠢᠯ᠎ᠤᠨ ᠠᠮᠵᠢᠯᠲᠠ ᠪᠦᠲᠦᠮᠵᠢ᠂ ᠰᠤᠳᠤᠯᠭ᠋ᠠᠨ᠎ᠤ ᠦᠷ᠎ᠡ ᠪᠦᠲᠦᠭᠡᠯ ᠵᠡᠷᠭᠡ ᠭᠡᠷᠡᠴᠢᠯᠡᠬᠦ ᠮᠠᠲ᠋ᠧᠷᠢᠶᠠᠯ᠎ᠢ ᠳᠠᠭ᠋ᠠᠯᠳᠤᠭᠤᠯᠤᠨ᠎ᠠ᠃ ᠨᠡᠷ᠎ᠡ ᠮᠡᠳᠡᠭᠦᠯᠬᠦ ᠬᠤᠭᠤᠴᠠᠭ᠋ᠠᠨ᠎ᠳᠤ 《ᠨᠡᠷ᠎ᠡ ᠮᠡᠳᠡᠭᠦᠯᠬᠦ ᠬᠦᠰᠦᠨᠦᠭᠲᠦ》 ᠵᠢᠴᠢ ᠬᠠᠮᠢᠶ᠎ᠠ ᠪᠦᠬᠦᠢ ᠮᠠᠲ᠋ᠧᠷᠢᠶᠠᠯ PDF ᠬᠡᠪᠯᠡᠯ᠎ᠢ ᠢᠮᠧᠯ ᠵᠶ᠋ᠡᠷ nmgsftlfyc@163.com᠎ᠳᠤ ᠬᠦᠷᠭᠡᠵᠦ᠂ ᠢᠮᠧᠯ᠎ᠤᠨ ᠨᠡᠷᠡᠢ᠌ᠳᠦᠯ᠎ᠢ 《ᠨᠢᠭᠡᠴᠡ ᠵᠢᠨ ᠨᠡᠷᠡᠢ᠌ᠳᠦᠯ》 ᠭᠡᠵᠦ ᠪᠢᠴᠢᠨ᠎ᠡ᠃
ᠨᠡᠷ᠎ᠡ ᠮᠡᠳᠡᠭᠦᠯᠦᠭᠰᠡᠳ ᠪᠠ ᠲᠠᠨᠢᠯᠴᠠᠭᠤᠯᠤᠭᠰᠠᠨ ᠨᠢᠭᠡᠴᠡ ᠲᠤᠰᠢᠶᠠᠭᠰᠠᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠎ᠲᠤ ᠬᠠᠷᠢᠭᠤᠴᠠᠬᠤ ᠬᠡᠷᠡᠭᠲᠡᠢ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠢ ᠴᠢᠩᠭ᠎ᠠ ᠴᠠᠭ᠋ᠠᠵᠠᠯᠠᠨ᠎ᠠ᠃
(ᠬᠣᠶᠠᠷ) ᠬᠢᠷᠢ ᠬᠡᠮ᠎ᠢ ᠬᠢᠨᠠᠨ ᠪᠠᠢ᠌ᠴᠠᠭ᠋ᠠᠬᠤ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠢᠯᠡ ᠲᠣᠳᠣ᠂ ᠡᠷᠬᠡ ᠲᠡᠭᠰᠢ᠂ ᠲᠥᠪ ᠭᠣᠣᠯᠴᠢ᠂ ᠰᠢᠯᠢᠳᠡᠭ᠎ᠢ᠎ᠨᠢ ᠰᠣᠩᠭᠣᠬᠤ ᠵᠠᠷᠴᠢᠮ ᠶᠣᠰᠣᠭ᠋ᠠᠷ᠂ ᠨᠡᠷ᠎ᠡ ᠮᠡᠳᠡᠭᠦᠯᠦᠭᠰᠡᠨ ᠪᠤᠶᠤ ᠲᠠᠨᠢᠯᠴᠠᠭᠤᠯᠤᠭᠳᠡᠭ᠍ᠰᠠᠨ ᠬᠥᠮᠥᠰ᠎ᠤᠨ ᠰᠤᠷᠤᠯᠭ᠎ᠠ ᠵᠢᠨ ᠨᠠᠮᠲᠠᠷ᠂ ᠨᠠᠮᠲᠠᠷ᠂ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ᠂ ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠡᠷᠬᠡ ᠰᠦᠷ᠂ ᠨᠥᠯᠥᠭᠡᠯᠡᠬᠦ ᠬᠦᠴᠦᠨ ᠵᠢᠴᠢ ᠬᠤᠪᠢ ᠬᠥᠮᠥᠨ᠎ᠤ ᠠᠵᠢᠯ ᠮᠡᠷᠭᠡᠵᠢᠯ᠎ᠤᠨ ᠰᠠᠬᠢᠯᠭ᠎ᠠ ᠵᠢ ᠶᠡᠷᠦᠩᠬᠡᠢ᠌ᠯᠡᠨ ᠪᠣᠳᠣᠯᠬᠢᠯᠠᠬᠤ ᠵᠢᠨ ᠬᠠᠮᠲᠤ᠂ ᠠᠵᠢᠯ᠎ᠳᠤ ᠣᠷᠣᠯᠴᠠᠬᠤ ᠵᠢᠨ ᠲᠥᠬᠥᠮ ᠴᠢᠨᠠᠷ᠂ ᠨᠠᠰᠤᠨ᠎ᠤ ᠪᠦᠲᠦᠴᠡ᠂ ᠲᠤᠰᠬᠠᠢ ᠮᠡᠷᠭᠡᠵᠢᠯ ᠪᠠ ᠠᠵᠢᠯ ᠲᠥᠷᠥᠯ᠎ᠤᠨ ᠬᠠᠷᠢᠴᠠᠯ ᠵᠡᠷᠭᠡ ᠬᠦᠴᠦᠨ ᠵᠦᠢ᠍ᠯ᠎ᠢ ᠪᠣᠳᠣᠯᠬᠢᠯᠠᠵᠤ᠂ ᠨᠡᠷ᠎ᠡ ᠮᠡᠳᠡᠭᠦᠯᠦᠭᠰᠡᠳ᠎ᠲᠤ ᠬᠢᠷᠢ ᠬᠡᠮ᠎ᠤᠨ ᠬᠢᠨᠠᠨ ᠪᠠᠢ᠌ᠴᠠᠭ᠋ᠠᠯᠲᠠ ᠬᠢᠵᠦ᠂ ᠬᠥᠮᠥᠷᠭᠡ᠎ᠳᠤ ᠣᠷᠣᠭᠤᠯᠬᠤ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠠᠩᠬ᠎ᠠ ᠠᠯᠬᠤᠮ ᠳᠤᠷᠠᠳᠤᠨ ᠭᠠᠷᠭ᠋ᠠᠨ᠎ᠠ᠃
(ᠭᠤᠷᠪᠠ) ᠢᠯᠡ ᠨᠡᠢ᠌ᠲᠡᠯᠡᠬᠦ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠫᠤᠷᠲᠸᠯ ᠰᠦᠯᠵᠢᠶ᠎ᠡ᠎ᠪᠠᠷ ᠳᠠᠮᠵᠢᠭᠤᠯᠤᠨ ᠬᠥᠮᠥᠷᠭᠡ᠎ᠳᠤ ᠣᠷᠣᠭᠤᠯᠬᠤ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠨᠡᠢ᠌ᠭᠡᠮ ᠨᠡᠶ᠋ᠢᠲᠡ᠎ᠳᠤ 7 ᠡᠳᠦᠷ᠎ᠤᠨ ᠬᠤᠭᠤᠴᠠᠭ᠎ᠠ᠎ᠲᠠᠢ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ᠎ᠨᠢ ᠳᠦᠭᠦᠷᠦᠭᠰᠡᠨ ᠪᠠᠢ᠌ᠲᠠᠯ᠎ᠠ ᠣᠨᠳᠣᠣ ᠰᠠᠨᠠᠯ ᠦᠭᠡᠢ ᠪᠣᠯ ᠰᠣᠩᠭᠣᠨ ᠬᠡᠷᠡᠭᠯᠡᠨ᠎ᠡ᠃
ᠬᠠᠷᠢᠯᠴᠠᠬᠤ ᠬᠥᠮᠥᠨ᠄ ᠯᠢ ᠯᠢᠨ᠂ ᠰᠢᠶᠦ᠋ᠩ ᠢᠦᠢ ᠹᠧᠩ
ᠯᠠᠪᠯᠠᠬᠤ ᠤᠲᠠᠰᠤ᠄ 0471—5301398᠂ 0471—5301254
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2025 ᠣᠨ᠎ᠤ 1 ᠰᠠᠷ᠎ᠠ ᠵᠢᠨ 16᠎ᠤ ᠡᠳᠦᠷ