ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠰᠦᠯᠵᠢᠶᠡᠨ ᠲᠡᠭᠡᠷ᠎ᠡ ᠭᠤᠶᠤᠴᠢᠯᠠᠬᠤ ᠠᠷᠭ᠎ᠠ ᠵᠠᠮ᠎ᠢ ᠬᠤᠪᠢᠷᠠᠭᠤᠯᠬᠤ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-03-25

      ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠶᠠᠪᠤᠴᠠ ᠵᠢ ᠰᠢᠯᠢᠳᠡᠭᠵᠢᠭᠦᠯᠬᠦ ᠵᠢᠨ ᠲᠥᠯᠥᠭᠡ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》  ᠪᠣᠯᠣᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ ᠰᠤᠳᠤᠯᠬᠤ᠎ᠪᠠᠷ ᠳᠡᠮᠵᠢᠨ᠂ 2025 ᠣᠨ᠎ᠤ 4  ᠰᠠᠷ᠎ᠠ ᠵᠢᠨ 1᠎ᠤ ᠡᠳᠦᠷ᠎ᠠᠴᠠ ᠡᠬᠢᠯᠡᠨ᠂ 《ᠥᠪᠥᠷ ᠮᠣᠩᠭᠣᠯ᠎ᠤᠨ ᠠᠯᠠᠭ᠋ᠠᠨ ᠳᠡᠭᠡᠷᠡᠬᠢ ᠳᠠᠬᠢᠨ ᠵᠥᠪᠯᠡᠬᠦ》  ᠸᠢᠴᠠᠲ᠎ᠤᠨ ᠵᠢᠵᠢᠭ ᠫᠷᠣᠭ᠌ᠷᠠᠮ ᠵᠢᠴᠢ 《ᠮᠸᠩ ᠰᠤ᠌᠎ᠪᠠᠨ》 APP ᠪᠠ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》᠎ᠳᠠᠬᠢ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠭᠤᠶᠤᠴᠢᠯᠠᠬᠤ ᠴᠢᠳᠠᠮᠵᠢ ᠵᠢ ᠵᠢᠩᠬᠢᠨᠢ᠎ᠪᠠᠷ ᠬᠡᠷᠡᠭᠯᠡᠬᠦ ᠵᠢ ᠵᠣᠭᠰᠣᠭ᠋ᠠᠵᠤ᠂  ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠲᠠᠪᠴᠠᠩ ᠪᠠ 《ᠠᠯᠠᠭ᠋ᠠᠨ ᠳᠡᠭᠡᠷᠡᠬᠢ ᠳᠠᠬᠢᠨ ᠵᠥᠪᠯᠡᠬᠦ》  ᠸᠢᠴᠠᠲ᠎ᠤᠨ ᠵᠢᠵᠢᠭ ᠫᠷᠣᠭ᠌ᠷᠠᠮ᠎ᠢ ᠨᠢᠭᠡᠳᠦᠯᠲᠡᠢ ᠬᠡᠷᠡᠭᠯᠡᠬᠦ᠎ᠪᠠᠷ ᠲᠣᠭᠲᠠᠪᠠ᠃  ᠤᠳᠤ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠵᠠᠷᠯᠠᠶ᠎ᠠ᠄

      ᠨᠢᠭᠡ᠂  ᠬᠡᠷᠡᠭᠯᠡᠬᠦ ᠵᠢ ᠵᠤᠭᠰᠤᠭ᠋ᠠᠬᠤ ᠠᠷᠭ᠎ᠠ ᠵᠠᠮ  ᠪᠣᠯᠣᠨ ᠴᠠᠭ ᠬᠤᠭᠤᠴᠠᠭ᠎ᠠ

      2025 ᠣᠨ᠎ᠤ 4 ᠰᠠᠷ᠎ᠠ ᠵᠢᠨ 1᠎ᠤ ᠡᠳᠦᠷ᠎ᠤᠨ ᠲᠡᠭ ᠴᠠᠭ᠎ᠠᠴᠠ ᠡᠬᠢᠯᠡᠨ᠂ 《ᠥᠪᠥᠷ ᠮᠣᠩᠭᠣᠯ᠎ᠤᠨ ᠠᠯᠠᠭ᠋ᠠᠨ ᠳᠡᠭᠡᠷᠡᠬᠢ ᠳᠠᠬᠢᠨ ᠵᠥᠪᠯᠡᠬᠦ》  ᠸᠢᠴᠠᠲ᠎ᠤᠨ ᠵᠢᠵᠢᠭ ᠫᠷᠣᠭ᠌ᠷᠠᠮ ᠵᠢᠴᠢ 《ᠮᠸᠩ ᠰᠤ᠌᠎ᠪᠠᠨ》 APP ᠪᠣᠯᠣᠨ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ》᠎ᠳᠠᠬᠢ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠭᠤᠶᠤᠴᠢᠯᠠᠯ᠎ᠤᠨ ᠴᠢᠳᠠᠮᠵᠢ ᠵᠢ ᠬᠡᠷᠡᠭᠯᠡᠬᠦ ᠵᠢ ᠪᠥᠬᠥ ᠲᠠᠯ᠎ᠠ᠎ᠪᠠᠷ ᠵᠣᠭᠰᠣᠭ᠋ᠠᠨ᠎ᠠ᠃ 

      ᠨᠢᠭᠡᠨᠲᠡ ᠳᠡᠭᠡᠷ᠎ᠡ ᠳᠤᠷᠠᠳᠤᠭᠰᠠᠨ ᠠᠷᠭ᠎ᠠ ᠵᠠᠮ ᠵᠶ᠋ᠠᠷ ᠲᠤᠰᠢᠶᠠᠭᠰᠠᠨ ᠪᠣᠯᠪᠠᠴᠤ ᠬᠠᠷᠠᠬᠠᠨ ᠰᠢᠢ᠍ᠳᠪᠦᠷᠢᠯᠡᠵᠦ ᠳᠠᠭᠤᠰᠬᠠᠭ᠋ᠠᠳᠤᠢ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠭᠤᠶᠤᠴᠢᠯᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ᠎ᠠᠴᠠ ᠬᠡᠷᠡᠭ᠎ᠢ ᠦᠷᠭᠦᠯᠵᠢᠯᠡᠨ ᠰᠢᠢ᠍ᠳᠪᠦᠷᠢᠯᠡᠵᠦ ᠳᠠᠭᠤᠰᠬᠠᠨ᠎ᠠ᠂  ᠭᠤᠶᠤᠴᠢᠯᠠᠭᠴᠢ᠎ᠨᠢ ᠳᠠᠭᠢᠵᠤ ᠭᠤᠶᠤᠴᠢᠯᠠᠯ ᠵᠶ᠋ᠠᠨ ᠲᠤᠰᠢᠶᠠᠬᠤ ᠴᠢᠬᠤᠯᠠ ᠦᠭᠡᠢ᠃ 

      ᠬᠣᠶᠠᠷ᠂ 《ᠰᠦᠯᠵᠢᠶᠡᠨ ᠳᠡᠭᠡᠷ᠎ᠡ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ》  ᠠᠷᠭ᠎ᠠ ᠵᠠᠮ

      (ᠨᠢᠭᠡ) 《ᠠᠯᠠᠭ᠋ᠠᠨ  ᠲᠡᠭᠡᠷᠡᠬᠢ  ᠳᠠᠬᠢᠨ ᠵᠥᠪᠯᠡᠬᠦ》  ᠸᠢᠴᠠᠲ᠎ᠤᠨ ᠵᠢᠵᠢᠭ ᠫᠷᠣᠭ᠌ᠷᠠᠮ ᠵᠶ᠋ᠠᠷ ᠳᠠᠮᠵᠢᠭᠤᠯᠤᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠭᠤᠶᠤᠴᠢᠯᠠᠯ ᠵᠶ᠋ᠠᠨ ᠲᠤᠰᠢᠶᠠᠨ᠎ᠠ

      ᠬᠡᠷᠡᠭᠯᠡᠬᠦ ᠠᠷᠭ᠎ᠠ᠄ ᠸᠢᠴᠠᠲ ᠳᠣᠲᠣᠷ᠎ᠠ ᠎ᠠᠴᠠ 《ᠠᠯᠠᠭ᠋ᠠᠨ ᠳᠡᠭᠡᠷᠡᠬᠢ ᠳᠠᠬᠢᠨ ᠵᠥᠪᠯᠡᠬᠦ》  ᠵᠢᠵᠢᠭ ᠫᠷᠣᠭ᠌ᠷᠠᠮ᠎ᠢ ᠡᠷᠢᠵᠦ᠂  ᠰᠠᠨᠠᠭᠤᠯᠤᠮᠵᠢ ᠵᠢᠨ ᠶᠣᠰᠣᠭ᠋ᠠᠷ ᠳᠠᠩᠰᠠᠯᠠᠬᠤ ᠪᠠ ᠲᠡᠮᠳᠡᠭᠯᠡᠬᠦ ᠵᠢ ᠪᠡᠶᠡᠯᠡᠭᠦᠯᠵᠦ᠂  ᠵᠣᠬᠢᠬᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ ᠵᠢ ᠰᠣᠩᠭᠣᠵᠤ᠂  ᠭᠤᠶᠤᠴᠢᠯᠠᠭᠰᠠᠨ ᠮᠡᠳᠡᠭᠡ ᠵᠠᠩᠭᠢ᠎ᠪᠠᠨ ᠲᠠᠭᠯᠠᠬᠤ ᠵᠢᠨ ᠬᠠᠮᠲᠤ ᠲᠤᠰᠢᠶᠠᠨ᠎ᠠ᠃ 

      (ᠬᠣᠶᠠᠷ) 《ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠲᠠᠪᠴᠠᠩ》 ᠵᠶ᠋ᠠᠷ ᠳᠠᠮᠵᠢᠭᠤᠯᠤᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠭᠤᠶᠤᠴᠢᠯᠠᠯ ᠵᠶ᠋ᠠᠨ ᠲᠤᠰᠢᠶᠠᠨ᠎ᠠ

      ᠬᠡᠷᠡᠭᠯᠡᠬᠦ ᠠᠷᠭ᠎ᠠ᠄ ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠲᠠᠪᠴᠠᠩ (ᠰᠦᠯᠵᠢᠶᠡᠨ᠎ᠤ ᠬᠠᠶᠢᠭ᠄ https://xzfy.moj.gov.cn/)᠎ᠳᠤ ᠭᠠᠷᠴᠤ᠂  ᠰᠠᠨᠠᠭᠤᠯᠤᠮᠵᠢ ᠵᠢᠨ ᠶᠣᠰᠣᠭ᠋ᠠᠷ ᠳᠠᠩᠰᠠᠯᠠᠬᠤ ᠪᠠ ᠲᠡᠮᠳᠡᠭᠯᠡᠬᠦ ᠵᠢ ᠪᠡᠶᠡᠯᠡᠭᠦᠯᠵᠦ᠂  ᠵᠣᠬᠢᠬᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠭ᠎ᠠ ᠵᠢ ᠰᠣᠩᠭᠣᠨ᠂  ᠭᠤᠶᠤᠴᠢᠯᠠᠭᠰᠠᠨ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ ᠲᠤᠰᠢᠶᠠᠨ᠎ᠠ᠃  ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠲᠠᠪᠴᠠᠩ᠎ᠢ ᠬᠠᠤᠯᠢ ᠴᠠᠭ᠋ᠠᠵᠠ ᠵᠢᠨ ᠶᠠᠮᠤᠨ᠎ᠠᠴᠠ ᠨᠢᠭᠡᠳᠦᠯᠲᠡᠢ ᠪᠠᠢ᠌ᠭᠤᠯᠵᠤ᠂  ᠪᠥᠬᠥ ᠤᠯᠤᠰ᠎ᠤᠨ ᠬᠡᠪᠴᠢᠶᠡᠨ᠎ᠳᠠᠬᠢ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠰᠦᠯᠵᠢᠶᠡᠨ᠎ᠤ ᠦᠢ᠍ᠯᠡᠴᠢᠯᠡᠭᠡ ᠵᠢ ᠬᠠᠩᠭ᠋ᠠᠨ᠎ᠠ᠃ 

      (ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ ᠰᠦᠯᠵᠢᠶ᠎ᠡ᠎ᠪᠠᠷ ᠳᠠᠮᠵᠢᠭᠤᠯᠤᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ  ᠭᠤᠶᠤᠴᠢᠯᠠᠯ ᠵᠶ᠋ᠠᠨ ᠲᠤᠰᠢᠶᠠᠨ᠎ᠠ

      ᠬᠡᠷᠡᠭᠯᠡᠬᠦ ᠠᠷᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ ᠰᠦᠯᠵᠢᠶ᠎ᠡ (ᠰᠦᠯᠵᠢᠶᠡᠨ᠎ᠤ ᠬᠠᠶᠢᠭ᠄ https://sft.nmg.gov.cn/) ᠵᠢᠨ 《ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠰᠦᠯᠵᠢᠶᠡᠨ ᠳᠡᠭᠡᠷ᠎ᠡ ᠭᠤᠶᠤᠴᠢᠯᠠᠬᠤ》  ᠵᠠᠭᠪᠤᠷ᠎ᠲᠤ ᠣᠷᠣᠪᠠᠯ᠂  ᠲᠠᠪᠴᠠᠩ᠎ᠨᠢ ᠪᠥᠬᠥ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠦᠢ᠍ᠯᠡᠴᠢᠯᠡᠭᠡᠨ᠎ᠤ ᠲᠠᠪᠴᠠᠩ᠎ᠳᠤ ᠠᠶᠠᠨᠳᠠᠭ᠋ᠠᠨ ᠰᠣᠯᠢᠭᠳᠠᠵᠤ᠂ ᠨᠢᠭᠤᠷ᠎ᠤᠨ ᠰᠠᠨᠠᠭᠤᠯᠤᠮᠵᠢ ᠵᠢᠨ ᠱᠠᠭ᠋ᠠᠷᠳᠠᠯᠭ᠎ᠠ ᠶᠣᠰᠣᠭ᠋ᠠᠷ ᠵᠠᠰᠠᠭ ᠵᠠᠬᠢᠷᠭ᠋ᠠᠨ᠎ᠤ ᠳᠠᠬᠢᠨ ᠵᠥᠪᠯᠡᠭᠦᠯᠬᠦ ᠭᠤᠶᠤᠴᠢᠯᠠᠯ ᠵᠶ᠋ᠠᠨ ᠳᠡᠪᠰᠢᠭᠦᠯᠦᠨ᠎ᠡ᠃ 

      ᠭᠤᠷᠪᠠ᠂ ᠰᠢᠰᠲ᠋ᠧᠮ᠎ᠤᠨ ᠲᠡᠰ ᠳᠡᠪᠰᠢᠬᠦ ᠬᠢᠭᠡᠳ ᠦᠢ᠍ᠯᠡᠴᠢᠯᠡᠭᠡᠨ᠎ᠤ ᠪᠠᠲᠤᠯᠠᠭ᠎ᠠ

      ᠲᠣᠰ ᠤᠳᠠᠭ᠋ᠠᠨ᠎ᠤ ᠲᠣᠬᠢᠷᠠᠭᠤᠯᠤᠯᠲᠠ᠎ᠨᠢ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠠᠷᠭ᠎ᠠ ᠵᠠᠮ᠎ᠢ ᠡᠮᠬᠢᠯᠡᠨ ᠨᠡᠢ᠌ᠯᠡᠭᠦᠯᠵᠦ᠂  ᠦᠢ᠍ᠯᠡᠴᠢᠯᠡᠭᠡᠨ᠎ᠤ ᠶᠠᠰᠤ ᠴᠢᠨᠠᠷ᠎ᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠰᠦᠯᠵᠢᠶᠡᠨ ᠳᠡᠭᠡᠷ᠎ᠡ ᠭᠤᠶᠤᠴᠢᠯᠠᠬᠤ ᠠᠷᠭ᠎ᠠ ᠵᠠᠮ᠎ᠤᠨ ᠤᠬᠠᠭᠤᠯᠭ᠎ᠠ ᠪᠠ ᠳᠡᠯᠭᠡᠷᠡᠭᠦᠯᠦᠯᠲᠡ ᠵᠢ ᠴᠢᠩᠭ᠋ᠠᠳᠬᠠᠵᠤ᠂  ᠭᠤᠶᠤᠴᠢᠯᠠᠭᠴᠢ ᠵᠢᠨ ᠤᠷᠤᠭᠰᠢᠲᠠᠢ᠎ᠪᠠᠷ ᠰᠢᠯᠵᠢᠯᠲᠡ ᠬᠢᠬᠦ ᠵᠢᠨ ᠬᠠᠮᠲᠤ ᠪᠥᠬᠥ ᠤᠯᠤᠰ᠎ᠤᠨ ᠰᠦᠯᠵᠢᠶᠡᠨ ᠳᠡᠭᠡᠷᠡᠬᠢ ᠠᠷᠭ᠎ᠠ ᠵᠠᠮ ᠵᠶ᠋ᠠᠷ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠵᠢ ᠦᠨᠡᠨᠬᠦ ᠪᠠᠲᠤᠯᠠᠨ᠎ᠠ᠃ 

      ᠬᠡᠷᠪᠡ ᠮᠠᠳᠠᠭ᠎ᠲᠠᠢ ᠪᠤᠶᠤ ᠤᠯᠠᠮ ᠨᠢᠭᠡ ᠠᠯᠬᠤᠮ ᠠᠰᠠᠭᠤᠨ ᠯᠠᠪᠯᠠᠬᠤ ᠴᠢᠬᠤᠯᠠ᠎ᠲᠠᠢ ᠪᠣᠯ᠂  ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ᠎ᠳᠤ ᠤᠲᠠᠰᠤᠳᠠᠭ᠋ᠠᠷᠠᠢ᠃  ᠥᠷᠭᠡᠨ ᠣᠯᠠᠨ ᠭᠤᠶᠤᠴᠢᠯᠠᠭᠴᠢ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ᠂  ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠠᠷᠭ᠎ᠠ ᠵᠠᠮ ᠵᠶ᠋ᠠᠷ ᠨᠡᠢ᠌ᠲᠡᠯᠡᠭᠰᠡᠨ ᠬᠠᠮᠤᠭ᠎ᠤᠨ ᠰᠢᠨ᠎ᠡ ᠠᠯᠪᠠᠨ ᠵᠠᠷ᠎ᠢ ᠴᠠᠭ ᠲᠤᠬᠠᠢ᠎ᠳᠤᠨᠢ ᠠᠩᠬᠠᠷᠴᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠰᠦᠯᠵᠢᠶᠡᠨ ᠲᠡᠭᠡᠷ᠎ᠡ  ᠭᠤᠶᠤᠴᠢᠯᠠᠬᠤ ᠠᠷᠭ᠎ᠠ ᠵᠠᠮ᠎ᠤᠨ ᠬᠤᠪᠢᠷᠠᠯᠲᠠ ᠵᠢᠴᠢ ᠬᠡᠷᠡᠭᠯᠡᠬᠦ ᠠᠷᠭ᠎ᠠ ᠵᠢ  ᠣᠢ᠌ᠯᠠᠭ᠋ᠠᠭ᠋ᠠᠷᠠᠢ᠃  ᠡᠨᠡ ᠤᠳᠠᠭ᠋ᠠᠨ᠎ᠤ ᠲᠣᠬᠢᠷᠠᠭᠤᠯᠤᠯᠲᠠ ᠵᠢᠨ ᠲᠠᠨ᠎ᠳᠤ  ᠳᠥᠭᠥᠮ ᠦᠭᠡᠢ   ᠪᠣᠯᠣᠭᠰᠠᠨ ᠶᠠᠪᠤᠳᠠᠯ᠎ᠳᠤ ᠪᠢᠳᠡ ᠭᠦᠨ᠎ᠡ ᠣᠰᠣᠯ ᠬᠦᠯᠢᠶᠡᠵᠦ ᠪᠠᠢ᠌ᠬᠤ ᠵᠢᠨ ᠬᠠᠮᠲᠤ ᠣᠢ᠌ᠯᠠᠭ᠋ᠠᠵᠤ ᠲᠡᠮᠵᠢᠭᠰᠡᠨ  ᠎ᠳᠤ  ᠴᠢᠨᠢ ᠲᠠᠯᠠᠷᠬᠠᠵᠤ ᠪᠠᠢ᠌ᠨ᠎ᠠ᠃ 

      ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃ 

                                             2025 ᠣᠨ᠎ᠤ 3 ᠰᠠᠷ᠎ᠠ ᠵᠢᠨ 24᠎ᠤ ᠡᠳᠦᠷ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            