《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠤᠨ ᠬᠡᠷᠡᠭ᠎ᠢ ᠭᠦᠢ᠍ᠴᠡᠳᠬᠡᠭᠰᠡᠨ᠂ ᠶᠠᠰᠤ ᠴᠢᠨᠠᠷ᠎ᠢ ᠰᠢᠯᠭ᠋ᠠᠨ ᠬᠢᠨᠠᠭᠰᠠᠨ᠂ 《12348》 ᠲᠠᠪᠴᠠᠩ᠎ᠤᠨ ᠤᠲᠠᠰᠤᠨ᠎ᠤ ᠵᠠᠯᠭ᠋ᠠᠯᠲᠠ ᠵᠡᠷᠭᠡ ᠪᠠᠢ᠌ᠳᠠᠯ᠎ᠢ ᠨᠡᠢ᠌ᠭᠡᠮ᠎ᠳᠤ ᠢᠯᠡ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠵᠦ ᠪᠤᠢ᠃
ᠨᠢᠭᠡ᠂ ᠬᠡᠷᠡᠭ ᠰᠢᠢ᠍ᠳᠬᠡᠭᠰᠡᠨ ᠪᠠᠢ᠌ᠳᠠᠯ
2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ ᠵᠢᠭ᠋ᠠᠨ ᠲᠣᠮᠢᠯᠠᠭᠰᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ 408 ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠵᠡᠢ᠂ ᠡᠭᠦᠨ᠎ᠳᠤ᠄ ᠡᠷᠡᠭᠦᠦ ᠵᠢᠨ ᠬᠡᠷᠡᠭ 367᠂ ᠢᠷᠭᠡᠨ᠎ᠤ ᠬᠡᠷᠡᠭ 40᠂ ᠵᠠᠰᠠᠭ ᠵᠠᠬᠢᠷᠭ᠋ᠠᠨ᠎ᠤ ᠬᠡᠷᠡᠭ 1 ᠪᠣᠶ; ᠬᠠᠤᠯᠢᠴᠢ ᠵᠢ ᠵᠣᠬᠢᠶᠠᠨ ᠪᠠᠢ᠌ᠭᠤᠯᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠴᠣᠩᠬᠣᠪᠴᠢ᠂ ᠠᠵᠢᠯᠯᠠᠬᠤ ᠥᠷᠲᠡᠭᠡᠨ᠎ᠤ ᠵᠢᠵᠢᠭᠦᠷᠯᠡᠬᠦ ᠲᠤᠬᠠᠢ ᠵᠢᠨ ᠲᠠᠯᠠᠪᠤᠷ᠎ᠲᠤ 710 ᠬᠥᠮᠥᠨ ᠤᠳᠠᠭ᠎ᠠ ᠵᠢᠨ ᠬᠠᠤᠯᠢ ᠴᠠᠭ᠋ᠠᠵᠠ ᠵᠢᠨ ᠵᠥᠪᠯᠡᠯᠭᠡ ᠬᠠᠩᠭ᠋ᠠᠵᠠᠢ᠃
ᠬᠣᠶᠠᠷ᠂ ᠶᠠᠰᠤ ᠴᠢᠨᠠᠷ᠎ᠢ ᠰᠢᠯᠭ᠋ᠠᠨ ᠬᠢᠨᠠᠭᠰᠠᠨ ᠪᠠᠢ᠌ᠳᠠᠯ
ᠦᠨᠡᠯᠡᠨ ᠵᠢᠱ᠌ᠢᠬᠦ ᠵᠢ ᠨᠡᠢ᠌ᠳᠡᠮ ᠪᠦᠷᠬᠦᠭᠦᠯᠬᠦ ᠪᠠ ᠭᠣᠣᠯᠳᠠᠯᠭ᠎ᠠ᠎ᠲᠠᠢ ᠰᠤᠭᠤᠴᠢᠨ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ 12 ᠠᠢ᠌ᠮᠠᠭ ᠬᠣᠲᠠ ᠵᠢᠨ 32 ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠠᠴᠠ ᠰᠣᠩᠭᠣᠨ ᠠᠪᠤᠭᠰᠠᠨ 447 ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠲᠤ 《ᠭᠤᠷᠪᠠᠳᠠᠭᠢ ᠡᠲᠡᠭᠡᠳ》᠎ᠤᠨ ᠠᠵᠢᠯ ᠨᠢᠭᠡᠲᠡᠨ᠎ᠤ ᠶᠠᠰᠤ ᠴᠢᠨᠠᠷ᠎ᠤᠨ ᠦᠨᠡᠯᠡᠨ ᠵᠢᠱ᠌ᠢᠯᠲᠡ ᠬᠢᠪᠡ᠃ ᠦᠨᠡᠯᠡᠨ ᠵᠢᠱ᠌ᠢᠬᠦ᠎ᠪᠠᠷ ᠳᠠᠮᠵᠢᠭ᠋ᠠᠳ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ 90 ᠬᠤᠪᠢ ᠵᠢᠴᠢ ᠲᠡᠭᠦᠨ᠎ᠠᠴᠠ ᠳᠡᠭᠡᠭᠰᠢᠬᠢ ᠲᠠᠩᠰᠠ ᠡᠪᠬᠡᠮᠡᠯ᠎ᠤᠨ ᠵᠦᠢ᠍ᠯ 53 ᠪᠣᠳᠢ᠂ 70 — 89 ᠬᠤᠪᠢ ᠵᠢᠨ ᠲᠠᠩᠰᠠ ᠡᠪᠬᠡᠮᠡᠯ᠎ᠤᠨ ᠵᠦᠢ᠍ᠯ 315 ᠪᠣᠳᠢ᠂ 60 — 69 ᠬᠤᠪᠢ ᠵᠢᠨ ᠲᠠᠩᠰᠠ ᠡᠪᠬᠡᠮᠡᠯ᠎ᠤᠨ ᠵᠦᠢ᠍ᠯ 53 ᠪᠣᠳᠢ᠂ 60 ᠬᠤᠪᠢ᠎ᠠᠴᠠ ᠳᠣᠷᠣᠭᠰᠢᠬᠢ ᠲᠠᠩᠰᠠ ᠡᠪᠬᠡᠮᠡᠯ᠎ᠤᠨ ᠵᠦᠢ᠍ᠯ 26 ᠪᠣᠳᠢ ᠪᠠᠢ᠌ᠵᠤ᠂ ᠬᠡᠷᠡᠭ᠎ᠤᠨ ᠶᠠᠰᠤ ᠴᠢᠨᠠᠷ᠎ᠢ ᠦᠨᠡᠯᠡᠨ ᠵᠢᠱ᠌ᠢᠭᠰᠡᠨ ᠪᠠᠢ᠌ᠳᠠᠯ᠎ᠢ ᠨᠢᠭᠡᠨᠲᠡ ᠪᠥᠬᠥ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠮᠡᠳᠡᠭᠳᠡᠪᠡ᠃
ᠭᠤᠷᠪᠠ᠂ 《12348》 ᠤᠲᠠᠰᠤᠨ᠎ᠤ ᠵᠠᠯᠭ᠋ᠠᠯᠲᠠ ᠵᠢᠨ ᠪᠠᠢ᠌ᠳᠠᠯ
2024 ᠣᠨ᠎ᠳᠤ᠂ ᠥᠪᠥᠷ ᠮᠣᠩᠭᠣᠯ᠎ᠤᠨ 《12348》 ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤᠨ᠎ᠤ ᠵᠠᠯᠭ᠋ᠠᠯᠲᠠ ᠵᠢᠨ ᠶᠡᠷᠦᠩᠬᠡᠢ ᠬᠡᠮᠵᠢᠶ᠎ᠡ 338001 ᠨᠡᠪᠲᠡᠷᠡᠵᠦ᠂ ᠨᠡᠪᠲᠡᠷᠡᠭᠰᠡᠨ ᠨᠣᠷᠮ᠎ᠠ 97%᠂ ᠬᠠᠨᠤᠮᠵᠢ ᠵᠢᠨ ᠨᠣᠷᠮ᠎ᠠ 99.90%᠂ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠨᠣᠷᠮ᠎ᠠ 7.26%᠂ ᠬᠠᠷᠢᠭᠤ ᠰᠣᠷᠪᠤᠯᠵᠢᠯᠠᠭ᠎ᠠ ᠵᠢᠨ ᠨᠣᠷᠮ᠎ᠠ 100%᠎ᠳᠤ ᠬᠦᠷᠴᠡᠢ᠃
ᠳᠥᠷᠪᠡ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ
ᠨᠡᠢ᠌ᠭᠡᠮ᠎ᠤᠨ ᠡᠯ᠎ᠡ ᠡᠲᠡᠭᠡᠳ᠎ᠤᠨ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠬᠡᠷᠪᠡ ᠳᠡᠭᠡᠷᠡᠬᠢ ᠠᠭᠤᠯᠭ᠎ᠠ᠎ᠳᠤ ᠰᠡᠵᠢᠭ᠎ᠲᠠᠢ ᠪᠤᠶᠤ ᠣᠨᠳᠣᠣ ᠰᠠᠨᠠᠯ᠎ᠲᠠᠢ ᠪᠠᠢ᠌ᠪᠠᠯ᠂ ᠮᠠᠨ᠎ᠤ ᠲᠥᠪ᠎ᠲᠤ ᠲᠤᠰᠬᠠᠵᠤ ᠪᠣᠯᠣᠨ᠎ᠠ᠃
ᠬᠠᠷᠢᠯᠴᠠᠬᠤ ᠤᠲᠠᠰᠤ᠄ 0471—5301322
ᠬᠠᠷᠢᠯᠴᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ
2025 ᠣᠨ᠎ᠤ 3 ᠰᠠᠷ᠎ᠠ ᠵᠢᠨ 25᠎ᠤ ᠡᠳᠦᠷ