ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠰᠣᠩᠭᠣᠨ ᠤᠷᠢᠬᠤ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2025-04-23

      ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ  ᠲᠤᠰᠬᠠᠢ

ᠵᠦᠢ᠍ᠯ᠎ᠤᠨ ᠠᠵᠢᠯᠯᠠᠭ᠎ᠠ ᠵᠢ ᠵᠢᠷᠤᠮᠵᠢᠭᠤᠯᠬᠤ ᠶᠠᠪᠤᠳᠠᠯ᠎ᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂  ᠵᠠᠰᠠᠭ

ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠵᠢᠭᠦᠯᠦᠨ᠂  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ  ᠠᠰᠠᠭᠤᠳᠠᠯ᠎ᠤᠨ ᠰᠦᠪᠡᠭᠴᠢ ᠵᠢ ᠪᠥᠬᠥ ᠲᠠᠯ᠎ᠠ᠎ᠪᠠᠷ ᠴᠤᠭᠯᠠᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠵᠢᠨ ᠴᠢᠭᠯᠡᠭᠦᠯᠦᠯᠲᠦ ᠴᠢᠨᠠᠷ᠂  ᠪᠣᠳᠠᠲᠤ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ  ᠬᠢᠨᠠᠯᠲᠠ ᠲᠠᠯᠪᠢᠬᠤ ᠳᠦᠷᠢᠮ》᠎ᠢ ᠦᠨᠳᠦᠰᠦᠯᠡᠨ᠂  ᠥᠪᠡᠷᠲᠡᠭᠡᠨ ᠵᠠᠰᠠᠬᠤ ᠣᠷᠣᠨ᠎ᠤ  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢ ᠰᠣᠩᠭᠣᠨ ᠤᠷᠢᠵᠤ᠂  ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠵᠠᠷᠯᠠᠶ᠎ᠠ᠃ 

      ᠨᠢᠭᠡ᠂  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢᠨ ᠪᠦᠷᠢᠯᠳᠦᠭᠦᠯᠪᠡᠰᠦ ᠵᠣᠬᠢᠬᠤ ᠨᠥᠬᠥᠴᠡᠯ

      (ᠨᠢᠭᠡ)  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠤᠭᠤᠮ᠂  ᠴᠢᠭᠯᠡᠯᠲᠡ᠂  ᠲᠦᠷᠦ ᠵᠢᠨ ᠪᠣᠳᠣᠯᠭ᠎ᠠ ᠵᠢ ᠬᠦᠷᠢᠶᠡᠯᠡᠵᠦ᠂  ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠡᠢ᠌ᠭᠡᠮ ᠨᠡᠶ᠋ᠢᠲᠡ ᠵᠢᠨ ᠶᠣᠰᠣ ᠮᠣᠷᠠᠯ᠎ᠢ ᠵᠢᠷᠤᠮᠯᠠᠨ ᠰᠠᠬᠢᠵᠤ᠂  ᠡᠷᠡᠭᠦᠦ ᠵᠢᠨ  ᠰᠢᠢ᠍ᠳᠬᠡᠯ᠂  ᠵᠠᠰᠠᠭ ᠵᠠᠬᠢᠷᠭ᠋ᠠᠨ᠎ᠤ ᠰᠢᠢ᠍ᠳᠬᠡᠯ᠂  ᠨᠠᠮ᠎ᠤᠨ ᠰᠠᠬᠢᠯᠭ᠎ᠠ ᠪᠠᠲᠤ ᠵᠢᠨ  ᠰᠢᠢ᠍ᠳᠬᠡᠯ᠎ᠤᠨ ᠳ᠋ᠦᠩᠨᠡᠯᠲᠡ ᠵᠢᠴᠢ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠡᠳ ᠣᠯᠣᠭᠰᠠᠨ ᠵᠠᠰᠠᠭ ᠵᠠᠬᠢᠷᠭ᠋ᠠᠨ᠎ᠤ  ᠰᠢᠢ᠍ᠳᠬᠡᠯ᠎ᠤᠨ ᠲᠡᠮᠳᠡᠭᠯᠡᠯ ᠦᠭᠡᠢ ᠪᠠᠢ᠌ᠬᠤ  ᠬᠡᠷᠡᠭᠲᠡᠢ; 

      (ᠬᠣᠶᠠᠷ)  ᠵᠣᠬᠢᠬᠤ ᠬᠡᠮᠵᠢᠶᠡᠨ᠎ᠤ ᠰᠣᠶᠣᠯ᠎ᠤᠨ ᠮᠡᠳᠡᠯᠭᠡ᠂  ᠬᠠᠤᠯᠢ ᠴᠠᠭ᠋ᠠᠵᠠ ᠵᠢᠨ ᠮᠡᠳᠡᠯᠭᠡ ᠪᠠ ᠵᠠᠰᠠᠭ᠎ᠤᠨ ᠶᠠᠪᠤᠳᠠᠯ᠎ᠳᠤ ᠣᠷᠣᠯᠴᠠᠨ  ᠲᠥᠷᠥ ᠵᠢᠨ ᠬᠡᠷᠡᠭ᠎ᠢ ᠵᠥᠪᠯᠡᠬᠦ ᠴᠢᠳᠠᠪᠤᠷᠢ᠎ᠲᠠᠢ ᠪᠠᠢ᠌ᠬᠤ  ᠬᠡᠷᠡᠭᠲᠡᠢ; 

      (ᠭᠤᠷᠪᠠ)  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠲᠡᠮᠵᠢᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠳᠤ ᠬᠠᠯᠠᠭᠤᠨ ᠰᠡᠳᠬᠢᠯ᠎ᠲᠠᠢ ᠪᠠᠢ᠌ᠵᠤ᠂  ᠪᠡᠶ᠎ᠡ ᠮᠠᠬᠠᠪᠤᠳ ᠡᠷᠡᠭᠦᠯ ᠴᠢᠭᠢᠷᠠᠭ᠂  ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂  ᠬᠢᠨᠠᠯᠲᠠ ᠲᠠᠯᠪᠢᠬᠤ ᠠᠵᠢᠯ᠎ᠢ ᠥᠷᠨᠢᠭᠦᠯᠬᠦ ᠴᠠᠭ ᠪᠠ ᠤᠶᠤᠨ ᠴᠢᠳᠠᠯ᠎ᠲᠠᠢ ᠪᠠᠢ᠌ᠬᠤ  ᠬᠡᠷᠡᠭᠲᠡᠢ;

      (ᠳᠥᠷᠪᠡ)  ᠣᠯᠠᠨ ᠲᠦᠮᠡᠨ᠎ᠤ ᠰᠠᠨᠠᠯ᠎ᠢ ᠴᠢᠳᠠᠮᠠᠭ᠋ᠠᠢ᠎ᠪᠠᠷ ᠰᠣᠨᠣᠰᠴᠤ᠂  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠵᠣᠷᠢᠭᠲᠠᠢ᠎ᠪᠠᠷ   ᠭᠦᠢ᠍ᠴᠡᠳᠬᠡᠬᠦ ᠬᠡᠷᠡᠭᠲᠡᠢ; 

      (ᠲᠠᠪᠤ)  ᠬᠥᠬᠡᠬᠣᠲᠠ ᠵᠢᠨ ᠬᠣᠲᠠ ᠵᠢᠨ ᠲᠣᠭᠣᠷᠢᠭ᠎ᠲᠤ ᠠᠵᠢᠯᠯᠠᠬᠤ ᠪᠤᠶᠤ  ᠠᠮᠢᠳᠤᠷᠠᠵᠤ᠂  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠬᠡᠪ᠎ᠤᠨ ᠠᠵᠢᠯ᠎ᠢ ᠡᠭᠦᠷᠭᠡᠯᠡᠵᠦ  ᠳᠡᠢ᠌ᠯᠬᠦ ᠬᠡᠷᠡᠭᠲᠡᠢ᠃  

      ᠬᠣᠶᠠᠷ᠂  ᠵᠠᠰᠠᠭ ᠵᠠᠬᠢᠷᠭ᠋ᠠᠨ᠎ᠤ ᠬᠠᠤᠯᠢ  ᠬᠡᠷᠡᠭᠵᠢᠭᠦᠯᠬᠦ᠎ᠳᠤ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠪᠣᠯᠵᠤ ᠥᠯᠥ ᠪᠣᠯᠬᠤ ᠪᠠᠢ᠌ᠳᠠᠯ

      (ᠨᠢᠭᠡ)  ᠡᠷᠡᠭᠦᠦ ᠵᠢᠨ  ᠰᠢᠢ᠍ᠳᠬᠡᠯ ᠣᠯᠵᠤ ᠥᠩᠭᠡᠷᠡᠭᠰᠡᠨ ᠪᠤᠶᠤ ᠶᠠᠭ ᠡᠷᠡᠭᠦᠦ ᠵᠢᠨ ᠬᠡᠷᠡᠭ ᠵᠶ᠋ᠡᠷ ᠨᠡᠬᠡᠮᠵᠢᠯᠡᠭᠳᠡᠵᠦ ᠪᠠᠢ᠌ᠬᠤ; 

      (ᠬᠣᠶᠠᠷ)  ᠠᠯᠪᠠᠨ ᠲᠤᠰᠢᠶᠠᠯ᠎ᠠᠴᠠ᠎ᠪᠠᠨ ᠬᠥᠭᠡᠭᠡᠭᠳᠡᠭᠰᠡᠨ; 

      (ᠭᠤᠷᠪᠠ)  ᠬᠠᠤᠯᠢᠴᠢ᠂  ᠠᠯᠪᠠᠨ ᠭᠡᠷᠡᠴᠢᠯᠡᠭᠴᠢ ᠵᠢᠨ ᠠᠵᠢᠯ ᠡᠷᠬᠢᠯᠡᠬᠦ ᠦᠨᠡᠮᠯᠡᠯ ᠵᠶ᠋ᠡᠨ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨ ᠪᠤᠶᠤ ᠬᠥᠨᠳᠡᠯᠡᠨ᠎ᠠᠴᠠ ᠲᠠᠰᠤᠯᠬᠤ ᠺᠣᠮᠢᠰ ᠨᠡᠷ᠎ᠡ᠎ᠪᠠᠨ ᠬᠠᠰᠤᠭᠳᠠᠭᠰᠠᠨ; 

      (ᠳᠥᠷᠪᠡ)  ᠢᠲᠡᠭᠡᠯ ᠵᠢᠡᠨ ᠠᠯᠳᠠᠭᠰᠠᠨ ᠭᠦᠢ᠍ᠴᠡᠳᠬᠡᠭᠳᠡᠭᠴᠢ᠂  ᠬᠡᠷᠡᠭᠯᠡᠭᠡᠨ᠎ᠢ ᠬᠢᠵᠠᠭ᠋ᠠᠷᠯᠠᠭᠰᠠᠨ ᠬᠥᠮᠥᠰ᠎ᠤᠨ ᠨᠡᠷᠡᠰ᠎ᠳᠤ ᠣᠷᠣᠭᠤᠯᠤᠭᠰᠠᠨ;

      (ᠲᠠᠪᠤ)  ᠰᠡᠷᠡᠮᠵᠢᠯᠡᠭᠦᠯᠦᠨ ᠢᠳᠬᠠᠬᠤ᠂  ᠵᠣᠬᠢᠶᠠᠨ ᠪᠠᠢ᠌ᠭᠤᠯᠤᠯᠲᠠ ᠵᠢᠨ ᠰᠢᠢ᠍ᠳᠪᠦᠷᠢᠯᠡᠯᠲᠡ ᠪᠤᠶᠤ ᠰᠢᠢ᠍ᠳᠬᠡᠯ ᠣᠯᠬᠤ ᠵᠡᠷᠭᠡ᠎ᠳᠤ ᠨᠥᠯᠥᠭᠡᠯᠡᠭᠳᠡᠭᠰᠡᠨ ᠬᠤᠭᠤᠴᠠᠭ᠎ᠠ᠎ᠨᠢ ᠳᠠᠭᠤᠰᠤᠭ᠋ᠠᠳᠤᠢ ᠪᠠᠢ᠌ᠬᠤ; 

      (ᠵᠢᠷᠭᠤᠭ᠎ᠠ)  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ᠂  ᠵᠠᠰᠠᠭ ᠵᠠᠬᠢᠷᠭ᠋ᠠᠨ᠎ᠤ  ᠬᠠᠤᠯᠢ

ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠪᠠᠢ᠌ᠷᠢᠨ᠎ᠳᠤ ᠪᠠᠢ᠌ᠬᠤ; 

      (ᠲᠤᠯᠤᠭ᠎ᠠ)  ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠪᠤᠰᠤᠳ ᠬᠦᠨᠳᠦ ᠨᠣᠴᠢᠲᠠᠢ ᠦᠢ᠍ᠯᠡ ᠠᠵᠢᠯᠯᠠᠭ᠎ᠠ᠎ᠲᠠᠢ ᠪᠠᠢ᠌ᠵᠤ᠂  ᠲᠥᠪ ᠭᠣᠣᠯᠴᠢ  ᠵᠢ ᠨᠥᠯᠥᠭᠡᠯᠡᠵᠦ ᠮᠡᠳᠡᠬᠦ᠃ 

      ᠭᠤᠷᠪᠠ᠂  ᠰᠣᠩᠭᠣᠨ ᠤᠷᠢᠬᠤ ᠲᠣᠭ᠎ᠠ ᠬᠡᠮᠵᠢᠶ᠎ᠡ

      ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢ 100 ᠨᠡᠷᠡᠰ ᠰᠣᠩᠭᠣᠨ ᠤᠷᠢᠨ᠎ᠠ᠃  ᠠᠵᠢᠯᠲᠠᠨ᠎ᠤ ᠪᠦᠷᠢᠯᠳᠦᠭᠦᠨ᠎ᠤ ᠪᠦᠲᠦᠴᠡ ᠵᠢᠨ ᠵᠦᠢ ᠵᠣᠬᠢᠰᠲᠠᠢ ᠪᠠᠢ᠌ᠬᠤ ᠵᠢ ᠪᠠᠲᠤᠯᠠᠭᠰᠠᠨ ᠰᠠᠭᠤᠷᠢᠨ ᠳᠡᠭᠡᠷ᠎ᠡ᠂  ᠨᠠᠮ᠎ᠤᠨ ᠲᠥᠯᠥᠭᠡᠯᠡᠭᠴᠢ᠂  ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂  ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂  ᠠᠷᠠᠳᠴᠢᠯᠠᠭᠰᠠᠨ ᠨᠠᠮ ᠪᠦᠯᠦᠭ ᠪᠤᠶᠤ ᠨᠠᠮ ᠪᠦᠯᠦᠭ᠎ᠤᠨ ᠪᠤᠰᠤ ᠬᠥᠮᠥᠰ᠂  ᠠᠷᠠᠳ᠎ᠤᠨ ᠰᠢᠭᠦᠬᠦ ᠬᠣᠷᠢᠶᠠᠨ᠎ᠤ ᠰᠢᠭᠦᠬᠦ ᠲᠤᠰᠢᠶᠠᠯᠲᠠᠨ᠂  ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠲᠤᠰᠢᠶᠠᠯᠲᠠᠨ᠂  ᠲᠤᠰᠬᠠᠢ ᠮᠡᠷᠭᠡᠵᠢᠯᠲᠡᠨ ᠡᠷᠳᠡᠮᠲᠡᠨ᠂  ᠬᠠᠤᠯᠢ ᠴᠠᠭ᠋ᠠᠵᠠ ᠵᠢᠨ ᠠᠵᠢᠯᠲᠠᠨ᠂  ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠠᠵᠢᠯᠲᠠᠨ᠂  ᠠᠵᠤ ᠠᠬᠤᠢ᠌ᠯᠠᠯ᠎ᠤᠨ ᠠᠵᠢᠯᠲᠠᠨ᠂  ᠦᠨᠳᠦᠰᠦᠨ ᠱᠠᠲᠤᠨ᠎ᠤ ᠠᠵᠢᠯᠲᠠᠨ ᠵᠡᠷᠭᠡ ᠵᠢ ᠡᠯᠰᠡᠨ ᠠᠪᠬᠤ ᠵᠢ ᠴᠢᠬᠤᠯᠠᠴᠢᠯᠠᠨ᠎ᠠ᠃ 

      ᠳᠥᠷᠪᠡ᠂  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ

      (ᠨᠢᠭᠡ)  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠥᠢ᠍ᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠰᠠᠨᠠᠯ ᠪᠠ ᠰᠠᠨᠠᠭᠤᠯᠭ᠎ᠠ ᠳᠤᠷᠠᠳᠬᠤ  ᠬᠡᠷᠡᠭᠲᠡᠢ;

      (ᠬᠣᠶᠠᠷ)  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠬᠣᠯᠪᠣᠭᠳᠠᠯ ᠪᠦᠬᠦᠢ ᠪᠠᠢ᠌ᠭᠤᠯᠭ᠎ᠠ᠎ᠳᠤ ᠲᠤᠰᠬᠠᠬᠤ  ᠬᠡᠷᠡᠭᠲᠡᠢ;

      (ᠭᠤᠷᠪᠠ)  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠎ᠠ ᠵᠢᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠪᠠᠢ᠌ᠴᠠᠭ᠋ᠠᠨ ᠣᠢ᠌ᠯᠠᠭ᠋ᠠᠬᠤ᠎ᠳᠤ ᠣᠷᠣᠯᠴᠠᠬᠤ  ᠬᠡᠷᠡᠭᠲᠡᠢ; 

      (ᠳᠥᠷᠪᠡ)  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠵᠢᠨ ᠠᠵᠢᠯᠯᠠᠭ᠎ᠠ᠎ᠳᠤ ᠤᠷᠢᠭᠳᠠᠨ ᠣᠷᠣᠯᠴᠠᠬᠤ  ᠬᠡᠷᠡᠭᠲᠡᠢ; 

      (ᠲᠠᠪᠤ)  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠴᠢ ᠲᠡᠭᠦᠨ᠎ᠤ ᠠᠵᠢᠯᠲᠠᠨ᠎ᠤ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ  ᠰᠢᠪᠠᠳᠠᠬᠤ ᠬᠡᠷᠡᠭᠲᠡᠢ; 

      (ᠵᠢᠷᠭᠤᠭ᠎ᠠ)  ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠰᠠᠯᠠᠭ᠎ᠠ ᠮᠥᠴᠢᠷ ᠪᠠ ᠨᠢᠭᠡᠴᠡ ᠵᠢ ᠦᠨᠡᠯᠡᠨ ᠶᠠᠷᠢᠯᠴᠠᠬᠤ ᠪᠠ ᠬᠢᠨᠠᠨ ᠰᠢᠯᠭ᠋ᠠᠬᠤ᠎ᠳᠤ  ᠣᠷᠣᠯᠴᠠᠬᠤ ᠬᠡᠷᠡᠭᠲᠡᠢ; 

      (ᠳᠣᠯᠣᠭ᠎ᠠ)  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠣᠨᠣᠯ ᠪᠠ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢᠨ ᠰᠤᠷᠤᠯᠴᠠᠯᠭ᠎ᠠ  ᠪᠣᠯᠪᠠᠰᠤᠷᠠᠯ᠎ᠳᠤ  ᠣᠷᠣᠯᠴᠠᠬᠤ ᠬᠡᠷᠡᠭᠲᠡᠢ; 

      (ᠨᠠᠢ᠍ᠮᠠ)  ᠪᠤᠰᠤᠳ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠠᠵᠢᠯᠯᠠᠭ᠎ᠠ᠎ᠳᠤ  ᠣᠷᠣᠯᠴᠠᠬᠤ ᠬᠡᠷᠡᠭᠲᠡᠢ᠃ 

      ᠲᠠᠪᠤ᠂  ᠰᠣᠩᠭᠣᠨ ᠤᠷᠢᠬᠤ ᠲᠠᠰ ᠳᠠᠷᠠᠭ᠋ᠠᠯᠠᠯ

      (ᠨᠢᠭᠡ)  ᠨᠡᠷ᠎ᠡ ᠮᠡᠳᠡᠭᠦᠯᠬᠦ ᠴᠠᠭ

      ᠠᠯᠪᠠᠨ ᠵᠠᠷ ᠨᠡᠢ᠌ᠲᠡᠯᠡᠭᠰᠡᠨ ᠡᠳᠦᠷ᠎ᠠᠴᠠ 2025 ᠣᠨ᠎ᠤ 5 ᠰᠠᠷ᠎ᠠ ᠵᠢᠨ 23᠎ᠤ ᠡᠳᠦᠷ ᠪᠣᠯᠲᠠᠯ᠎ᠠ᠂  ᠬᠤᠭᠤᠴᠠᠭ᠎ᠠ᠎ᠠᠴᠠ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃ 

      (ᠬᠣᠶᠠᠷ)  ᠨᠡᠷ᠎ᠡ ᠮᠡᠳᠡᠭᠦᠯᠬᠦ ᠠᠷᠭ᠎ᠠ ᠮᠠᠶᠢᠭ

      ᠬᠤᠪᠢ ᠬᠥᠮᠥᠨ ᠥᠪᠡᠷ᠎ᠤᠨ ᠲᠠᠨᠢᠯᠴᠠᠭᠤᠯᠭ᠎ᠠ᠂ ᠨᠢᠭᠡᠴᠡ ᠵᠢᠨ ᠲᠠᠨᠢᠯᠴᠠᠭᠤᠯᠭ᠎ᠠ ᠵᠢ ᠦᠨᠳᠦᠰᠦᠯᠡᠵᠦ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠨᠳᠤᠯᠭ᠎ᠠ᠎ᠲᠠᠢ᠎ᠪᠠᠷ ᠰᠣᠩᠭᠣᠨ ᠤᠷᠢᠬᠤ ᠵᠡᠷᠭᠡ ᠠᠷᠭ᠎ᠠ ᠮᠠᠶᠢᠭ᠎ᠢ ᠠᠪᠤᠨ᠎ᠠ᠃ 

      ᠨᠡᠷ᠎ᠡ ᠮᠡᠳᠡᠭᠦᠯᠬᠦ ᠦᠶ᠎ᠡ᠎ᠳᠤ᠂  ᠤᠷᠢᠯᠭ᠎ᠠ᠎ᠳᠤ ᠣᠷᠣᠯᠴᠠᠭᠰᠠᠳ ᠠᠨ  ᠵᠦᠸᠸ ᠰᠢᠰᠲ᠋ᠧᠮ᠎ᠤᠨ ᠭᠠᠷ ᠤᠲᠠᠰᠤ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢᠨ ᠭᠠᠷ ᠤᠲᠠᠰᠤᠨ᠎ᠤ APP (ᠳᠠᠭ᠋ᠠᠯᠳᠤᠭᠤᠯᠤᠯ)  ᠵᠢ ᠪᠠᠭᠤᠯᠭ᠋ᠠᠵᠤ᠂  ᠰᠦᠯᠵᠢᠶᠡᠨ ᠳᠡᠭᠡᠷ᠎ᠡ ᠮᠡᠳᠡᠭᠦᠯᠬᠦ ᠬᠠᠮᠢᠶ᠎ᠠ ᠪᠦᠬᠦᠢ ᠮᠡᠳᠡᠭᠡ ᠵᠠᠩᠭᠢ ᠵᠢ  ᠲᠠᠭᠯᠠᠨ᠎ᠠ (ᠲᠠᠢ᠌ᠯᠪᠤᠷᠢ᠄ ᠳᠡᠭᠡᠭᠰᠢ ᠳᠠᠮᠵᠢᠭᠤᠯᠬᠤ ᠬᠡᠷᠡᠯ ᠵᠢᠷᠤᠭ᠎ᠤᠨ ᠪᠠᠷᠢᠮᠵᠢᠶ᠎ᠠ᠄ 2 ᠢᠮᠠᠬᠤ ᠵᠢᠨ ᠬᠥᠬᠡ ᠳᠡᠪᠢᠰᠬᠡᠷᠲᠦ ᠮᠠᠯᠠᠭ᠋ᠠᠢ ᠦᠭᠡᠢ ᠬᠡᠷᠡᠯ ᠵᠢᠷᠤᠭ᠂  ᠬᠡᠯᠪᠡᠷᠢ᠎ᠨᠢ PNG᠂ JPG ᠬᠡᠯᠪᠡᠷᠢ ᠪᠣᠯᠣᠨ᠎ᠠ᠂  ᠬᠡᠷᠡᠯ ᠵᠢᠷᠤᠭ᠎ᠤᠨ ᠬᠡᠮ ᠬᠡᠮᠵᠢᠶ᠎ᠡ᠎ᠨᠢ 402px×614px᠎ᠠᠴᠠ ᠪᠠᠭ᠎ᠠ ᠪᠠᠢ᠌ᠵᠤ ᠪᠣᠯᠬᠤ ᠦᠭᠡᠢ᠃  ᠭᠠᠷ ᠤᠲᠠᠰᠤᠨ᠎ᠤ ᠨᠣᠮᠧᠷ᠎ᠢ ᠵᠥᠪ ᠲᠠᠭᠯᠠᠵᠤ᠂  ᠰᠤᠷᠠᠭ ᠵᠠᠩᠭᠢ ᠵᠢ ᠭᠥᠯᠢᠶᠡᠨ ᠠᠪᠬᠤ ᠪᠤᠶᠤ ᠨᠢᠭᠤᠴᠠ ᠨᠣᠮᠧᠷ᠎ᠢ ᠳᠠᠭᠢᠵᠤ ᠲᠠᠭ᠋ᠠᠷᠠᠭᠤᠯᠬᠤ ᠦᠶ᠎ᠡ᠎ᠳᠤ ᠰᠢᠯᠭ᠋ᠠᠨ ᠪᠠᠲᠤᠯᠠᠬᠤ ᠨᠣᠮᠧᠷ᠎ᠢ ᠭᠥᠯᠢᠶᠡᠨ ᠠᠪᠬᠤ ᠬᠡᠷᠡᠭ᠎ᠲᠠᠢ)᠃  ᠰᠦᠯᠵᠢᠶᠡᠨ ᠭᠠᠳᠠᠨ᠎ᠠ ᠨᠡᠷ᠎ᠡ ᠮᠡᠳᠡᠭᠦᠯᠬᠦ ᠵᠢ ᠬᠦᠯᠢᠶᠡᠬᠦ ᠦᠭᠡᠢ᠃ 

      ᠨᠢᠭᠡᠴᠡ ᠵᠢᠨ ᠲᠠᠨᠢᠯᠴᠠᠭᠤᠯᠭ᠎ᠠ᠎ᠪᠠᠷ ᠳᠠᠮᠵᠢᠭᠰᠠᠨ ᠪᠠᠢ᠌ᠪᠠᠯ᠂  ᠲᠤᠰ  ᠨᠢᠭᠡᠴᠡ ᠵᠢᠨ ᠵᠶ᠋ᠡᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠭᠠᠷᠭ᠋ᠠᠭᠰᠠᠨ ᠲᠠᠮᠠᠭ᠎ᠠ  ᠳᠠᠷᠤᠭᠰᠠᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠠᠨᠠᠯ᠎ᠤᠨ ᠪᠢᠴᠢᠭ᠎ᠢ ᠵᠡᠷᠭᠡ᠎ᠳᠤᠨᠢ ᠳᠡᠭᠡᠭᠰᠢ ᠳᠠᠮᠵᠢᠭᠤᠯᠬᠤ ᠬᠡᠷᠡᠭᠲᠡᠢ᠃

      (ᠭᠤᠷᠪᠠ)  ᠬᠢᠷᠢ ᠬᠡᠮ᠎ᠤᠨ ᠬᠢᠨᠠᠨ  ᠪᠠᠢ᠌ᠴᠠᠭ᠋ᠠᠯᠲᠠ 

      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠡᠷᠬᠡ ᠲᠡᠭᠰᠢ᠂  ᠲᠥᠪ ᠭᠣᠥᠯᠴᠢ ᠪᠠᠢ᠌ᠬᠤ ᠵᠠᠷᠴᠢᠮ ᠶᠣᠰᠣᠭ᠋ᠠᠷ᠂  ᠨᠡᠷ᠎ᠡ ᠮᠡᠳᠡᠭᠦᠯᠦᠭᠰᠡᠳ᠎ᠲᠤ ᠬᠢᠷᠢ ᠬᠡᠮ᠎ᠤᠨ ᠬᠢᠨᠠᠨ ᠪᠠᠢ᠌ᠴᠠᠭ᠋ᠠᠯᠲᠠ ᠬᠢᠵᠦ᠂  ᠨᠡᠷ᠎ᠡ ᠮᠡᠳᠡᠭᠦᠯᠦᠭᠰᠡᠳ᠎ᠤᠨ ᠲᠤᠷᠰᠢᠯᠭ᠎ᠠ᠂  ᠴᠢᠳᠠᠪᠤᠷᠢ᠂  ᠲᠤᠬᠠᠢ᠌ᠯᠠᠭᠰᠠᠨ ᠠᠵᠢᠯ᠎ᠤᠨ ᠣᠨᠴᠠ ᠴᠢᠳᠠᠪᠤᠷᠢ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂  ᠤᠷᠢᠨ ᠲᠣᠮᠢᠯᠠᠬᠤ᠎ᠪᠠᠷ ᠪᠠᠢ᠌ᠭ᠎ᠠ ᠵᠢᠱ᠌ᠢᠭᠳᠡᠭᠴᠢ ᠵᠢᠨ ᠰᠢᠯᠢᠳᠡᠭ᠎ᠢ ᠰᠣᠩᠭᠣᠨ ᠲᠣᠭᠲᠠᠭ᠋ᠠᠨ᠎ᠠ᠃ 

      (ᠳᠥᠷᠪᠡ)  ᠢᠯᠡ ᠨᠡᠢ᠌ᠲᠡᠯᠡᠬᠦ

      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠰᠦᠯᠵᠢᠶᠡᠨ ᠥᠷᠲᠡᠭᠡ᠂  ᠰᠢᠨ᠎ᠡ ᠵᠠᠭᠤᠴᠢᠯᠠᠭᠤᠷ᠂  ᠰᠣᠨᠢᠨ ᠵᠡᠷᠭᠡ ᠵᠠᠭᠤᠴᠢᠯᠠᠭᠤᠷ ᠳᠡᠭᠡᠷ᠎ᠡ᠂  ᠤᠷᠢᠭᠳᠠᠬᠤ᠎ᠪᠠᠷ ᠪᠠᠢ᠌ᠭ᠎ᠠ ᠵᠢᠱ᠌ᠢᠭᠳᠡᠭᠴᠢ ᠵᠢ ᠨᠡᠢ᠌ᠭᠡᠮ ᠨᠡᠶ᠋ᠢᠲᠡ᠎ᠳᠤ ᠢᠯᠡ ᠨᠡᠢ᠌ᠲᠡᠯᠡᠨ᠎ᠡ᠂  ᠢᠯᠡ ᠨᠡᠢ᠌ᠲᠡᠯᠡᠬᠦ ᠬᠤᠭᠤᠴᠠᠭ᠎ᠠ᠎ᠨᠢ 10 ᠡᠳᠦᠷ ᠪᠣᠯᠣᠨ᠎ᠠ᠃ 

      (ᠲᠠᠪᠤ)  ᠤᠷᠢᠨ ᠲᠣᠮᠢᠯᠠᠬᠤ

ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ ᠳᠦᠭᠦᠷᠪᠡᠯ᠂  ᠮᠠᠷᠭᠤᠭ᠋ᠠᠨ ᠦᠭᠡᠢ ᠤᠷᠢᠨ ᠬᠡᠷᠡᠭᠯᠡᠬᠦ᠎ᠪᠠᠷ ᠪᠠᠢ᠌ᠭ᠎ᠠ ᠵᠢᠱ᠌ᠢᠭᠳᠡᠭᠴᠢ ᠵᠢᠨ ᠨᠡᠷ᠎ᠡ ᠵᠢᠨ ᠲᠠᠩᠰᠠ ᠵᠢ ᠨᠡᠢ᠌ᠭᠡᠮ᠎ᠳᠤ ᠵᠠᠷᠯᠠᠨ ᠨᠡᠢ᠌ᠲᠡᠯᠡᠨ᠎ᠡ᠃ 

      ᠵᠢᠷᠭᠤᠭ᠎ᠠ᠂  ᠤᠷᠢᠨ ᠲᠣᠮᠢᠯᠠᠬᠤ ᠬᠤᠭᠤᠴᠠᠭ᠎ᠠ

      ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ  ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ᠎ᠳᠤ ᠤᠷᠢᠨ ᠲᠣᠮᠢᠯᠠᠬᠤ ᠳᠦᠷᠢᠮ᠎ᠢ ᠬᠡᠷᠡᠭᠵᠢᠭᠦᠯᠵᠦ᠂  ᠲᠤᠰᠢᠶᠠᠯ᠎ᠤᠨ

ᠬᠤᠭᠤᠴᠠᠭ᠎ᠠ᠎ᠨᠢ 3 ᠵᠢᠯ ᠪᠣᠯᠣᠨ᠎ᠠ᠃  ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠦᠷᠭᠦᠯᠵᠢᠯᠡᠨ ᠤᠷᠢᠬᠤ ᠴᠢᠬᠤᠯᠠᠲᠠᠢ ᠪᠠᠢ᠌ᠪᠠᠯ᠂  ᠱᠠᠭ᠋ᠠᠷᠳᠠᠯᠭ᠎ᠠ ᠪᠠ ᠵᠢᠷᠤᠮ᠎ᠤᠨ ᠶᠣᠰᠣᠭ᠋ᠠᠷ ᠳᠠᠭᠢᠵᠤ ᠭᠦᠢ᠍ᠴᠡᠳᠬᠡᠨ᠎ᠡ᠂  ᠬᠤᠭᠤᠴᠠᠭ᠎ᠠ᠎ᠨᠢ ᠲᠤᠯᠤᠭᠰᠠᠨ ᠪᠠᠢ᠌ᠲᠠᠯ᠎ᠠ ᠦᠷᠭᠦᠯᠵᠢᠯᠡᠨ ᠤᠷᠢᠬᠤ ᠦᠭᠡᠢ ᠪᠣᠯ ᠥᠪᠡᠷ ᠵᠶ᠋ᠡᠨ ᠤᠷᠢᠬᠤ᠎ᠪᠠᠨ ᠵᠣᠭᠰᠣᠨ᠎ᠠ᠃ 

      ᠲᠤᠯᠤᠭ᠎ᠠ᠂  ᠪᠤᠰᠤᠳ ᠵᠦᠢ᠍ᠯ

      ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ  ᠨᠡᠢ᠌ᠭᠡᠮ᠎ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠨᠢ ᠡᠭᠦᠷᠭᠡ ᠵᠢᠨ ᠰᠢᠨᠵᠢ ᠴᠢᠨᠠᠷ᠎ᠲᠠᠢ᠂  ᠠᠵᠢᠯ᠎ᠤᠨ ᠬᠥᠯᠥᠰᠦ ᠣᠯᠭᠣᠮᠵᠢ ᠦᠭᠡᠢ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠣᠨᠴᠠ ᠤᠷᠢᠭᠰᠠᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠬᠦ᠎ᠳᠤ ᠴᠢᠬᠤᠯᠠ ᠪᠦᠬᠦᠢ ᠠᠵᠢᠯ᠎ᠤᠨ ᠪᠠᠲᠤᠯᠠᠭ᠎ᠠ ᠬᠠᠩᠭ᠋ᠠᠨ᠎ᠠ᠃ 

      ᠳᠠᠭ᠋ᠠᠯᠳᠤᠭᠤᠯᠤᠯ᠄ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢ ᠵᠢᠨ APP ᠤᠭᠰᠠᠷᠠᠬᠤ ᠫᠷᠣᠭ᠌ᠷᠠᠮ᠎ᠤᠨ ᠬᠣᠶᠠᠷ ᠬᠡᠮᠵᠢᠯᠲᠦ ᠺᠣᠳ᠋


1.png 


       ᠲᠠᠢ᠌ᠯᠪᠤᠷᠢ᠄ ᠠᠨ  ᠵᠦᠸᠸ ᠭᠠᠷ ᠤᠲᠠᠰᠤᠨ᠎ᠤ ᠬᠠᠢ᠌ᠭᠤᠷ ᠵᠶ᠋ᠠᠷ ᠲᠣᠰ ᠬᠣᠶᠠᠷ ᠬᠡᠮᠵᠢᠯᠲᠦ ᠺᠣᠳ᠋᠎ᠢ ᠰᠢᠷᠪᠢᠭᠡᠷᠡᠢ᠃ 

        

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                            2025 ᠣᠨ᠎ᠤ 4 ᠰᠠᠷ᠎ᠠ ᠵᠢᠨ 23᠎ᠤ ᠡᠳᠦᠷ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            