ᠲᠤᠰᠬᠠᠢ ᠮᠡᠷᠭᠡᠵᠢᠯᠲᠡᠨ ᠡᠷᠳᠡᠮᠲᠡᠳ᠎ᠤᠨ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠳᠤᠮᠳᠠᠬᠢ ᠣᠶᠤᠨ᠎ᠤ ᠳᠡᠮᠵᠢᠯᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ ᠰᠠᠢ᠌ᠵᠢᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠤᠯᠠᠮ ᠨᠢᠭᠡ ᠠᠯᠬᠤᠮ ᠠᠬᠢᠭᠤᠯᠤᠨ᠂ ᠬᠠᠤᠯᠢ ᠲᠣᠭᠲᠠᠭ᠋ᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠦᠨᠡᠨᠬᠦ ᠳᠡᠭᠡᠭᠰᠢᠯᠡᠭᠦᠯᠬᠦ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠲᠣᠬᠢᠷᠠᠭᠤᠯᠤᠯᠲᠠ ᠬᠢᠬᠦ᠎ᠪᠠᠷ ᠪᠣᠶ᠃ ᠬᠤᠪᠢ ᠬᠥᠮᠥᠨ ᠭᠤᠶᠤᠴᠢᠯᠠᠬᠤ᠂ ᠨᠢᠭᠡᠴᠡ᠎ᠠᠴᠠ ᠲᠠᠨᠢᠯᠴᠠᠭᠤᠯᠬᠤ᠂ ᠬᠢᠷᠢ ᠬᠡᠮ᠎ᠢ ᠬᠢᠨᠠᠨ ᠪᠠᠢ᠌ᠴᠠᠭ᠋ᠠᠬᠤ ᠪᠠ ᠰᠤᠳᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠳ᠋ᠢᠩ ᠸᠸᠨ ᠶᠢᠩ ᠵᠡᠷᠭᠡ 152 ᠨᠥᠬᠥᠷ᠎ᠢ ᠬᠠᠤᠯᠢ ᠲᠤᠭᠳᠠᠭ᠋ᠠᠬᠤ ᠲᠤᠰᠬᠠᠢ ᠮᠡᠷᠭᠡᠵᠢᠯᠳᠡᠨ᠎ᠤ ᠬᠦᠮᠦᠷᠭᠡ᠎ᠳᠤ ᠰᠤᠩᠭᠤᠨ ᠤᠷᠤᠭᠤᠯᠬᠤ᠎ᠪᠠᠷ ᠪᠠᠢ᠌ᠭ᠎ᠠ ᠲᠤᠰᠬᠠᠢ ᠮᠡᠷᠭᠡᠵᠢᠯᠲᠡᠨ ᠵᠶ᠋ᠡᠷ ᠲᠣᠭᠲᠠᠭ᠋ᠠᠬᠤ᠎ᠪᠠᠷ ᠪᠣᠶ᠂ ᠣᠲᠣ ᠵᠠᠷᠯᠠᠨ ᠨᠡᠢ᠌ᠲᠡᠯᠡᠶ᠎ᠡ᠃
ᠵᠠᠷᠯᠠᠨ ᠨᠡᠢ᠌ᠲᠡᠯᠡᠬᠦ ᠴᠠᠭ᠎ᠨᠢ 2025 ᠣᠨ᠎ᠤ 5 ᠰᠠᠷ᠎ᠠ ᠵᠢᠨ 28᠎ᠤ ᠡᠳᠦᠷ᠎ᠠᠴᠠ 6 ᠰᠠᠷ᠎ᠠ ᠵᠢᠨ 4᠎ᠤ ᠡᠳᠦᠷ ᠪᠣᠯᠲᠠᠯ᠎ᠠ ᠪᠣᠯᠣᠨ᠎ᠠ᠃ ᠢᠯᠡ ᠨᠡᠢ᠌ᠲᠡᠯᠡᠬᠦ ᠬᠤᠭᠤᠴᠠᠭ᠋ᠠᠨ᠎ᠳᠤ᠂ ᠬᠡᠷᠪᠡ ᠢᠯᠡ ᠨᠡᠢ᠌ᠲᠡᠯᠡᠬᠦ ᠵᠢᠱ᠌ᠢᠭᠳᠡᠭᠴᠢ᠎ᠳᠤ ᠣᠨᠳᠣᠣ ᠰᠠᠨᠠᠯ᠎ᠲᠠᠢ ᠪᠠᠢ᠌ᠪᠠᠯ᠂ ᠴᠠᠭ ᠲᠤᠬᠠᠢᠳᠤᠨᠢ ᠵᠠᠬᠢᠳᠠᠯ᠂ ᠤᠲᠠᠰᠤ᠂ ᠹᠠᠺᠰ᠂ ᠢᠮᠧᠯ ᠵᠡᠷᠭᠡ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠲᠤᠰᠬᠠᠭ᠋ᠠᠷᠠᠢ᠃
ᠬᠠᠷᠢᠯᠴᠠᠬᠤ ᠤᠲᠠᠰᠤ᠄ 0471—5301382 (ᠹᠠᠺᠰ)
ᠢᠮᠧᠯ᠄ nmgsftlfyc@163.com
ᠰᠢᠤᠳᠠᠨ ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ
15 ᠳ᠋ᠤᠭ᠋ᠠᠷ ᠨᠣᠮᠧᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2025 ᠣᠨ᠎ᠤ 5 ᠰᠠᠷ᠎ᠠ ᠵᠢᠨ 27᠎ᠤ ᠡᠳᠦᠷ