ᠰᠢᠨᠬᠤᠸᠠ ᠬᠤᠷᠢᠶᠠᠨ᠎ᠤ ᠪᠡᠭᠡᠵᠢᠩ᠎ᠤᠨ 11 ᠳ᠋ᠦ᠍ᠭᠡᠷ ᠰᠠᠷ᠎ᠠ ᠵᠢᠨ 15᠎ᠤ ᠡᠳᠦᠷ᠎ᠤᠨ ᠴᠠᠬᠢᠯᠭ᠋ᠠᠨ ᠮᠡᠳᠡᠭᠡ
ᠰᠡᠳᠦᠪ᠄ ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠵᠦᠸᠧ ᠯᠦᠨ ᠢᠦᠢ ᠵᠢᠶᠠ ᠰᠢᠨ ᠵᠧᠩ ᠮᠢᠩ ᠳ᠋ᠡ
11 ᠳ᠋ᠦ᠍ᠭᠡᠷ ᠰᠠᠷ᠎ᠠ ᠵᠢᠨ 15᠎ᠤ ᠡᠳᠦᠷ᠂ ᠣᠷᠣᠨ ᠪᠦᠰᠡ ᠵᠢᠨ ᠪᠥᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (RCEP) ᠲᠣᠭᠲᠠᠪᠠ᠃ 8 ᠵᠢᠯ᠎ᠤᠨ ᠬᠡᠯᠡᠯᠴᠡᠭᠡ᠎ᠪᠠᠷ ᠳᠠᠮᠵᠢᠨ᠂ ᠪᠦᠬᠦ ᠪᠥᠮᠪᠥᠷᠴᠡᠭ᠎ᠤᠨ ᠬᠠᠮᠤᠭ᠎ᠤᠨ ᠶᠡᠭᠡ ᠴᠢᠯᠦᠭᠡᠲᠦ ᠠᠷᠠᠯᠵᠢᠶᠠᠨ᠎ᠤ ᠣᠷᠣᠨ ᠡᠴᠦᠰ᠎ᠲᠤ᠎ᠪᠠᠨ ᠮᠡᠨᠳᠦᠯᠡᠭᠰᠡᠨ ᠵᠶ᠋ᠠᠨ ᠲᠤᠩᠬᠠᠭᠯᠠᠵᠤ᠂ ᠵᠢᠩᠬᠢᠨᠢ᠎ᠪᠠᠷ ᠠᠶᠠᠯᠠᠯ ᠵᠶ᠋ᠠᠨ ᠡᠬᠢᠯᠡᠭᠦᠯᠪᠡ᠃
ᠬᠠᠮᠤᠷᠬᠤ ᠬᠥᠮᠦᠨ ᠠᠮᠠ ᠵᠢᠨ ᠲᠤᠭ᠎ᠠ ᠬᠠᠮᠤᠭ᠎ᠤᠨ ᠣᠯᠠᠨ᠂ ᠪᠦᠷᠢᠯᠳᠦᠬᠦᠨ᠎ᠤ ᠪᠦᠲᠦᠴᠡ ᠬᠠᠮᠤᠭ᠎ᠤᠨ ᠣᠯᠠᠨ ᠡᠰᠢᠵᠢᠭᠰᠡᠨ᠂ ᠬᠥᠭᠵᠢᠯᠲᠡ ᠵᠢᠨ ᠳᠠᠯᠳᠠ ᠬᠦᠴᠦᠨ ᠵᠶ᠋ᠠᠷ ᠬᠠᠮᠤᠭ᠎ᠤᠨ ᠶᠡᠭᠡ ᠁ RCEP᠎ᠲᠤ ᠭᠠᠷᠤᠨ ᠦᠰᠦᠭ ᠵᠢᠷᠤᠭᠰᠠᠨ᠎ᠨᠢ᠂ ᠭᠠᠵᠠᠷ ᠣᠷᠣᠨ᠂ ᠳᠡᠯᠡᠬᠡᠢ᠂ ᠳᠤᠮᠳᠠᠳᠤ ᠤᠯᠤᠰ᠎ᠲᠤ ᠶᠠᠮᠠᠷ ᠴᠢᠬᠤᠯᠠ ᠶᠡᠭᠡ ᠠᠴᠢ ᠬᠤᠯᠪᠣᠭᠳᠠᠯ᠎ᠲᠠᠢ ᠪᠤᠢ?

ᠡᠨᠡ ᠪᠣᠯ 11 ᠳ᠋ᠦ᠍ᠭᠡᠷ ᠰᠠᠷ᠎ᠠ ᠵᠢᠨ 11᠎ᠤ ᠡᠳᠦᠷ ᠰᠡᠭᠦᠳᠡᠷᠯᠡᠭᠰᠡᠨ ᠳᠤᠮᠳᠠᠳᠤ ᠤᠯᠤᠰ (ᠱᠠᠩᠬᠠᠶ)᠎ᠤᠨ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠲᠡᠮᠳᠡᠭᠲᠦ ᠡᠭᠦᠳᠡ ᠪᠣᠯᠤᠨ᠎ᠠ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠹᠠᠩ ᠵᠧ ᠰᠡᠭᠦᠳᠡᠷᠯᠡᠪᠡ
ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ᠎ᠤ ᠢᠯᠠᠯᠲᠠ
ᠡᠨᠡ ᠤᠳᠠᠭ᠎ᠠ RCEP᠎ᠲᠤ ᠭᠠᠷᠤᠨ ᠦᠰᠦᠭ ᠵᠢᠷᠤᠭᠰᠠᠨ ᠪᠦᠷᠢᠯᠳᠦᠬᠦᠨ ᠤᠯᠤᠰ ᠨᠡᠶ᠋ᠢᠲᠡ 15 ᠪᠣᠢ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠋ᠠᠨ᠎ᠤ 10 ᠤᠯᠤᠰ ᠪᠣᠯᠤᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ ᠤᠯᠤᠰ᠎ᠢ ᠪᠠᠭᠲᠠᠭ᠋ᠠᠵᠠᠢ᠂ ᠪᠦᠬᠦ ᠬᠥᠮᠦᠨ ᠠᠮᠠ 22.7 ᠳ᠋ᠦᠩᠰᠢᠭᠤᠷ᠎ᠲᠤ ᠬᠦᠷᠴᠦ᠂ GDP᠎ᠨᠢ 26 ᠲᠦᠮᠡᠨ ᠳ᠋ᠦᠩᠰᠢᠭᠤᠷ ᠳ᠋ᠣᠯᠯᠠᠷ᠎ᠲᠤ ᠬᠦᠷᠴᠦ᠂ ᠭᠠᠳᠠᠭ᠋ᠠᠳᠤ ᠭᠠᠷᠭ᠋ᠠᠯᠲᠠ ᠵᠢᠨ ᠶᠡᠷᠦᠩᠬᠡᠢ ᠵᠣᠭᠤᠰ᠎ᠤᠨ ᠲᠤᠭ᠎ᠠ 5.2 ᠲᠦᠮᠡᠨ ᠳ᠋ᠦᠩᠰᠢᠭᠤᠷ ᠳ᠋ᠣᠯᠯᠠᠷ᠎ᠲᠤ ᠬᠦᠷᠴᠦ᠂ ᠴᠥᠮ ᠪᠦᠬᠦ ᠪᠥᠮᠪᠥᠷᠴᠡᠭ᠎ᠤᠨ ᠶᠡᠷᠦᠩᠬᠡᠶ ᠬᠡᠮᠵᠢᠶᠡᠨ᠎ᠤ ᠪᠠᠷᠤᠭ 30% ᠵᠢ ᠡᠵᠡᠯᠡᠵᠡᠢ᠃ RCEP ᠴᠢᠯᠥᠭᠡᠲᠦ ᠠᠷᠠᠯᠵᠢᠶᠠᠨ᠎ᠤ ᠣᠷᠣᠨ ᠪᠠᠶ᠋ᠢᠭᠤᠯᠤᠭᠳᠠᠭᠰᠠᠨ᠎ᠨᠢ ᠪᠦᠬᠦ ᠪᠥᠮᠪᠥᠷᠴᠡᠭ᠎ᠤᠨ ᠪᠠᠷᠤᠭ ᠭᠤᠷᠪᠠᠨ᠎ᠤ ᠨᠢᠭᠡ ᠬᠤᠪᠢ ᠵᠢᠨ ᠠᠵᠤ ᠠᠬᠤᠢ ᠵᠢᠨ ᠪᠠᠭᠲᠠᠭ᠋ᠠᠮᠵᠢ ᠨᠢᠭᠡ ᠴᠣᠭᠴᠠᠵᠢᠭᠰᠠᠨ ᠲᠣᠮᠣ ᠵᠠᠬ᠎ᠠ ᠳᠡᠯᠭᠡᠭᠦᠷ ᠪᠣᠯᠵᠤ ᠪᠦᠷᠢᠯᠳᠦᠭᠰᠡᠨ᠎ᠢ ᠬᠠᠷᠠᠭᠤᠯᠵᠤ ᠪᠠᠶ᠋ᠢᠨ᠎ᠠ᠃
ᠡᠶ᠋ᠢᠮᠦᠷᠬᠦᠤ ᠲᠣᠮᠣ ᠵᠠᠬ᠎ᠠ ᠳᠡᠯᠭᠡᠭᠦᠷ ᠬᠢᠯᠪᠠᠷ ᠪᠤᠰᠤ᠎ᠪᠠᠷ ᠢᠷᠡᠭᠰᠡᠨ ᠶᠤᠮ — RCEP᠎ᠢ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ 2012 ᠣᠨ᠎ᠳᠤ ᠡᠭᠦᠰᠬᠡᠵᠦ᠂ 8 ᠵᠢᠯ᠎ᠤᠨ ᠬᠤᠭᠤᠴᠠᠭ᠋ᠠᠨ᠎ᠳᠤ 31 ᠡᠭᠡᠯᠵᠢ ᠵᠢᠨ ᠵᠢᠩᠬᠢᠨᠢ ᠬᠡᠯᠡᠯᠴᠡᠭᠡ᠎ᠪᠠᠷ ᠳᠠᠮᠵᠢᠨ᠂ ᠢᠯᠠᠩᠭᠤᠶ᠎ᠠ ᠡᠨᠡ ᠵᠢᠯ᠎ᠠᠴᠠ ᠨᠠᠭ᠋ᠠᠰᠢ᠂ ᠡᠯ᠎ᠡ ᠪᠦᠷᠢᠯᠳᠦᠬᠦᠨ ᠤᠯᠤᠰ ᠰᠢᠨ᠎ᠡ ᠲᠢᠲᠢᠮᠯᠡᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠯᠤᠲᠤ ᠶᠡᠭᠡ ᠬᠦᠴᠢᠷᠳᠡᠯ᠎ᠢ ᠢᠯᠠᠨ ᠳᠠᠪᠠᠵᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠡᠯᠡᠯᠴᠡᠭᠡ ᠵᠢ ᠪᠦᠬᠦ ᠲᠠᠯ᠎ᠠ᠎ᠪᠠᠷ ᠪᠡᠶᠡᠯᠡᠭᠦᠯᠦᠭᠰᠡᠨ ᠪᠦᠭᠡᠳ 1.4 ᠲᠦᠮᠡ ᠭᠠᠷᠤᠶ ᠬᠠᠭᠤᠳᠠᠰᠤ ᠪᠢᠴᠢᠭ ᠮᠠᠲ᠋ᠧᠷᠢᠶᠠᠯ᠎ᠢ ᠬᠠᠤᠯᠢ ᠴᠠᠭ᠋ᠠᠵᠠ᠎ᠪᠠᠷ ᠬᠢᠨᠠᠨ ᠬᠠᠷᠭᠤᠭᠤᠯᠬᠤ ᠠᠵᠢᠯ᠎ᠢ ᠪᠡᠶᠡᠯᠡᠭᠦᠯᠵᠦ᠂ ᠡᠴᠦᠰ᠎ᠲᠤ᠎ᠪᠠᠨ ᠳᠥᠷᠪᠡᠳᠦᠭᠡᠷ ᠤᠳᠠᠭ᠋ᠠᠨ᠎ᠤ ᠤᠳᠤᠷᠢᠳᠬᠤ ᠬᠥᠮᠦᠰ᠎ᠤᠨ ᠬᠤᠷᠠᠯᠳᠤᠭ᠋ᠠᠨ᠎ᠤ ᠬᠤᠭᠤᠴᠠᠭ᠋ᠠᠨ᠎ᠳᠤ ᠲᠣᠭᠲᠠᠭᠰᠠᠨ ᠴᠠᠭ ᠶᠣᠰᠣᠭ᠋ᠠᠷ ᠬᠡᠯᠡᠯᠴᠡᠭᠡᠷ᠎ᠲᠤ ᠭᠠᠷᠤᠨ ᠦᠰᠦᠭ ᠵᠢᠷᠤᠭᠰᠠᠨ ᠶᠠᠪᠤᠳᠠᠯ᠎ᠨᠢ ᠵᠡᠭᠦᠨ ᠠᠽᠢᠶ᠎ᠠ ᠵᠢᠨ ᠠᠵᠤ ᠠᠬᠤᠶ ᠵᠢᠨ ᠨᠢᠭᠡ ᠴᠣᠭᠴᠠᠵᠢᠭᠰᠠᠨ ᠪᠦᠲᠦᠭᠡᠨ ᠪᠠᠶ᠋ᠢᠭᠤᠯᠤᠯᠲᠠ ᠵᠢᠨ 20 ᠰᠢᠬᠠᠮ ᠵᠢᠯ᠎ᠤᠨ ᠲᠤᠷᠰᠢᠬᠢ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯᠤᠭᠰᠠᠨ ᠪᠠᠶ᠋ᠢᠨ᠎ᠠ᠃
ᠣᠶ᠋ᠢᠯᠠᠭ᠋ᠠᠭᠰᠠᠨ ᠵᠶ᠋ᠠᠷ᠂ RCEP᠎ᠨᠢ 15 ᠪᠦᠷᠢᠯᠳᠦᠬᠦᠨ ᠤᠯᠤᠰ ᠴᠥᠮ ᠪᠣᠭᠤᠮᠲᠠ ᠵᠢᠨ ᠭᠠᠶ᠋ᠢᠯᠢ ᠵᠢ ᠪᠠᠭᠤᠷᠠᠭᠤᠯᠬᠤ᠂ ᠵᠠᠬ᠎ᠠ ᠳᠡᠯᠭᠡᠭᠦᠷ᠎ᠢ ᠨᠡᠭᠡᠭᠡᠬᠦ᠂ ᠪᠠᠷᠢᠮᠵᠢᠶᠠᠲᠤ ᠬᠤᠷᠢᠭ᠎ᠠ ᠵᠢ ᠪᠠᠭ᠋ᠠᠰᠬᠠᠬᠤ᠎ᠪᠠᠷ ᠠᠮᠠᠯᠳᠠᠬᠤ ᠵᠢ ᠱᠠᠭ᠋ᠠᠷᠳᠠᠪᠠ᠃ ᠺᠣᠷᠢᠶᠠ ᠵᠢᠨ ᠵᠠᠭᠤᠴᠢᠯᠠᠭᠤᠷ᠎ᠤᠨ ᠵᠢᠱ᠌ᠢᠭᠰᠡᠨ ᠵᠶ᠋ᠠᠷ᠂ RCEP ᠬᠦᠴᠦᠨ᠎ᠲᠠᠢ ᠪᠣᠯᠤᠭᠰᠠᠨ᠎ᠤ ᠳᠠᠷᠠᠭ᠎ᠠ᠂ ᠺᠣᠷᠢᠶᠠ ᠵᠢᠨ ᠢᠨᠳᠣᠨᠧᠰᠢᠶ᠎ᠠ᠎ᠳᠤ ᠭᠠᠷᠭ᠋ᠠᠬᠤ ᠮᠠᠰᠢᠨ ᠲᠡᠷᠭᠡᠨ᠎ᠤ ᠰᠡᠯᠪᠢᠭ ᠲᠣᠨᠤᠭ᠎ᠤᠨ ᠪᠣᠭᠤᠮᠲᠠ ᠵᠢᠨ ᠭᠠᠶ᠋ᠢᠯᠢ᠎ᠨᠢ ᠣᠳᠣᠬᠠᠨ᠎ᠤ 40%᠎ᠠᠴᠠ ᠳᠣᠷᠣᠭᠰᠢᠯᠠᠭ᠋ᠠᠳ ᠲᠡᠭ ᠪᠣᠯᠬᠤ ᠪᠣᠯᠤᠮᠵᠢ᠎ᠲᠠᠢ ᠪᠠᠶ᠋ᠢᠨ᠎ᠠ᠃

ᠡᠨᠡ ᠪᠣᠯ 11 ᠳ᠋ᠦ᠍ᠭᠡᠷ ᠰᠠᠷ᠎ᠠ ᠵᠢᠨ 3᠎ᠤ ᠡᠳᠦᠷ ᠰᠡᠭᠦᠳᠡᠷᠯᠡᠭᠰᠡᠨ ᠱᠠᠩᠬᠠᠶ ᠵᠢᠨ ᠶᠠᠩ ᠱᠠᠨ ᠭᠠᠷᠠᠮ᠎ᠤᠨ ᠴᠢᠩᠭᠡᠯᠢᠭ᠎ᠤᠨ ᠭᠠᠷᠠᠮ ᠪᠣᠯᠤᠨ᠎ᠠ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠰᠢᠶᠠᠩ ᠰᠡᠭᠦᠳᠡᠷᠯᠡᠪᠡ
ᠳᠤᠮᠳᠠᠳᠤ ᠤᠯᠤᠰ᠎ᠤᠨ ᠤᠯᠠᠨ ᠤᠯᠤᠰ᠎ᠤᠨ ᠠᠰᠠᠭᠤᠳᠠᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠪᠠᠶ᠋ᠢᠩᠭᠤ ᠵᠢᠨ ᠳᠡᠳ᠋ ᠳᠠᠷᠤᠭ᠎ᠠ ᠷᠤᠸᠠᠨ ᠽᠦᠩ ᠽᠧ ᠡᠨᠡ ᠬᠦ᠌ ᠬᠡᠯᠡᠯᠴᠡᠭᠡᠷ᠎ᠲᠤ ᠭᠠᠷᠤᠨ ᠦᠰᠦᠭ ᠵᠢᠷᠤᠭᠰᠠᠨ ᠶᠠᠪᠤᠳᠠᠯ᠎ᠢ 《ᠵᠠᠩᠭᠢᠯᠠᠭ᠎ᠠ ᠴᠢᠨᠠᠷᠲᠠᠢ ᠮᠥᠷᠲᠡᠭᠡᠨ ᠴᠠᠭ᠎ᠲᠤ᠎ᠪᠠᠨ ᠶᠠᠪᠤᠭᠳᠠᠪᠠ》 ᠭᠡᠵᠦ ᠳᠦᠷᠰᠦᠯᠡᠪᠡ᠃ 《ᠬᠢᠵᠢᠭ᠎ᠤᠨ ᠪᠠᠶ᠋ᠢᠳᠠᠯ ᠰᠠᠮᠠᠭᠤᠷᠠᠵᠤ᠂ ᠳᠡᠯᠡᠬᠡᠶ ᠵᠢᠨ ᠠᠵᠤ ᠠᠬᠤᠶ ᠬᠦᠨᠳᠦ ᠨᠣᠴᠢᠲᠠᠶ ᠮᠠᠭᠤᠳᠠᠨ᠂ ᠣᠯᠠᠨ ᠤᠯᠤᠰ᠎ᠤᠨ ᠠᠷᠠᠯᠵᠢᠶᠠᠨ᠎ᠤ ᠪᠡᠯᠡ ᠣᠷᠣᠭᠤᠯᠤᠯᠲᠠ ᠪᠠᠭ᠋ᠠᠰᠴᠤ᠂ ᠬᠠᠮᠠᠭ᠋ᠠᠯᠠᠬᠤ ᠦᠵᠡᠯ ᠭᠠᠭᠴᠠ ᠲᠠᠯᠠᠲᠤ ᠦᠵᠡᠯ ᠰᠢᠷᠦᠭᠦᠰᠴᠦ ᠪᠠᠶ᠋ᠢᠭ᠎ᠠ ᠣᠨᠴᠠᠭ᠋ᠠᠢ ᠠᠬᠤᠶ ᠪᠠᠶ᠋ᠢᠳᠠᠯ ᠳᠣᠤᠷ᠎ᠠ᠂ ᠡᠯ᠎ᠡ ᠲᠠᠯ᠎ᠠ ᠵᠢᠨ᠎ᠬᠢᠨ RCEP ᠵᠢᠨ ᠲᠤᠬᠠᠶ ᠬᠠᠮᠲᠤ ᠵᠢᠨ ᠲᠠᠨᠢᠯᠲᠠ᠎ᠲᠠᠢ ᠪᠣᠯᠵᠤ᠂ ᠣᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶᠠᠨ᠎ᠤ ᠢᠯᠠᠯᠲᠠ ᠵᠢ ᠲᠤᠩᠬᠠᠭᠯᠠᠵᠤ᠂ ᠡᠯ᠎ᠡ ᠲᠠᠯ᠎ᠠ ᠵᠢᠨ᠎ᠬᠢᠨ ᠠᠵᠤ ᠠᠬᠤᠢ ᠵᠢᠨ ᠨᠡᠮᠡᠭᠳᠡᠯ᠎ᠳᠤ ᠢᠲᠡᠭᠡᠯ ᠵᠣᠷᠢᠭ ᠵᠶ᠋ᠠᠨ ᠬᠥᠪᠴᠢᠯᠡᠪᠡ》 ᠭᠡᠪᠡ᠃
ᠵᠠᠳᠠᠯᠤᠭᠴᠢᠳ ᠵᠢᠭ᠋ᠠᠵᠤ ᠭᠠᠷᠭ᠋ᠠᠭᠰᠠᠨ᠎ᠨᠢ᠂ RCEP᠎ᠨᠢ ᠵᠡᠭᠦᠨ ᠠᠽᠢᠶ᠎ᠠ ᠵᠢᠨ ᠭᠠᠵᠠᠷ ᠣᠷᠣᠨ᠎ᠤ ᠭᠤᠣᠯ ᠪᠣᠯᠬᠤ ᠤᠯᠤᠰ᠎ᠢ ᠬᠠᠮᠤᠷᠴᠤ᠂ ᠣᠷᠣᠨ ᠪᠦᠰᠡ ᠪᠣᠯᠤᠨ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠭᠡᠪᠡ᠃ ᠣᠯᠠᠨ ᠤᠯᠤᠰ᠎ᠤᠨ ᠨᠠᠷᠠᠲᠤ ᠣᠶᠤᠨ᠎ᠤ ᠬᠥᠮᠥᠷᠭᠡ ᠵᠢᠨ ᠲᠥᠰᠦᠭᠡᠯᠡᠨ ᠪᠤᠳᠤᠭᠰᠠᠨ ᠵᠶ᠋ᠠᠷ᠂ 2025 ᠣᠨ ᠪᠣᠯᠬᠤ᠎ᠳᠤ᠂ RCEP᠎ᠨᠢ ᠪᠦᠷᠢᠯᠳᠦᠬᠦᠨ ᠤᠯᠤᠰ᠎ᠤᠨ ᠵᠶ᠋ᠠᠨ ᠭᠠᠳᠠᠭ᠋ᠠᠳᠤ ᠭᠠᠷᠭ᠋ᠠᠯᠲᠠ᠂ ᠭᠠᠳᠠᠭ᠋ᠠᠳᠤ ᠪᠠᠯᠠ ᠣᠷᠣᠭᠤᠯᠤᠯᠲᠠ ᠵᠢᠨ ᠬᠠᠳᠠᠭ᠋ᠠᠯᠠᠮᠵᠢ ᠵᠢᠨ ᠬᠡᠮᠵᠢᠶ᠎ᠡ᠂ GDP ᠵᠢ ᠳᠠᠶ᠋ᠢᠴᠢᠯᠠᠬᠤ᠎ᠨᠢ ᠰᠠᠭᠤᠷᠢ ᠱᠤᠭᠤᠮ᠎ᠠᠴᠠ ᠲᠣᠰ ᠲᠣᠰ 10.4%᠂ 2.6%᠂ 1.8% ᠢᠯᠡᠭᠦᠦ ᠨᠡᠮᠡᠭᠳᠡᠭᠦᠯᠬᠦ ᠡᠷᠡᠮᠡᠯᠵᠡᠯ᠎ᠲᠠᠢ ᠪᠠᠶ᠋ᠢᠨ᠎ᠠ ᠭᠡᠪᠡ᠃
ᠳᠡᠯᠡᠬᠡᠢ ᠳ᠋ᠠᠬᠢᠨ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠳᠤ ᠲᠤᠯᠭ᠋ᠠᠷᠠᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠨᠢ ᠳᠡᠯᠡᠬᠡᠢ ᠵᠢᠨ ᠠᠵᠤ ᠠᠬᠤᠢ ᠵᠢᠨ ᠬᠥᠭᠵᠢᠯᠲᠡ᠎ᠳᠤ ᠮᠠᠰᠢ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃ ᠷᠤᠸᠠᠨ ᠽᠦᠩ ᠽᠧ ᠬᠡᠯᠡᠬᠦ᠎ᠳᠤ᠎ᠪᠠᠨ᠂ RCEP ᠲᠣᠭᠲᠠᠭᠰᠠᠨ᠎ᠨᠢ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠴᠢᠯᠥᠭᠡᠲᠦ ᠠᠷᠠᠯᠵᠢᠶᠠᠨ᠎ᠤ ᠣᠷᠣᠨ (FTAAP)᠎ᠤ ᠠᠬᠢᠴᠠ᠎ᠳᠤ ᠪᠡᠶᠡᠯᠡᠭᠳᠡᠯ᠎ᠤᠨ ᠵᠠᠮ ᠮᠥᠷ᠎ᠢ ᠣᠯᠭᠤᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠤᠶ᠋ᠢᠰᠢᠳᠠ ᠵᠢᠨ ᠪᠦᠬᠦ ᠪᠥᠮᠪᠥᠷᠴᠡᠭ᠎ᠤᠨ ᠬᠥᠭᠵᠢᠯᠲᠡ ᠵᠢᠨ ᠪᠠᠶ᠋ᠢᠷᠢᠰᠢᠯ᠎ᠳᠠᠬᠢ ᠬᠤᠪᠢ ᠵᠢᠨ ᠵᠢᠩ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠳᠡᠭ᠎ᠢ ᠲᠥᠰᠥᠭᠡᠯᠡᠨ ᠮᠡᠳᠡᠵᠦ ᠪᠣᠯᠣᠨ᠎ᠠ ᠭᠡᠵᠡᠢ᠃

ᠥᠩᠬᠦᠷᠢᠭᠦᠯ ᠲᠡᠭᠡᠭᠡᠪᠦᠷᠢ᠎ᠲᠦ ᠪᠠᠷᠠᠭ᠎ᠠ ᠵᠢᠨ ᠣᠩᠭᠤᠴᠠ 《ᠯᠣᠣᠯᠠ》 ᠬᠠᠶ᠋ᠢᠺᠸᠤ ᠵᠢᠨ ᠰᠢᠤ ᠢᠩ ᠭᠠᠷᠠᠮ᠎ᠳᠤ ᠣᠷᠣᠵᠤ ᠢᠷᠡᠪᠡ᠂ ᠡᠨᠡ ᠪᠣᠯ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠣᠷᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢᠬᠢ ᠠᠩᠬᠠᠳᠠᠭᠴᠢ ᠮᠠᠰᠢᠨ ᠲᠡᠷᠭᠡᠨ᠎ᠤ ᠭᠠᠳᠠᠭ᠋ᠠᠳᠤ ᠠᠷᠠᠯᠵᠢᠶᠠᠨ᠎ᠤ ᠣᠩᠭᠤᠴᠠ ᠪᠣᠯᠤᠨ᠎ᠠ (2 ᠳ᠋ᠤᠭ᠋ᠠᠷ ᠰᠠᠷ᠎ᠠ ᠵᠢᠨ 16᠎ᠤ ᠡᠳᠦᠷ ᠵᠢᠯᠣᠭᠤᠴᠢ ᠦᠭᠡᠢ ᠨᠢᠰᠬᠡᠯ ᠵᠶ᠋ᠠᠷ ᠰᠡᠭᠦᠳᠡᠷᠯᠡᠪᠡ)᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠠᠩ ᠭᠤᠸᠠᠨ ᠢᠦᠶ ᠰᠡᠭᠦᠳᠡᠷᠯᠡᠪᠡ
ᠴᠢᠨᠠᠷ ᠰᠠᠶ᠋ᠢᠲᠠᠶ ᠪᠠ ᠪᠠᠭᠲᠠᠭ᠋ᠠᠮᠵᠢᠲᠤ ᠴᠢᠨᠠᠷ᠎ᠤᠨ ᠨᠢᠭᠡᠳᠦᠯ
ᠣᠶ᠋ᠢᠯᠠᠭ᠋ᠠᠭᠰᠠᠨ ᠵᠶ᠋ᠠᠷ᠂ RCEP᠎ᠨᠢ ᠣᠷᠣᠰᠢᠯ᠂ 20 ᠪᠦᠯᠦᠭ (ᠭᠤᠤᠯᠳᠠᠭᠤ ᠪᠠᠷᠠᠭ᠋ᠠᠨ᠎ᠤ ᠠᠷᠠᠯᠵᠢᠶ᠎ᠠ᠂ ᠣᠭ ᠭᠠᠷᠤᠯᠲᠠ ᠵᠢᠨ ᠣᠷᠣᠨ᠎ᠤ ᠲᠦᠷᠢᠮ᠂ ᠪᠣᠭᠤᠮᠲᠠ ᠵᠢᠨ ᠳᠡᠰ ᠳᠠᠷᠠᠭ᠋ᠠᠯᠠᠯ ᠪᠠ ᠠᠷᠠᠯᠵᠢᠶ᠎ᠠ ᠵᠢ ᠳᠥᠭᠦᠮᠴᠢᠯᠡᠬᠦ᠂ ᠠᠷᠠᠯᠵᠢᠶᠠᠨ᠎ᠤ ᠲᠡᠳᠬᠦᠮᠵᠢ᠂ ᠦᠢ᠍ᠯᠡᠴᠢᠯᠡᠭᠡᠨ᠎ᠤ ᠠᠷᠠᠯᠵᠢᠶ᠎ᠠ ᠵᠡᠷᠭᠡ ᠪᠠᠭᠲᠠᠨ᠎ᠠ) ᠵᠢᠴᠢ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠠᠮᠠᠯᠠᠯᠲᠠ ᠵᠢᠨ ᠳᠥᠷᠪᠡᠨ ᠬᠦᠰᠦᠨᠦᠭᠲᠦ ᠵᠢᠨ ᠳᠠᠭ᠋ᠠᠯᠳᠤᠭᠤᠯᠤᠯ ᠵᠶ᠋ᠠᠷ ᠪᠦᠷᠢᠯᠳᠦᠵᠡᠶ᠃
RCEP᠎ᠨᠢ ᠶᠠᠮᠠᠷ ᠶᠠᠮᠠᠷ ᠣᠨᠴᠠᠯᠢᠭ᠎ᠲᠠᠢ ᠪᠣᠶ? ᠡᠨᠡ ᠪᠣᠯ ᠣᠲᠣ ᠦᠶ᠎ᠡ ᠵᠢᠨ᠂ ᠪᠥᠬᠦ ᠲᠠᠯ᠎ᠠ ᠵᠢᠨ᠂ ᠴᠢᠨᠠᠷ ᠰᠠᠶ᠋ᠢᠲᠠᠶ᠂ ᠬᠠᠷᠢᠯᠴᠠᠨ ᠠᠰᠢᠭ ᠬᠦᠷᠲᠡᠬᠦ ᠲᠣᠮᠣ ᠬᠡᠯᠪᠡᠷᠢ ᠵᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠮᠦᠨ — ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠳᠡᠳ᠋ ᠰᠠᠶ᠋ᠢᠳ ᠪᠥᠭᠡᠳ ᠣᠯᠠᠨ ᠤᠯᠤᠰ᠎ᠤᠨ ᠠᠷᠠᠯᠵᠢᠶᠠᠨ᠎ᠤ ᠬᠡᠯᠡᠯᠴᠡᠭᠡ ᠵᠢᠨ ᠳᠡᠳ᠋ ᠲᠥᠯᠥᠭᠡᠯᠡᠭᠴᠢ ᠸᠠᠩ ᠱᠸᠦ ᠸᠧᠨ ᠢᠩᠭᠢᠵᠦ ᠬᠡᠯᠡᠭᠰᠡᠨ ᠪᠠᠶ᠋ᠢᠨ᠎ᠠ᠃
ᠡᠭᠦᠨ᠎ᠠᠴᠠ ᠡᠮᠦᠨ᠎ᠡ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ ᠨᠢᠭᠡᠨᠲᠡ ᠳᠤᠮᠳᠠᠳᠤ ᠤᠯᠤᠰ᠂ ᠶᠠᠫᠣᠨ᠂ ᠺᠣᠷᠢᠶᠠ ᠵᠡᠷᠭᠡ ᠤᠯᠤᠰ᠎ᠲᠠᠢ 《10+1》 ᠴᠢᠯᠥᠭᠡᠲᠦ ᠠᠷᠠᠯᠵᠢᠶᠠᠨ᠎ᠤ ᠣᠯᠠᠨ ᠬᠡᠯᠡᠯᠴᠡᠭᠡᠷ ᠲᠣᠭᠲᠠᠵᠠᠶ᠃ ᠳᠤᠮᠳᠠᠳᠤ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 5 ᠤᠯᠤᠰ ᠴᠤ᠌ ᠬᠤᠭᠤᠷᠣᠨᠳᠣ ᠪᠠᠰᠠ ᠴᠢᠯᠥᠭᠡᠲᠦ ᠠᠷᠠᠯᠵᠢᠶᠠᠨ᠎ᠤ ᠬᠠᠨᠢᠲᠠᠨ᠎ᠤ ᠤᠯᠠᠨ ᠬᠠᠷᠢᠴᠠᠭ᠎ᠠ ᠪᠠᠶ᠋ᠢᠪᠠ᠃ ᠬᠠᠷᠢᠴᠠᠭᠤᠯᠵᠤ ᠦᠵᠡᠪᠡᠯ᠂ RCEP ᠵᠢᠨ ᠦᠢ᠍ᠯᠡᠴᠢᠯᠡᠭᠡᠨ᠎ᠤ ᠠᠷᠠᠯᠵᠢᠶ᠎ᠠ ᠪᠠ ᠪᠠᠯᠠ ᠣᠷᠣᠭᠤᠯᠤᠯᠲᠠ ᠵᠢᠨ ᠨᠡᠭᠡᠭᠡᠯᠲᠡ ᠵᠢᠨ ᠬᠢᠷᠢ ᠲᠥᠪᠰᠢᠨ᠎ᠨᠢ 《10 + 1》 ᠵᠢᠨ ᠬᠡᠯᠡᠯᠴᠡᠭᠡᠷ᠎ᠠᠴᠠ ᠥᠨᠳᠥᠷ ᠪᠠᠶ᠋ᠢᠵᠤ᠂ ᠣᠷᠣᠨ ᠪᠦᠰᠡ ᠵᠢᠨ ᠳᠣᠲᠣᠷᠠᠬᠢ ᠠᠵᠤ ᠠᠬᠤᠶ ᠵᠢᠨ ᠠᠷᠠᠯᠵᠢᠶᠠᠨ᠎ᠤ ᠲᠦᠷᠢᠮ᠎ᠤᠨ 《ᠡᠮᠬᠢᠯᠡᠨ ᠨᠡᠶ᠋ᠢᠯᠡᠭᠦᠯᠬᠦ ᠪᠠᠭ᠋ᠠᠵᠢ》 ᠵᠢᠨ ᠦᠢ᠍ᠯᠡᠳᠦᠯ᠎ᠢ ᠪᠠᠳᠠᠷᠠᠭᠤᠯᠬᠤ ᠪᠣᠯᠤᠨ᠎ᠠ᠃
ᠪᠡᠭᠡᠵᠢᠩ ᠶᠡᠭᠡ ᠰᠤᠷᠭ᠋ᠠᠭᠤᠯᠢ ᠵᠢᠨ ᠤᠯᠤᠰ᠎ᠤᠨ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠢᠦᠶ ᠮᠢᠶᠣᠣ ᠵᠢᠶᠧ ᠬᠡᠯᠡᠭᠰᠡᠨ᠎ᠨᠢ᠂ ᠬᠡᠷᠪᠡ ᠡᠯ᠎ᠡ ᠤᠯᠤᠰ᠎ᠤᠳ ᠬᠤᠭᠤᠷᠣᠨᠳᠣ᠎ᠪᠠᠨ ᠠᠷᠠᠯᠵᠢᠶᠠᠨ᠎ᠤ ᠬᠡᠯᠡᠯᠴᠡᠭᠡᠷ ᠲᠣᠭᠲᠠᠬᠤ᠎ᠳᠤ ᠬᠦᠷᠪᠡᠯ᠂ ᠡᠯ᠎ᠡ ᠬᠡᠯᠡᠯᠴᠡᠭᠡᠷ᠎ᠤᠨ ᠠᠳᠠᠯᠢ ᠪᠤᠰᠤ ᠳᠦᠷᠢᠮ᠎ᠳᠤ 《ᠢᠲ᠋ᠠᠯᠢ ᠵᠢᠨ ᠭᠤᠯᠢᠷ᠎ᠤᠨ ᠠᠶᠠᠭ᠎ᠠ》 ᠵᠢᠨ ᠦᠵᠡᠭᠳᠡᠯ ᠭᠠᠷᠴᠤ᠂ ᠬᠠᠶ᠋ᠢᠴᠢᠯᠠᠭ᠋ᠠᠳ ᠲᠠᠰᠤᠷᠠᠬᠤ ᠦᠭᠡᠢ᠂ ᠵᠠᠰᠠᠭ᠋ᠠᠳ ᠪᠠᠰᠠ ᠵᠥᠭᠰᠢᠷᠡᠬᠦ ᠦᠭᠡᠢ ᠪᠣᠯᠣᠨ᠎ᠠ᠃ ᠨᠢᠭᠡᠳᠦᠯᠲᠡᠶ ᠲᠦᠷᠢᠮ᠎ᠢ ᠪᠦᠷᠢᠯᠳᠦᠭᠦᠯᠪᠡᠯ᠂ ᠡᠵᠡᠩᠨᠡᠯᠲᠡ ᠵᠢᠨ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠵᠤ᠂ ᠲᠣᠭᠲᠠᠭ᠋ᠠᠯᠲᠤ ᠪᠤᠰᠤ ᠴᠢᠨᠠᠷ᠎ᠢ ᠪᠠᠭ᠋ᠠᠰᠬᠠᠬᠤ ᠪᠣᠯᠤᠨ᠎ᠠ ᠭᠡᠪᠡ᠃

11 ᠳ᠋ᠦ᠍ᠭᠡᠷ ᠰᠠᠷ᠎ᠠ ᠵᠢᠨ 10᠎ᠤ ᠡᠳᠦᠷ᠂ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠭᠤᠸᠠᠩᠵᠧᠦ ᠵᠢᠨ ᠠᠭ᠋ᠠᠷ᠎ᠤᠨ ᠠᠶᠠᠯᠠᠯ᠎ᠤᠨ ᠰᠢᠤᠳᠠᠨ᠎ᠤ ᠵᠦᠢ᠍ᠯ᠎ᠢ ᠰᠢᠢ᠍ᠳᠪᠦᠷᠢᠯᠡᠬᠦ ᠲᠥᠪ᠎ᠲᠤ᠂ ᠠᠵᠢᠯᠲᠠᠳ ᠶᠡᠷᠦᠩᠬᠡᠶ ᠪᠣᠭᠤᠳᠠᠯ ᠶᠠᠪᠤᠭᠤᠯᠬᠤ ᠭᠡᠵᠦ ᠪᠠᠶ᠋ᠢᠭ᠎ᠠ ᠣᠷᠣᠨ᠎ᠳᠤ ᠠᠵᠢᠯᠯᠠᠵᠤ ᠪᠠᠶ᠋ᠢᠭ᠎ᠠ᠎ᠨᠢ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠳ᠋ᠧᠩ ᠬᠤᠸᠠ ᠰᠡᠭᠦᠳᠡᠷᠯᠡᠪᠡ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠣᠯᠠᠨ ᠤᠯᠤᠰ᠎ᠤᠨ ᠵᠤᠷᠭ᠋ᠠᠨ᠎ᠤ ᠬᠠᠷᠢᠭᠤᠴᠠᠯᠭ᠋ᠠᠲᠠᠨ ᠵᠢᠭ᠋ᠠᠵᠤ ᠭᠠᠷᠭ᠋ᠠᠭᠰᠠᠨ᠎ᠨᠢ᠂ RCEP᠎ᠨᠢ ᠣᠷᠣᠨ ᠪᠦᠰᠡ ᠵᠢᠨ ᠬᠤᠷᠠᠮᠳᠠᠭᠤᠯᠤᠭᠰᠠᠨ ᠤᠭ ᠭᠠᠷᠤᠯᠲᠠ ᠵᠢᠨ ᠣᠷᠣᠨ᠎ᠤ ᠳᠦᠷᠢᠮ᠎ᠢ ᠠᠰᠢᠭᠯᠠᠬᠤ᠎ᠪᠠᠷ ᠳᠠᠮᠵᠢᠭᠤᠯᠤᠨ᠂ ᠣᠷᠣᠨ ᠪᠦᠰᠡ ᠵᠢᠨ ᠳᠣᠲᠣᠷᠠᠬᠢ ᠠᠵᠤ ᠦᠢ᠍ᠯᠡᠰ᠎ᠤᠨ ᠬᠡᠯᠬᠢᠶ᠎ᠡ ᠵᠢᠨ ᠥᠷᠲᠡᠭ᠎ᠤᠨ ᠬᠡᠯᠬᠢᠶ᠎ᠡ ᠵᠢ ᠭᠦᠨᠵᠡᠭᠡᠶ᠋ᠢᠷᠡᠭᠦᠯᠦᠨ᠎ᠡ; ᠰᠢᠨ᠎ᠡ ᠮᠡᠷᠭᠡᠵᠢᠯ᠎ᠢ ᠠᠰᠢᠭᠯᠠᠨ ᠪᠣᠭᠤᠮᠲᠠ ᠵᠢᠨ ᠳᠥᠭᠦᠮᠴᠢᠯᠡᠯᠲᠡ ᠵᠢ ᠠᠬᠢᠭᠤᠯᠵᠤ᠂ ᠰᠢᠨ᠎ᠡ ᠬᠡᠯᠪᠡᠷᠢ ᠵᠢᠨ ᠬᠢᠯᠢ ᠠᠯᠤᠰᠯᠠᠭᠰᠠᠨ ᠪᠠᠷᠠᠭ᠋ᠠᠨ᠎ᠤ ᠭᠦᠢ᠍ᠯᠭᠡᠭᠡᠨ᠎ᠤ ᠬᠥᠭᠵᠢᠯᠲᠡ ᠵᠢ ᠠᠬᠢᠭᠤᠯᠤᠨ᠎ᠠ; ᠨᠠᠵᠠᠭ᠋ᠠᠢ ᠲᠠᠯ᠎ᠠ ᠵᠢᠨ ᠨᠠᠷᠢᠨ ᠬᠠᠭᠤᠳᠠᠰᠤ᠎ᠪᠠᠷ ᠪᠡᠯᠡ ᠣᠷᠣᠭᠤᠯᠤᠯᠲᠠ ᠵᠢᠨ ᠴᠢᠯᠥᠭᠡᠵᠢᠯᠢ ᠠᠬᠢᠭᠤᠯᠵᠤ ᠪᠡᠯᠡ ᠣᠷᠤᠭᠤᠯᠤᠯᠲᠠ ᠵᠢᠨ ᠲᠦᠷᠦ ᠵᠢᠨ ᠪᠤᠳᠤᠯᠭ᠎ᠠ ᠵᠢᠨ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠂ ᠡᠳᠡᠭᠡᠷ᠎ᠨᠢ ᠴᠥᠮ ᠣᠷᠣᠨ ᠪᠦᠰᠡ ᠵᠢᠨ ᠳᠣᠲᠣᠭ᠋ᠠᠳᠤ ᠵᠢᠨ ᠠᠵᠤ ᠠᠬᠤᠢ ᠠᠷᠠᠯᠵᠢᠶᠠᠨ᠎ᠤ ᠲᠦᠷᠢᠮ᠎ᠤᠨ ᠰᠢᠯᠢᠳᠡᠭᠵᠢᠯᠲᠡ ᠪᠠ ᠨᠡᠶ᠋ᠢᠯᠡᠯᠲᠡ ᠵᠢ ᠠᠬᠢᠭᠤᠯᠬᠤ ᠪᠣᠯᠤᠨ᠎ᠠ ᠭᠡᠵᠡᠢ᠃
《ᠴᠢᠨᠠᠷ ᠰᠠᠶ᠋ᠢᠲᠠᠶ ᠪᠠᠶ᠋ᠢᠬᠤ》 ᠪᠣᠯ RCEP ᠵᠢᠨ ᠨᠢᠭᠡᠨ ᠢᠯᠡᠷᠬᠡᠶ ᠣᠨᠴᠠᠯᠢᠭ ᠪᠣᠯᠤᠨ᠎ᠠ᠄ ᠪᠠᠷᠠᠭ᠋ᠠᠨ᠎ᠤ ᠠᠷᠠᠯᠵᠢᠶ᠎ᠠ ᠵᠢᠨ ᠡᠴᠦᠰ᠎ᠤᠨ ᠪᠣᠭᠤᠮᠲᠠ ᠵᠢᠨ ᠭᠠᠶ᠋ᠢᠯᠢ ᠦᠭᠡᠢ ᠦᠢ᠍ᠯᠡᠳᠬᠦᠨ᠎ᠤ ᠲᠤᠭ᠎ᠠ᠎ᠨᠢ ᠪᠦᠬᠦᠯᠢ ᠴᠣᠭᠴᠠ ᠵᠢᠨ 90% ᠵᠢ ᠳᠠᠪᠠᠵᠦ᠂ ᠦᠢ᠍ᠯᠡᠴᠢᠯᠡᠭᠡᠨ᠎ᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠵᠢᠨ ᠶᠡᠷᠦᠩᠬᠡᠶ ᠨᠡᠭᠡᠭᠡᠯᠲᠡ ᠵᠢᠨ ᠬᠢᠷᠢ ᠲᠥᠪᠰᠢᠨ ᠤᠤᠯ᠎ᠤᠨ 《10+1》 ᠴᠢᠯᠥᠭᠡᠲᠦ ᠠᠷᠠᠯᠵᠢᠶᠠᠨ᠎ᠤ ᠬᠡᠯᠡᠯᠴᠡᠭᠡᠷᠤᠨᠬᠢᠠᠴᠠ ᠢᠯᠡᠳᠲᠡ ᠥᠨᠳᠥᠷ ᠪᠣᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠂ ᠥᠷᠢᠰᠥᠯᠳᠥᠭᠡᠨᠤ ᠲᠥᠷᠥ ᠵᠢᠨ ᠪᠣᠳᠣᠯᠭ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠳᠡᠭᠡᠳᠦ ᠬᠢᠷᠢ ᠲᠦᠪᠰᠢᠨ ᠪᠥᠬᠦᠶ ᠣᠳᠣᠬᠢᠴᠢᠯᠠᠭᠰᠠᠨ ᠵᠥᠪᠯᠡᠬᠦ ᠰᠡᠳᠦᠪ᠎ᠢ ᠴᠦ᠍ ᠡᠭᠦᠨ᠎ᠳᠤ ᠣᠷᠤᠭᠤᠯᠬᠤ ᠪᠣᠯᠣᠨ᠎ᠠ ᠁
ᠷᠤᠸᠠᠨ ᠽᠦᠩ ᠽᠧ ᠬᠡᠯᠡᠬᠦ᠎ᠳᠤ᠎ᠪᠠᠨ᠂ ᠬᠤᠶ᠋ᠢᠰᠢᠳᠠ ᠣᠷᠣᠨ ᠪᠦᠰᠡ ᠵᠢᠨ ᠳᠣᠲᠣᠷᠠᠬᠢ ᠠᠵᠤ ᠠᠬᠤᠶ᠋ᠢᠯᠠᠯ᠎ᠤᠳ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠡᠩ ᠶᠡᠭᠡ ᠬᠡᠮᠵᠢᠶ᠎ᠡ᠎ᠪᠠᠷ᠂ ᠨᠡᠩ ᠳᠥᠭᠦᠮ ᠳᠥᠲᠡ ᠬᠦᠷᠲᠡᠬᠦ ᠪᠣᠯᠤᠮᠵᠢ᠎ᠲᠠᠢ᠂ ᠡᠯ᠎ᠡ ᠤᠯᠤᠰ᠎ᠤᠨ ᠠᠷᠠᠳ ᠲᠦᠮᠡᠨ ᠴᠦ᠍ ᠨᠡᠩ ᠬᠢᠮᠳᠠ ᠦᠨ᠎ᠡ᠎ᠪᠠᠷ ᠭᠠᠳᠠᠭ᠋ᠠᠳᠤ᠎ᠠᠴᠠ ᠣᠷᠣᠭᠤᠯᠬᠤ ᠦᠢ᠍ᠯᠡᠳᠬᠦᠨ᠎ᠢ ᠡᠳ᠋ᠯᠡᠵᠦ᠂ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠨᠢ ᠤᠯᠠᠮ ᠨᠢᠭᠡ ᠠᠯᠬᠤᠮ ᠬᠠᠩᠭ᠋ᠠᠭᠳᠠᠬᠤ ᠪᠣᠯᠤᠨ᠎ᠠ ᠭᠡᠪᠡ᠃

ᠡᠨᠡ ᠪᠣᠯ ᠬᠡᠪ ᠨᠡᠶ᠋ᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ᠎ᠨᠢ 10 ᠳ᠋ᠤᠭ᠋ᠠᠷ ᠰᠠᠷ᠎ᠠ ᠵᠢᠨ 27᠎ᠤ ᠡᠳᠦᠷ ᠺᠣᠷᠢᠶᠠ ᠵᠢᠨ ᠰᠸᠦ᠋ᠯ᠎ᠤᠨ ᠯᠦᠩ ᠱᠠᠨ ᠲᠣᠭᠤᠷᠢᠭ᠎ᠲᠤ ᠰᠡᠭᠦᠳᠡᠷᠯᠡᠭᠰᠡᠨ ᠠᠶ ᠮᠦᠸᠧ ᠯᠢ ᠨᠣᠮᠣᠬᠠᠨ ᠳᠠᠯᠠᠶ ᠵᠢᠨ ᠶᠡᠷᠦᠩᠬᠡᠶ ᠵᠠᠬᠢᠷᠭ᠎ᠠ ᠵᠢᠨ ᠲᠣᠮᠣ ᠠᠰᠠᠷ ᠳᠣᠲᠣᠷᠠᠬᠢ 《ᠠᠶ ᠮᠦᠸᠧ ᠯᠢ ᠳᠡᠯᠭᠡᠭᠦᠷ》 ᠪᠣᠯᠤᠨ᠎ᠠ᠃ (ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠵᠢᠩ ᠴᠢᠶᠠᠩ ᠰᠡᠭᠦᠳᠡᠷᠯᠡᠪᠡ) ᠳᠣᠣᠷᠠᠬᠢ᠎ᠨᠢ 11 ᠳ᠋ᠦ᠍ᠭᠡᠷ ᠰᠠᠷ᠎ᠠ ᠵᠢᠨ 8᠎ᠤ ᠡᠳᠦᠷ᠂ ᠲᠣᠭᠤᠷᠢᠨ ᠦᠵᠡᠭᠴᠢ ᠭᠤᠷᠪᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠣᠷᠤᠭᠤᠯᠤᠯᠲᠠ ᠵᠢᠨ ᠦᠵᠡᠰᠬᠦᠯᠡᠩ᠎ᠤᠨ ᠴᠤᠭᠯᠠᠭ᠋ᠠᠨ᠎ᠤ ᠬᠡᠷᠡᠭᠯᠡᠭᠡᠨ᠎ᠤ ᠡᠳ᠋᠎ᠤᠨ ᠦᠵᠡᠭᠦᠯᠭᠡ ᠵᠢᠨ ᠲᠣᠭᠤᠷᠢᠭ᠎ᠤᠨ ᠠᠶ ᠮᠦᠸᠧ ᠯᠢ ᠨᠣᠮᠣᠬᠠᠨ ᠲᠡᠯᠡᠶ ᠵᠢᠨ ᠦᠵᠡᠭᠦᠯᠦᠯᠭᠡ ᠵᠢᠨ ᠲᠠᠪᠴᠠᠩ᠎ᠳᠤ ᠠᠷᠠᠰᠤ ᠬᠠᠮᠠᠭ᠋ᠠᠯᠠᠬᠤ ᠡᠳ᠋᠎ᠢ ᠲᠤᠷᠰᠢᠨ ᠬᠡᠷᠡᠭᠯᠡᠵᠦ ᠪᠠᠶ᠋ᠢᠭ᠎ᠠ᠎ᠨᠢ (ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ)
ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ ᠲᠡᠤᠬᠡᠲᠦ ᠴᠢᠨᠠᠷᠲᠠᠢ᠎ᠪᠠᠷ ᠳᠤᠮᠳᠠᠳᠤ ᠤᠯᠤᠰ᠎ᠤᠨ ᠨᠢᠭᠡᠳᠦᠭᠡᠷ ᠲᠣᠮᠣ ᠠᠷᠠᠯᠵᠢᠶᠠᠨ᠎ᠤ ᠬᠠᠨᠢᠲᠠᠨ ᠪᠣᠯᠵᠤ᠂ ᠳᠤᠮᠳᠠᠳᠤ ᠤᠯᠤᠰ ᠪᠣᠯᠤᠨ ᠪᠤᠰᠤᠳ RCEP ᠵᠢᠨ ᠪᠦᠷᠢᠯᠳᠦᠬᠦᠨ᠎ᠤ ᠬᠤᠭᠤᠷᠣᠨᠳᠣᠬᠢ ᠠᠷᠠᠯᠵᠢᠶᠠᠨ᠎ᠤ ᠶᠡᠷᠦᠩᠬᠡᠶ ᠬᠡᠮᠵᠢᠶ᠎ᠡ 10550 ᠳ᠋ᠦᠩᠰᠢᠭᠤᠷ ᠳ᠋ᠣᠯᠯᠠᠷ᠎ᠲᠤ ᠬᠦᠷᠴᠦ᠂ ᠳᠤᠮᠳᠠᠳᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠶᠡᠷᠦᠩᠬᠡᠶ ᠲᠣᠭ᠋ᠠᠨ᠎ᠤ ᠪᠠᠷᠤᠭ ᠭᠤᠷᠪᠠᠨ᠎ᠤ ᠨᠢᠭᠡ ᠬᠤᠪᠢ ᠵᠢ ᠡᠵᠡᠯᠡᠪᠡ᠃ ᠡᠶ᠋ᠢᠮᠦ ᠯᠤᠲᠤ ᠶᠡᠭᠡ ᠠᠷᠠᠯᠵᠢᠶᠠᠨ᠎ᠤ ᠬᠡᠮᠵᠢᠶ᠎ᠡ᠎ᠨᠢ ᠪᠣᠭᠤᠮᠲᠠ ᠵᠢᠨ ᠭᠠᠶ᠋ᠢᠯᠢ ᠵᠢ ᠪᠠᠭᠤᠷᠠᠭᠤᠯᠬᠤ᠎ᠪᠠᠷ ᠳᠠᠮᠵᠢᠭ᠋ᠠᠳ ᠯᠤᠲᠤ ᠶᠡᠭᠡ 《ᠠᠷᠠᠯᠵᠢᠶᠠᠨ᠎ᠤ ᠡᠭᠦᠳᠦᠯᠲᠡ》 ᠵᠢᠨ ᠦᠢ᠍ᠯᠡᠳᠦᠯ ᠭᠠᠷᠭ᠋ᠠᠬᠤ᠎ᠨᠢ ᠳᠠᠮᠵᠢᠭ ᠦᠭᠡᠢ ᠶᠤᠮ᠃
ᠳᠤᠷᠠᠳᠤᠭᠤᠰᠢᠲᠠᠶ ᠵᠦᠢ᠍ᠯ ᠭᠡᠪᠡᠯ᠂ RCEP ᠭᠡᠷ᠎ᠡ᠎ᠪᠠᠷ ᠳᠠᠮᠵᠢᠨ᠂ ᠤᠤᠯ᠎ᠨᠢ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠦᠭᠡᠢ ᠪᠠᠶ᠋ᠢᠭᠰᠠᠨ ᠳᠤᠮᠳᠠᠳᠤ ᠶᠠᠫᠣᠨ᠂ ᠶᠠᠫᠣᠨ ᠺᠣᠷᠢᠶᠠ ᠬᠤᠭᠤᠷᠣᠨᠳᠤ᠎ᠪᠠᠨ ᠪᠠᠰᠠ ᠴᠢᠯᠥᠭᠡᠲᠦ ᠠᠷᠠᠯᠵᠢᠶᠠᠨ᠎ᠤ ᠰᠢᠨ᠎ᠡ ᠬᠠᠨᠢᠲᠠᠨ᠎ᠤ ᠬᠠᠷᠢᠴᠠᠭ᠎ᠠ ᠵᠢ ᠪᠠᠶ᠋ᠢᠭᠤᠯᠵᠤ᠂ ᠣᠷᠣᠨ ᠪᠦᠰᠡ ᠵᠢᠨ ᠳᠣᠲᠣᠷᠠᠬᠢ ᠴᠢᠯᠥᠭᠡᠲᠦ ᠠᠷᠠᠯᠵᠢᠶᠠᠨ᠎ᠤ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃
《RCEP ᠵᠢ ᠲᠣᠭᠲᠠᠭᠰᠠᠨ᠎ᠨᠢ᠂ ᠳᠤᠮᠳᠠᠳᠤ ᠶᠠᠫᠣᠨ ᠺᠣᠷᠢᠶᠠ ᠵᠢᠨ ᠨᠡᠩ ᠥᠨᠳᠥᠷ ᠲᠦᠪᠰᠢᠨ ᠪᠦᠬᠦᠢ ᠠᠵᠤ ᠠᠬᠤᠢ ᠵᠢᠨ ᠨᠢᠭᠡ ᠴᠤᠬ᠍ᠴᠠᠵᠢᠯᠳᠠ ᠵᠢ ᠠᠬᠢᠭᠤᠯᠬᠤ᠎ᠳᠤ ᠳᠡᠮᠵᠢᠯᠭᠡ ᠪᠣᠯᠬᠤ ᠪᠥᠭᠡᠳ ᠢᠷᠡᠭᠡᠳᠦᠢ᠎ᠳᠤ ᠳᠤᠮᠳᠠᠳᠤ ᠶᠠᠫᠣᠨ ᠺᠣᠷᠢᠶᠠ ᠵᠢᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠲᠤᠬᠢᠷᠠᠯᠴᠠᠬᠤ᠎ᠳᠤ ᠰᠠᠭᠤᠷᠢ ᠲᠠᠯᠪᠢᠵᠤ ᠥᠭᠬᠦ ᠪᠣᠯᠤᠨ᠎ᠠ》 ᠭᠡᠵᠦ ᠸᠠᠩ ᠱᠸᠦ ᠸᠧᠨ ᠬᠡᠯᠡᠪᠡ᠃
ᠬᠠᠷᠢᠯᠴᠠᠨ ᠬᠠᠷᠠᠭ᠋ᠠᠯᠵᠠᠯ ᠦᠵᠡᠭᠦᠯᠬᠦ ᠲᠠᠯ᠎ᠠ᠎ᠪᠠᠷ᠂ RCEP᠎ᠨᠢ ᠠᠳᠠᠯᠢ ᠪᠤᠰᠤ ᠤᠯᠤᠰ᠎ᠤᠨ ᠪᠠᠶ᠋ᠢᠳᠠᠯ᠎ᠢ ᠬᠠᠷᠠᠭ᠋ᠠᠯᠵᠠᠨ᠂ ᠬᠠᠮᠤᠭ᠎ᠤᠨ ᠬᠤᠴᠤᠷᠠᠩᠭᠤᠢ ᠤᠯᠤᠰ᠎ᠲᠤ ᠣᠨᠴᠠᠭ᠋ᠠᠶ ᠪᠠ ᠵᠥᠷᠢᠶᠡᠲᠦ ᠬᠠᠷᠠᠭ᠋ᠠᠯᠵᠠᠯ ᠬᠦᠷᠲᠡᠭᠡᠬᠦ ᠪᠣᠯᠣᠨ᠎ᠠ᠂ ᠥᠭᠡᠷ᠎ᠡ᠎ᠪᠠᠷ ᠬᠡᠯᠡᠪᠡᠯ ᠡᠯ᠎ᠡ ᠲᠠᠯ᠎ᠠ ᠵᠢᠨ᠎ᠬᠢᠨ᠎ᠤ ᠬᠦᠰᠡᠯ ᠱᠠᠭ᠋ᠠᠷᠳᠠᠯᠭ᠎ᠠ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠷᠠᠭ᠋ᠠᠯᠵᠠᠬᠤ ᠪᠣᠯᠣᠨ᠎ᠠ᠃ ᠵᠠᠳᠠᠯᠤᠭᠴᠢᠳ ᠬᠡᠯᠡᠬᠦ᠎ᠳᠤ᠎ᠪᠠᠨ᠂ ᠡᠨᠡ᠎ᠨᠢ ᠲᠣᠰ ᠭᠠᠵᠠᠷ ᠣᠷᠣᠨ᠎ᠤ᠎ᠪᠠᠨ ᠪᠠᠭᠲᠠᠭ᠋ᠠᠮᠵᠢᠲᠠᠶ ᠲᠡᠩᠴᠡᠭᠦᠷᠢᠲᠡᠢ ᠬᠥᠭᠵᠢᠯᠲᠡ ᠵᠢ ᠠᠬᠢᠭᠤᠯᠵᠤ᠂ ᠡᠯ᠎ᠡ ᠲᠠᠯ᠎ᠠ ᠵᠢᠨ᠎ᠬᠢᠨ᠎ᠳᠤ RCEP ᠵᠢᠨ ᠦᠷ᠎ᠡ ᠪᠦᠲᠦᠭᠡᠯ᠎ᠢ ᠭᠦᠢ᠍ᠴᠡᠳ ᠬᠠᠮᠲᠤ᠎ᠪᠠᠷ ᠬᠦᠷᠲᠡᠭᠡᠬᠦ ᠪᠣᠯᠤᠨ᠎ᠠ ᠭᠡᠵᠡᠶ᠃

11 ᠳ᠋ᠦ᠍ᠭᠡᠷ ᠰᠠᠷ᠎ᠠ ᠵᠢᠨ 10᠎ᠤ ᠡᠳᠦᠷ᠂ ᠲᠣᠭᠤᠷᠢᠨ ᠦᠵᠡᠭᠴᠢᠳ ᠭᠤᠷᠪᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠣᠷᠣᠭᠤᠯᠤᠯᠲᠠ ᠵᠢᠨ ᠦᠵᠡᠰᠭᠦᠯᠡᠩ᠎ᠤᠨ ᠴᠤᠭᠯᠠᠭ᠋ᠠᠨ᠎ᠤ ᠢᠳᠡᠭᠡᠨ ᠵᠢᠴᠢ ᠲᠠᠷᠢᠶᠠᠯᠠᠩ᠎ᠤᠨ ᠪᠦᠲᠦᠭᠡᠭᠳᠡᠬᠦᠨ᠎ᠤ ᠦᠵᠡᠭᠦᠯᠦᠯᠭᠡ ᠵᠢᠨ ᠲᠣᠭᠤᠷᠢᠭ᠎ᠤᠨ ᠶᠠᠫᠤᠨ᠎ᠤ ᠠᠷᠠᠯᠵᠢᠶ᠎ᠠ ᠵᠢ ᠬᠥᠭᠵᠢᠭᠦᠯᠦᠨ ᠮᠠᠨᠳᠤᠭᠤᠯᠬᠤ ᠪᠠᠶ᠋ᠢᠭᠤᠯᠤᠮᠵᠢ ᠵᠢᠨ ᠦᠵᠡᠭᠦᠯᠦᠯᠭᠡ ᠵᠢᠨ ᠲᠠᠪᠴᠠᠩ᠎ᠠᠴᠠ ᠭᠠᠷᠴᠤ ᠢᠷᠡᠵᠦ ᠪᠠᠶ᠋ᠢᠭ᠎ᠠ᠎ᠨᠢ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠴᠧᠨ ᠶᠧ ᠬᠤᠸᠠ ᠰᠡᠭᠦᠳᠡᠷᠯᠡᠪᠡ
ᠳᠤᠮᠳᠠᠳᠤ ᠤᠯᠤᠰ᠎ᠤᠨ ᠨᠡᠩ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠴᠢᠬᠤᠯᠠ ᠲᠠᠪᠴᠠᠩ
ᠴᠢᠯᠥᠭᠡᠲᠦ ᠠᠷᠠᠯᠵᠢᠶᠠᠨ᠎ᠤ ᠣᠷᠣᠨ᠎ᠤ ᠪᠠᠶ᠋ᠢᠯᠳᠤᠬᠤ ᠪᠤᠳᠤᠯᠭ᠎ᠠ ᠵᠢ ᠲᠦᠷᠭᠡᠳᠬᠡᠨ ᠬᠡᠷᠡᠭᠵᠢᠭᠦᠯᠬᠦ ᠪᠣᠯ ᠳᠤᠮᠳᠠᠳᠤ ᠤᠯᠤᠰ᠎ᠤᠨ ᠰᠢᠨ᠎ᠡ ᠨᠢᠭᠡ ᠡᠭᠡᠯᠵᠢ ᠵᠢᠨ ᠭᠠᠳᠠᠭ᠋ᠠᠳᠤ ᠨᠡᠬᠡᠬᠡᠯᠳᠡ ᠵᠢᠨ ᠴᠢᠬᠤᠯᠠ ᠠᠭᠤᠯᠭ᠎ᠠ ᠪᠣᠯᠤᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠨᠠᠭᠤᠯᠭ᠎ᠠ᠎ᠳᠤ 《ᠪᠦᠬᠦ ᠪᠥᠮᠪᠥᠷᠴᠡᠭ᠎ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠣᠷᠣᠨ᠎ᠤ ᠲᠣᠤᠷ ᠰᠦᠯᠵᠢᠶ᠎ᠡ ᠵᠢ ᠪᠠᠶ᠋ᠢᠭᠤᠯᠤᠨ᠎ᠠ》 ᠭᠡᠵᠦ ᠲᠣᠳᠣᠷᠬᠠᠶ ᠳᠤᠷᠠᠳᠤᠨ ᠭᠠᠷᠭ᠋ᠠᠪᠠ; ᠲᠡᠷᠢᠭᠦᠯᠡᠭᠴᠢ ᠰᠢ ᠵᠢᠨ ᠫᠢᠩ ᠭᠤᠷᠪᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ ᠪᠠᠰᠠ 《ᠳᠤᠮᠳᠠᠳᠤ ᠤᠯᠤᠰ ᠳᠤᠷᠠᠲᠠᠶ᠎ᠠ ᠨᠠᠩ ᠣᠯᠠᠨ ᠤᠯᠤᠰ᠎ᠲᠠᠢ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠢ ᠵᠥᠪᠳᠡᠯᠴᠡᠨ ᠲᠣᠭᠲᠠᠵᠤ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠠᠯᠢ ᠲᠦᠷᠭᠡᠨ ᠵᠶ᠋ᠠᠷ ᠭᠠᠷᠤᠨ ᠦᠰᠦᠭ ᠵᠢᠷᠤᠬᠤ ᠵᠢ ᠠᠬᠢᠭᠤᠯᠤᠨ᠎ᠠ ᠁》 ᠭᠡᠵᠦ ᠲᠣᠳᠣᠷᠬᠠᠢ ᠢᠯᠡᠷᠬᠡᠶ᠋ᠢᠯᠡᠪᠡ᠃
ᠵᠠᠳᠠᠯᠤᠭᠴᠢᠳ ᠵᠢᠭ᠋ᠠᠵᠤ ᠭᠠᠷᠭ᠋ᠠᠭᠰᠠᠨ᠎ᠨᠢ᠂ RCEP ᠴᠢᠯᠥᠭᠡᠲᠦ ᠠᠷᠠᠯᠵᠢᠶᠠᠨ᠎ᠤ ᠣᠷᠣᠨ᠎ᠢ ᠪᠠᠶ᠋ᠢᠭᠤᠯᠬᠤ᠎ᠨᠢ ᠳᠤᠮᠳᠠᠳᠤ ᠤᠯᠤᠰ ᠰᠢᠨ᠎ᠡ ᠴᠠᠭ ᠦᠶ᠎ᠡ᠎ᠳᠤ ᠨᠡᠬᠡᠬᠡᠯᠳᠡᠲᠦ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ ᠵᠶ᠋ᠠᠷ ᠭᠤᠣᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ ᠵᠶ᠋ᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠬᠦ᠎ᠳᠤ ᠯᠤᠲᠤ ᠶᠡᠭᠡ ᠬᠦᠴᠦᠨ ᠨᠡᠮᠡᠷᠢᠯᠡᠬᠦ ᠪᠣᠯᠤᠨ᠎ᠠ ᠭᠡᠵᠡᠢ᠃
《RCEP ᠪᠣᠯ 〈ᠬᠤᠤᠰ ᠣᠷᠴᠢᠯ〉᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠲᠦᠢ᠍ᠯ᠎ᠤᠨ ᠵᠠᠩᠭᠢᠯᠠᠭ᠎ᠠ ᠪᠣᠯᠬᠤ ᠲᠣᠭᠲᠠᠴᠠ ᠵᠢᠨ ᠴᠢᠨᠠᠷᠲᠠᠶ ᠬᠠᠮᠲᠤᠷᠠᠯᠴᠠᠭ᠋ᠠᠨ᠎ᠤ ᠲᠠᠪᠴᠠᠩ ᠮᠥᠨ᠂ ᠡᠨᠡ ᠬᠦ᠌ ᠪᠣᠷᠣ ᠲᠥᠯᠥᠪ᠎ᠤᠨ ᠳᠣᠣᠷ᠎ᠠ᠂ ᠳᠤᠮᠳᠠᠳᠤ ᠤᠯᠤᠰ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ᠎ᠢ ᠨᠡᠩ ᠥᠨᠳᠥᠷ ᠪᠦᠲᠦᠮᠵᠢᠲᠡᠢ ᠳᠤᠬᠢᠷᠠᠭᠤᠯᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠪᠣᠯᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠬᠤ ᠪᠣᠯᠤᠨ᠎ᠠ》 ᠭᠡᠵᠦ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠰᠤᠳᠤᠯᠭ᠋ᠠᠨ᠎ᠤ ᠲᠥᠪ᠎ᠤᠨ ᠡᠷᠬᠢᠯᠡᠭᠴᠢ ᠵᠠᠩ ᠵᠢᠶᠠᠨ ᠫᠢᠩ ᠬᠡᠯᠡᠪᠡ᠃

ᠡᠨᠡ ᠪᠣᠯ ᠬᠡᠪ ᠨᠡᠶ᠋ᠢᠯᠡᠭᠦᠯᠦᠭᠰᠡᠨ ᠰᠡᠭᠦᠳᠡᠷ ᠪᠣᠯᠣᠨ᠎ᠠ᠂ ᠳᠡᠭᠡᠷᠡᠬᠢ᠎ᠨᠢ ᠠᠶ ᠯᠠᠶ ᠹᠡ ᠰᠢ ᠰᠢᠨ᠎ᠡ ᠽᠢᠯᠠᠨᠳ᠋᠎ᠤᠨ ᠺᠣᠮᠫᠠᠨᠢ ᠵᠢᠨ ᠠᠵᠢᠯᠲᠠᠨ ᠵᠠᠶ᠋ᠢᠷᠮᠠᠭᠤᠨ ᠦᠢ᠍ᠯᠡᠳᠪᠦᠷᠢᠯᠡᠯ᠎ᠤᠨ ᠱᠤᠭᠤᠮ ᠳᠡᠭᠡᠷ᠎ᠡ ᠠᠵᠢᠯᠯᠠᠵᠤ ᠪᠠᠶ᠋ᠢᠭ᠎ᠠ᠎ᠨᠢ (ᠮᠠᠲ᠋ᠧᠷᠢᠶᠠᠯ ᠬᠡᠷᠡᠯ ᠵᠢᠷᠤᠭ᠂ ᠰᠢᠨᠬᠤᠸᠠ ᠬᠤᠷᠢᠶ᠎ᠠ ᠲᠠᠷᠬᠠᠭ᠋ᠠᠪᠠ); ᠳᠣᠣᠷᠠᠬᠢ᠎ᠨᠢ 11 ᠳ᠋ᠦ᠍ᠭᠡᠷ ᠰᠠᠷ᠎ᠠ ᠵᠢᠨ 7᠎ᠤ ᠡᠳᠦᠷ᠂ ᠠᠵᠢᠯᠲᠠᠳ ᠭᠤᠷᠪᠠᠳᠤᠭ᠋ᠠᠷ ᠬᠤᠭᠤᠴᠠᠭ᠋ᠠᠨ᠎ᠤ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠎ᠤᠨ ᠴᠤᠭᠯᠠᠭ᠋ᠠᠨ᠎ᠤ G′ nature ᠦᠵᠡᠭᠦᠯᠦᠯᠭᠡ ᠵᠢᠨ ᠲᠠᠶ᠋ᠢᠰᠠᠨᠠ ᠰᠢᠨ᠎ᠡ ᠽᠢᠯᠠᠨᠳ᠋᠎ᠠᠴᠠ ᠣᠷᠤᠭᠤᠯᠤᠭᠰᠠᠨ ᠵᠠᠶ᠋ᠢᠷᠮᠠᠭᠢ ᠳᠡᠯᠭᠡᠨ ᠦᠵᠡᠭᠦᠯᠵᠦ ᠪᠠᠶ᠋ᠢᠭ᠎ᠠ᠎ᠨᠢ (ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠠᠩ ᠢᠦᠶ ᠸᠧᠶ ᠰᠡᠭᠦᠳᠡᠷᠯᠡᠪᠡ)
ᠬᠤᠶᠠᠷ ᠪᠦᠯᠦᠭ ᠲᠤᠭ᠎ᠠ᠎ᠨᠢ RCEP ᠵᠢᠨ 《ᠠᠯᠲᠠᠨ᠎ᠤ ᠠᠭᠤᠯᠤᠭᠳᠠᠴᠠ》 ᠵᠢ ᠬᠠᠮᠤᠭ᠎ᠠᠴᠠ ᠢᠯᠡᠭᠦᠤ ᠭᠡᠷᠡᠴᠢᠯᠡᠵᠦ ᠴᠢᠳᠠᠨ᠎ᠠ᠄
— RCEP ᠲᠣᠭᠲᠠᠭᠰᠠᠨ᠎ᠤ ᠳᠠᠷᠠᠭ᠎ᠠ᠂ ᠳᠤᠮᠳᠠᠳᠤ ᠤᠯᠤᠰ᠎ᠤᠨ ᠭᠠᠳᠠᠭ᠋ᠠᠳᠤᠯᠦᠭᠡ ᠲᠣᠭᠲᠠᠭᠰᠠᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ 19 ᠪᠣᠯᠵᠤ᠂ ᠴᠢᠯᠥᠭᠡᠲᠦ ᠠᠷᠠᠯᠵᠢᠶᠠᠨ᠎ᠤ ᠬᠠᠨᠢᠲᠠᠨ 26 ᠪᠣᠯᠪᠠ;
— RCEP᠎ᠪᠠᠷ ᠳᠠᠮᠵᠢᠭᠤᠯᠤᠨ ᠳᠤᠮᠳᠠᠳᠤ ᠶᠠᠫᠣᠨ᠎ᠤ ᠴᠢᠯᠥᠭᠡᠲᠦ ᠠᠷᠠᠯᠵᠢᠶᠠᠨ᠎ᠤ ᠬᠠᠷᠢᠴᠠᠭ᠎ᠠ ᠵᠢ ᠰᠢᠨ᠎ᠡ᠎ᠪᠠᠷ ᠪᠠᠶ᠋ᠢᠭᠤᠯᠪᠠ᠂ ᠡᠨᠡ ᠪᠣᠯ ᠳᠤᠮᠳᠠᠳᠤ ᠤᠯᠤᠰ ᠠᠩᠬ᠎ᠠ ᠤᠳᠠᠭ᠎ᠠ ᠳᠡᠯᠡᠬᠡᠢ ᠵᠢᠨ ᠲᠦᠷᠦᠭᠦᠦ ᠠᠷᠪᠠ ᠵᠢᠨ ᠠᠵᠤ ᠠᠬᠤᠢ ᠵᠢᠨ ᠴᠣᠭᠴᠠ᠎ᠲᠠᠢ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠲᠣᠭᠲᠠᠵᠤ ᠪᠠᠶ᠋ᠢᠭ᠎ᠠ ᠶᠤᠮ᠂ ᠡᠨᠡ᠎ᠨᠢ ᠳᠤᠮᠳᠠᠳᠤ ᠤᠯᠤᠰ ᠪᠣᠯᠤᠨ ᠴᠢᠯᠥᠭᠡᠲᠦ ᠠᠷᠠᠯᠵᠢᠶᠠᠨ᠎ᠤ ᠬᠠᠨᠢᠲᠠᠨᠯᠤᠭᠠ ᠵᠢᠨ ᠠᠷᠠᠯᠵᠢᠶᠠᠨ᠎ᠤ ᠪᠦᠷᠬᠦᠴᠡ ᠵᠢᠨ ᠨᠤᠷᠮ᠎ᠠ ᠣᠳᠣᠬᠠᠨ᠎ᠤ 27%᠎ᠠᠴᠠ 35% ᠪᠣᠯᠭ᠋ᠠᠨ ᠳᠡᠭᠡᠭᠰᠢᠯᠡᠭᠦᠯᠪᠡ᠃

ᠱᠠᠨᠰᠢ ᠮᠤᠵᠢ ᠵᠢᠨ ᠱᠠᠩ ᠯᠦᠸᠧ ᠬᠤᠲᠠ ᠵᠢᠨ ᠳ᠋ᠠᠨ ᠹᠧᠩ ᠰᠢᠶᠠᠨ᠎ᠤ ᠨᠢᠭᠡᠨ ᠢᠳᠡᠭᠡᠨ᠎ᠤ ᠺᠣᠮᠫᠠᠨᠢ᠎ᠳᠤ᠂ ᠨᠡᠪᠲᠡᠷᠡᠭᠦᠯᠦᠭᠴᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠦ ᠪᠠᠶ᠋ᠢᠭ᠎ᠠ᠎ᠨᠢ (7 ᠳ᠋ᠤᠭ᠋ᠠᠷ ᠰᠠᠷ᠎ᠠ ᠵᠢᠨ 20᠎ᠤ ᠡᠳᠦᠷ ᠰᠡᠭᠦᠳᠡᠷᠯᠡᠪᠡ)᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢᠦ ᠰᠢᠶᠤᠤ ᠰᠡᠭᠦᠳᠡᠷᠯᠡᠪᠡ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ ᠪᠠᠶ ᠮᠢᠩ ᠬᠡᠯᠡᠬᠦ᠎ᠳᠤ᠎ᠪᠠᠨ᠂ RCEP᠎ᠳᠤ ᠭᠠᠷᠤᠨ ᠦᠰᠦᠭ ᠵᠢᠷᠤᠭᠰᠠᠨ᠎ᠨᠢ ᠮᠠᠨ᠎ᠤ ᠤᠯᠤᠰ ᠨᠠᠩ ᠪᠦᠬᠦ ᠲᠠᠯ᠎ᠠ ᠵᠢᠨ᠂ ᠨᠠᠩ ᠭᠦᠨᠵᠡᠭᠡᠶ᠂ ᠨᠠᠩ ᠣᠯᠠᠨ ᠡᠰᠢᠲᠦ ᠭᠠᠳᠠᠭ᠋ᠠᠳᠤ ᠨᠡᠭᠡᠭᠡᠯᠲᠡ᠎ᠪᠠᠷ ᠳᠠᠮᠵᠢᠨ᠂ ᠭᠠᠳᠠᠭ᠋ᠠᠳᠤ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠵᠢᠨ ᠪᠠᠶ᠋ᠢᠷᠢᠯᠠᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠲᠦᠷᠢᠮ᠎ᠲᠠᠢ ᠲᠠᠰᠤᠷᠠᠯᠳᠠ ᠦᠭᠡᠢ ᠵᠣᠯᠭ᠋ᠠᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠪᠣᠯᠣᠨ᠎ᠠ ᠭᠡᠪᠡ᠃
ᠣᠳᠣᠬᠠᠨ᠎ᠳᠤ RCEP ᠵᠢᠨ ᠬᠠᠮᠤᠭ ᠡᠴᠦᠰ᠎ᠤᠨ ᠬᠦᠴᠦᠨ᠎ᠲᠠᠢ ᠪᠣᠯᠬᠤ ᠴᠠᠭ ᠬᠤᠭᠤᠴᠠᠭ᠎ᠠ ᠵᠢ ᠬᠦᠯᠢᠶᠡᠬᠦ ᠪᠣᠯᠣᠨ᠎ᠠ᠄ ᠲᠣᠭᠲᠠᠭ᠋ᠠᠯ᠎ᠢ ᠦᠨᠳᠦᠰᠦᠯᠡᠪᠡᠯ᠂ RCEP ᠬᠡᠯᠡᠯᠴᠡᠭᠡᠷ᠎ᠨᠢ 15 ᠪᠦᠷᠢᠯᠳᠦᠬᠦᠨ᠎ᠤ ᠳᠣᠲᠣᠷ᠎ᠠ ᠨᠠᠭ᠋ᠠᠳᠤ ᠵᠠᠬ᠎ᠠ᠎ᠳᠤ᠎ᠪᠠᠨ 9᠎ᠨᠢ ᠵᠥᠪᠰᠢᠶᠡᠷᠡᠪᠡᠯ ᠰᠠᠶᠢ ᠬᠦᠴᠦᠨ᠎ᠲᠠᠢ ᠪᠣᠯᠣᠨ᠎ᠠ᠂ ᠡᠭᠦᠨ᠎ᠳᠤ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠋ᠠᠨ᠎ᠤ 6 ᠪᠦᠷᠢᠯᠳᠦᠬᠦᠨ ᠤᠯᠤᠰ ᠪᠣᠯᠣᠨ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ ᠪᠠ ᠰᠢᠨ᠎ᠡ ᠽᠢᠯᠠᠨᠳ᠋᠎ᠤᠨ ᠳᠤᠮᠳᠠ᠎ᠠᠴᠠ ᠠᠳᠠᠭ᠎ᠲᠤ᠎ᠪᠠᠨ 3 ᠤᠯᠤᠰ᠎ᠨᠢ ᠵᠥᠪᠰᠢᠶᠡᠷᠡᠭᠰᠡᠨ ᠪᠠᠶ᠋ᠢᠬᠤ ᠬᠡᠷᠡᠭᠲᠡᠢ᠃
ᠸᠠᠩ ᠱᠸᠦ ᠸᠧᠨ ᠲᠠᠨᠢᠯᠴᠠᠭᠤᠯᠬᠤ᠎ᠳᠤ᠎ᠪᠠᠨ᠂ ᠵᠠᠯᠭ᠋ᠠᠭ᠋ᠠᠳ RCEP ᠵᠢᠨ ᠡᠯ᠎ᠡ ᠪᠦᠷᠢᠯᠳᠦᠬᠦᠨ ᠲᠤᠰ ᠲᠤᠰ ᠤᠯᠤᠰ᠎ᠤᠨ ᠳᠣᠲᠣᠭ᠋ᠠᠳᠤ ᠵᠢᠨ ᠬᠠᠤᠯᠢ ᠴᠠᠭ᠋ᠠᠵᠠ ᠵᠢᠨ ᠬᠢᠨᠠᠨ ᠵᠥᠪᠰᠢᠶᠡᠷᠡᠬᠦ ᠵᠢᠷᠤᠮ᠎ᠢ ᠭᠦᠢ᠍ᠴᠡᠳᠬᠡᠵᠦ᠂ ᠬᠡᠯᠡᠯᠴᠡᠭᠡᠷ᠎ᠤᠨ ᠡᠷᠲᠡᠬᠡᠨ ᠬᠦᠴᠦᠨ᠎ᠲᠠᠢ ᠬᠡᠷᠡᠭᠵᠢᠭᠦᠯᠦᠭᠳᠡᠬᠦ ᠵᠢ ᠴᠢᠷᠮᠠᠶ᠋ᠢᠨ ᠠᠬᠢᠭᠤᠯᠤᠨ᠎ᠠ᠃ ᠡᠯ᠎ᠡ ᠤᠯᠤᠰ ᠨᠢᠭᠡᠨᠲᠡ ᠤᠯᠤᠰ᠎ᠤᠨ ᠳᠣᠲᠣᠭ᠋ᠠᠳᠤ ᠵᠢᠨ ᠵᠥᠪᠰᠢᠶᠡᠷᠡᠯ᠎ᠤᠨ ᠳᠡᠰ ᠳᠠᠷᠠᠭ᠋ᠠᠯᠠᠯ ᠵᠶ᠋ᠠᠨ ᠲᠥᠷᠭᠡᠳᠬᠡᠵᠦ᠂ ᠳᠤᠮᠳᠠᠳᠤ ᠤᠯᠤᠰ ᠴᠤ᠌ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠴᠢᠷᠮᠠᠶ᠋ᠢᠵᠤ᠂ RCEP ᠬᠡᠯᠡᠯᠴᠡᠭᠡᠷ᠎ᠢ ᠲᠤᠰ ᠭᠠᠵᠠᠷ ᠣᠷᠣᠨ᠎ᠤ ᠠᠵᠤ ᠠᠬᠤᠶ᠋ᠢᠯᠠᠯ ᠪᠠ ᠠᠷᠠᠳ ᠲᠦᠮᠡᠨ᠎ᠳᠤ ᠡᠷᠲᠡᠬᠡᠨ ᠠᠰᠢᠭ ᠬᠦᠷᠲᠡᠭᠦᠯᠬᠦ᠎ᠪᠠᠷ ᠴᠢᠷᠮᠠᠶ᠋ᠢᠨ᠎ᠠ ᠭᠡᠪᠡ᠃
《ᠬᠡᠯᠡᠯᠴᠡᠭᠡᠷ᠎ᠲᠤ ᠭᠠᠷᠤᠨ ᠦᠰᠦᠭ ᠵᠢᠷᠤᠭᠰᠠᠨ᠎ᠨᠢ ᠵᠥᠪᠬᠡᠨ ᠡᠬᠢᠯᠡᠯᠲᠡ ᠲᠡᠳᠦᠶ ᠶᠤᠮ᠂ RCEP᠎ᠨᠢ ᠲᠤᠰ ᠭᠠᠵᠠᠷ ᠣᠷᠣᠨ᠎ᠳᠤ ᠨᠢᠭᠡᠨ ᠲᠠᠪᠴᠠᠩ ᠬᠠᠩᠭ᠋ᠠᠪᠠ᠂ ᠡᠯ᠎ᠡ ᠲᠠᠯ᠎ᠠ ᠵᠢᠨ᠎ᠬᠢᠨ ᠡᠨᠡ ᠬᠦ᠌ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠬᠠᠮᠲᠤᠷᠠᠯᠴᠠᠨ᠂ ᠠᠷᠠᠯᠵᠢᠶᠠᠨ᠎ᠤ ᠪᠡᠯᠡ ᠣᠷᠣᠭᠤᠯᠤᠯᠲᠠ᠎ᠪᠠᠷ ᠨᠡᠩ ᠥᠨᠳᠥᠷ ᠲᠦᠪᠰᠢᠨ ᠪᠦᠬᠦᠢ ᠴᠢᠯᠥᠭᠡᠵᠢᠯᠲᠡ ᠳᠥᠭᠦᠮᠴᠢᠯᠡᠯᠲᠡ ᠵᠢ ᠪᠡᠶᠡᠯᠡᠭᠦᠯᠬᠦ ᠬᠡᠷᠡᠭᠲᠠᠢ ᠶᠤᠮ》 ᠭᠡᠵᠦ ᠸᠠᠩ ᠱᠸᠦ ᠸᠧᠨ ᠬᠡᠯᠡᠪᠡ᠃
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ