
2020 ᠣᠨ᠎ᠤ 9 ᠰᠠᠷ᠎ᠠ ᠵᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠬᠡᠯᠲᠡᠰ᠎ᠤᠨ ᠡᠷᠬᠢᠯᠡᠭᠴᠢ ᠰᠦᠨ ᠵᠢᠨ ᠶᠠᠨ ᠳ᠋ᠢᠩ ᠸᠧᠶ ᠮᠢᠨ ᠨᠥᠬᠥᠷ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢᠨ ᠮᠡᠳᠡᠭᠦᠯᠦᠯᠲᠡ ᠵᠢᠨ ᠬᠤᠷᠠᠯ᠎ᠤᠨ ᠪᠡᠯᠡᠳᠬᠡᠯ ᠠᠵᠢᠯ᠎ᠢ ᠠᠬᠢᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠮᠡᠳᠡᠭᠦᠯᠦᠯᠲᠡ ᠵᠢᠨ ᠬᠤᠷᠠᠯ᠎ᠤᠨ ᠵᠣᠬᠢᠶᠠᠨ ᠪᠠᠶ᠋ᠢᠭᠤᠯᠵᠤ ᠪᠡᠯᠡᠳᠬᠡᠭᠰᠡᠨ ᠪᠠᠶ᠋ᠢᠳᠠᠯ᠎ᠢ ᠨᠠᠷᠢᠨ ᠣᠶ᠋ᠢᠯᠠᠭ᠋ᠠᠬᠤ ᠵᠢᠨ ᠬᠠᠮᠲᠤ ᠲᠠᠷᠠᠭ᠋ᠠᠴᠢ ᠵᠢᠨ ᠱᠠᠲᠤᠨ᠎ᠤ ᠠᠵᠢᠯ᠎ᠢ ᠪᠠᠶ᠋ᠢᠷᠢᠯᠠᠭᠤᠯᠪᠠ᠃
ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ ᠴᠢᠨ ᠵᠢᠶᠠᠨ ᠹᠧᠩ᠂ ᠬᠠᠤᠯᠢ ᠲᠦᠷᠢᠮ᠎ᠤᠨ ᠡᠳᠦᠷ᠎ᠤᠨ ᠰᠣᠨᠢᠨ᠎ᠤ ᠥᠪᠥᠷ ᠮᠣᠩᠭᠣᠯ᠎ᠤᠨ ᠰᠤᠷᠪᠤᠯᠵᠢᠯᠠᠭᠴᠢ ᠵᠢᠨ ᠥᠷᠲᠡᠭᠡ ᠵᠢᠨ ᠳᠠᠷᠤᠭ᠎ᠠ ᠱ᠌ᠢ ᠸᠠᠨ ᠰᠧᠨ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠵᠢᠷᠤᠭ ᠲᠥᠯᠥᠪᠯᠡᠭᠡ ᠰᠤᠳᠤᠯᠬᠤ ᠬᠦᠷᠢᠶᠡᠯᠡᠩ᠎ᠤᠨ ᠬᠠᠮᠢᠶ᠎ᠠ ᠪᠥᠬᠥᠶ ᠠᠵᠢᠯ᠎ᠤᠨ ᠬᠠᠷᠢᠭᠤᠴᠠᠯᠭ᠋ᠠᠲᠠᠨ ᠨᠠᠷ ᠬᠤᠷᠠᠯ᠎ᠳᠤ ᠣᠷᠣᠯᠴᠠᠵᠠᠶ᠃
ᠬᠤᠷᠠᠯ᠎ᠳᠤ ᠣᠷᠣᠯᠴᠠᠭᠰᠠᠳ ᠮᠡᠳᠡᠭᠦᠯᠦᠯᠲᠡ ᠵᠢᠨ ᠬᠤᠷᠠᠯ᠎ᠤᠨ ᠠᠩᠬ᠎ᠠ ᠤᠳᠠᠭ᠎ᠠ ᠵᠢᠨ ᠰᠣᠷᠢᠯᠲᠠ ᠵᠢ ᠲᠥᠪᠯᠡᠷᠡᠭᠦᠯᠦᠨ ᠦᠵᠡᠵᠦ᠂ ᠮᠡᠳᠡᠭᠦᠯᠦᠯᠲᠡ ᠵᠢᠨ ᠬᠤᠷᠠᠯ᠎ᠤᠨ ᠪᠦᠬᠦᠶ᠋ᠢᠯᠡ ᠶᠠᠪᠤᠴᠠ᠂ ᠵᠠᠩᠭᠢᠯᠠᠭ᠎ᠠ ᠵᠢᠨ ᠭᠣᠭᠴᠣᠭ᠎ᠠ ᠵᠢᠨ ᠵᠢᠷᠤᠭ ᠲᠥᠯᠥᠪᠯᠡᠭᠡ ᠵᠡᠷᠭᠡ ᠠᠭᠤᠯᠭ᠎ᠠ᠎ᠳᠤ ᠰᠠᠨᠠᠯ ᠰᠠᠨᠠᠭᠤᠯᠭ᠎ᠠ ᠳᠤᠷᠠᠳᠪᠠ᠃

ᠴᠢᠨ ᠵᠢᠶᠠᠨ ᠹᠧᠩ ᠭᠡᠰᠢᠭᠦᠨ ᠵᠢᠭ᠋ᠠᠵᠤ ᠭᠠᠷᠭ᠋ᠠᠭᠰᠠᠨ᠎ᠨᠢ᠂ ᠲᠤᠰ ᠤᠳᠠᠭ᠎ᠠ ᠵᠢᠨ ᠰᠣᠷᠢᠯᠲᠠ ᠵᠢᠨ ᠪᠠᠶ᠋ᠢᠳᠠᠯ᠎ᠠᠴᠠ ᠦᠵᠡᠪᠡᠯ᠂ ᠮᠡᠳᠡᠭᠦᠯᠦᠯᠲᠡ ᠵᠢᠨ ᠬᠤᠷᠠᠯ᠎ᠤᠨ ᠪᠡᠯᠡᠳᠬᠡᠯ᠎ᠤᠨ ᠴᠢᠨᠠᠷ ᠴᠢᠨᠰᠠᠭ᠎ᠠ᠎ᠨᠢ ᠡᠮᠦᠨᠡᠬᠢ ᠱᠠᠲᠤ᠎ᠲᠠᠢ ᠬᠠᠷᠢᠴᠠᠭᠤᠯᠪᠠᠯ ᠨᠡᠯᠢᠶᠡᠳ ᠢᠯᠡᠷᠬᠡᠶ ᠳᠡᠭᠡᠭᠰᠢᠯᠡᠯᠲᠡ᠎ᠲᠠᠢ ᠪᠣᠯᠵᠠᠶ᠃ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠤᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠪᠡᠯᠡᠳᠬᠡᠯ ᠠᠵᠢᠯ᠎ᠤᠨ ᠵᠢᠱ᠌ᠢᠭᠰᠡᠨ ᠦᠷ᠎ᠡ ᠪᠦᠲᠦᠮᠵᠢ ᠤᠯᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠬᠤ ᠵᠢ ᠬᠦᠰᠡᠵᠦ ᠪᠠᠶ᠋ᠢᠨ᠎ᠠ᠃ ᠡᠭᠦᠨ᠎ᠤ ᠬᠠᠮᠲᠤ᠂ ᠬᠤᠷᠠᠯ᠎ᠠᠴᠠ ᠡᠮᠦᠨᠡᠬᠢ ᠪᠠ ᠬᠤᠷᠠᠯ᠎ᠤᠨ ᠳᠠᠷᠠᠭ᠋ᠠᠬᠢ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠮᠡᠳᠡᠭᠦᠯᠦᠯᠲᠡ ᠵᠢᠨ ᠠᠭᠤᠯᠭ᠎ᠠ ᠵᠢ ᠬᠡᠰᠡᠭ ᠪᠤᠰᠠᠭ ᠵᠶ᠋ᠠᠷ ᠠᠮᠢᠳᠤᠯᠢᠭ ᠵᠶ᠋ᠠᠷ ᠰᠢᠢ᠍ᠳᠪᠦᠷᠢᠯᠡᠵᠦ᠂ ᠦᠷᠭᠦᠯᠵᠢᠯᠡᠨ ᠬᠦᠷᠭᠡᠵᠦ᠂ ᠲᠣᠰ ᠤᠳᠠᠭ᠎ᠠ ᠵᠢᠨ ᠮᠡᠳᠡᠭᠦᠯᠦᠯᠲᠡ ᠵᠢᠨ ᠬᠤᠷᠠᠯ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ ᠭᠡᠪᠡ᠃

ᠡᠷᠬᠢᠯᠡᠭᠴᠢ ᠰᠦᠨ ᠵᠢᠨ ᠶᠠᠨ ᠴᠢᠬᠤᠯᠠᠴᠢᠯᠠᠭᠰᠠᠨ᠎ᠨᠢ᠂ ᠣᠯᠠᠨ᠎ᠤ ᠬᠠᠮᠲᠤ ᠵᠢᠨ ᠴᠢᠷᠮᠠᠢ᠌ᠯᠠᠭ᠎ᠠ᠎ᠪᠠᠷ᠂ ᠮᠡᠳᠡᠭᠦᠯᠦᠯᠲᠡ ᠵᠢᠨ ᠬᠤᠷᠠᠯ᠎ᠤᠨ ᠪᠡᠯᠡᠳᠬᠡᠯ ᠠᠵᠢᠯ ᠨᠢᠭᠡᠨᠲᠡ ᠨᠡᠯᠢᠶᠡᠳ ᠪᠣᠯᠪᠠᠰᠤᠷᠠᠩᠭᠤᠶ ᠪᠣᠯᠵᠠᠶ᠂ ᠭᠡᠪᠡᠴᠦ ᠡᠭᠦᠨ᠎ᠠᠴᠠ ᠡᠮᠦᠨ᠎ᠡ ᠮᠠᠨ᠎ᠤ ᠳᠤᠷᠠᠳᠤᠭᠰᠠᠨ 《ᠨᠠᠷᠢᠨ ᠵᠦᠢ᠍ᠯᠡᠰ᠎ᠲᠠᠢ᠂ ᠥᠯᠢᠭᠡᠷ᠎ᠲᠠᠢ᠂ ᠮᠢᠬ᠎ᠠ ᠴᠢᠰᠤᠲᠠᠢ》 ᠪᠠᠶ᠋ᠢᠬᠤ ᠪᠠᠷᠢᠮᠵᠢᠶ᠎ᠠ᠎ᠲᠠᠢ ᠬᠠᠷᠢᠴᠠᠭᠤᠯᠪᠠᠯ᠂ ᠪᠦᠬᠦᠯᠢ ᠴᠣᠭᠴᠠ ᠵᠢᠨ ᠲᠠᠯ᠎ᠠ᠎ᠪᠠᠷ ᠪᠠᠰᠠ ᠡᠳᠦᠶ ᠲᠡᠳᠦᠶ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶ᠋ᠢᠨ᠎ᠠ᠃ ᠵᠢᠱ᠌ᠢᠶᠡᠯᠡᠪᠡᠯ ᠮᠡᠳᠡᠭᠦᠯᠦᠯᠲᠡ ᠵᠢᠨ ᠦᠭᠡ᠎ᠨᠢ ᠨᠡᠯᠢᠶᠡᠳ ᠤᠷᠳᠤ᠂ ᠲᠡᠰ ᠳᠠᠪᠬᠤᠷᠭ᠎ᠠ᠎ᠨᠢ ᠲᠡᠶ᠋ᠢᠮᠦ ᠪᠠᠶᠠᠯᠢᠭ ᠪᠢᠰᠢ᠂ ᠭᠣᠣᠯᠳᠠᠯᠭ᠎ᠠ᠎ᠨᠢ ᠲᠡᠶ᠋ᠢᠮᠦ ᠲᠣᠳᠣᠷᠬᠠᠢ ᠪᠢᠰᠢ; ᠮᠡᠳᠡᠭᠦᠯᠦᠯᠲᠡ ᠵᠢᠨ ᠬᠥᠮᠦᠨ ᠰᠡᠳᠬᠢᠯᠭᠡ ᠵᠢᠨ ᠣᠷᠣᠭᠤᠯᠤᠯᠲᠠ᠂ ᠢᠯᠡᠳᠬᠡᠬᠦ ᠴᠢᠳᠠᠪᠤᠷᠢ᠂ ᠠᠮᠢᠳᠤᠯᠢᠭ ᠲᠠᠯ᠎ᠠ᠎ᠪᠠᠷ ᠪᠠᠰᠠ ᠤᠯᠠᠮ ᠨᠢᠭᠡ ᠠᠯᠬᠤᠮ ᠳᠡᠭᠡᠭᠰᠢᠯᠡᠬᠦ ᠣᠷᠣᠨ ᠵᠠᠶ᠎ᠲᠠᠢ; ᠠᠯᠪᠠᠨ ᠪᠢᠴᠢᠭ᠎ᠤᠨ ᠠᠭᠤᠯᠭ᠎ᠠ᠎ᠨᠢ ᠢᠯᠡᠭᠤᠤ ᠪᠥᠭᠡᠳ ᠨᠠᠷᠢᠨ ᠵᠦᠢ᠍ᠯ᠎ᠨᠢ ᠳᠤᠲᠠᠮᠠᠭ᠂ ᠪᠠᠰᠠ ᠤᠯᠠᠮ ᠨᠢᠭᠡ ᠠᠯᠬᠤᠮ ᠨᠠᠢ᠌ᠷᠠᠭᠤᠯᠬᠤ ᠴᠢᠬᠤᠯᠠᠲᠠᠶ᠃ ᠶᠡᠷᠦᠩᠬᠡᠢ᠎ᠳᠤ᠎ᠨᠢ ᠠᠪᠴᠤ ᠦᠵᠡᠪᠡᠯ᠂ ᠪᠡᠯᠡᠳᠬᠡᠯ ᠠᠵᠢᠯ᠎ᠤᠨ ᠬᠡᠪᠴᠢᠶ᠎ᠡ ᠥᠷᠭᠡᠨ᠂ ᠡᠯ᠎ᠡ ᠲᠠᠯ᠎ᠠ᠎ᠲᠠᠢ ᠬᠣᠯᠪᠣᠭᠳᠠᠵᠤ᠂ ᠬᠢᠬᠦ ᠠᠵᠢᠯ ᠪᠠᠰᠠ ᠮᠠᠰᠢ ᠤᠯᠠᠨ ᠪᠠᠶ᠋ᠢᠨ᠎ᠠ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠭᠣᠣᠯᠳᠠᠯᠭ᠎ᠠ᠎ᠪᠠᠨ ᠲᠣᠳᠣᠷᠬᠠᠶ᠋ᠢᠯᠠᠵᠤ᠂ ᠬᠠᠷᠢᠭᠤᠴᠠᠯᠭ᠋ᠠᠲᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ᠂ ᠯᠠᠪᠳᠠᠭᠤᠨ ᠪᠠᠲᠤᠲᠠᠢ ᠠᠬᠢᠭᠤᠯᠵᠤ᠂ ᠮᠡᠳᠡᠭᠦᠯᠦᠯᠲᠡ ᠵᠢᠨ ᠬᠤᠷᠠᠯ᠎ᠤᠨ ᠠᠮᠤᠷ ᠲᠦᠪᠰᠢᠨ ᠡᠮᠬᠢ ᠵᠢᠷᠤᠮ᠎ᠲᠠᠢ᠂ ᠤᠷᠤᠭᠰᠢᠲᠠᠢ ᠲᠡᠭᠦᠰ ᠠᠮᠵᠢᠯᠲᠠ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠵᠢ ᠬᠦᠰᠡᠵᠦ ᠪᠠᠶ᠋ᠢᠨ᠎ᠠ ᠭᠡᠪᠡ᠃