
2020 ᠣᠨ᠎ᠤ 10 ᠰᠠᠷ᠎ᠠ ᠵᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ 2020 ᠣᠨ᠎ᠤ ᠬᠠᠤᠯᠢᠴᠢ ᠵᠢᠨ ᠠᠯᠪᠠᠨ ᠭᠡᠷᠡᠴᠢᠯᠡᠭᠡ ᠵᠢᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ 7 ᠳᠡᠭᠡᠳᠦ ᠵᠡᠷᠭᠡ ᠵᠢᠨ ᠬᠠᠤᠯᠢᠴᠢ᠂ ᠳᠡᠭᠡᠳᠦ ᠵᠡᠷᠭᠡ ᠵᠢᠨ ᠠᠯᠪᠠᠨ ᠭᠡᠷᠡᠴᠢᠯᠡᠭᠴᠢ᠎ᠪᠠᠷ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠠᠯᠪᠠᠨ ᠭᠡᠷᠡᠴᠢᠯᠡᠭᠡ ᠵᠢᠨ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠺᠣᠮᠢᠰ᠎ᠢ ᠪᠦᠷᠢᠯᠳᠦᠭᠦᠯᠵᠦ᠂ ᠪᠥᠬᠥ ᠣᠷᠣᠨ᠎ᠤ ᠭᠤᠶᠤᠴᠢᠯᠠᠨ ᠮᠡᠳᠡᠭᠦᠯᠦᠭᠰᠡᠨ 35 ᠬᠠᠤᠯᠢᠴᠢ ᠪᠣᠯᠤᠨ ᠠᠯᠪᠠᠨ ᠭᠡᠷᠡᠴᠢᠯᠡᠭᠴᠢ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠪᠠ᠃

2020 ᠣᠨ᠎ᠳᠤ᠂ ᠪᠥᠬᠥ ᠣᠷᠣᠨ᠎ᠳᠤ ᠨᠡᠶ᠋ᠢᠲᠡ 19 ᠬᠠᠤᠯᠢᠴᠢ ᠪᠠ 16 ᠠᠯᠪᠠᠨ ᠭᠡᠷᠡᠴᠢᠯᠡᠭᠴᠢ ᠥᠨᠳᠥᠷ ᠳᠤᠮᠳᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠬᠢᠨᠠᠨ ᠲᠣᠭᠲᠠᠭ᠋ᠠᠬᠤ ᠠᠵᠢᠯ᠎ᠢ ᠵᠢᠯᠣᠭᠣᠳᠴᠤ᠂ ᠲᠥᠪ ᠭᠣᠤᠯᠴᠢ᠂ ᠡᠷᠬᠡ ᠲᠡᠭᠰᠢ ᠪᠠᠶ᠋ᠢᠬᠤ ᠵᠢ ᠢᠮᠠᠭᠲᠠ ᠪᠠᠷᠢᠮᠲᠠᠯᠠᠵᠤ᠂ ᠬᠢᠨᠠᠨ ᠲᠣᠭᠲᠠᠭ᠋ᠠᠬᠤ ᠨᠥᠬᠥᠴᠡᠯ ᠶᠣᠰᠣᠭ᠋ᠠᠷ ᠪᠣᠭᠣᠮᠲᠠ ᠵᠢ ᠴᠢᠩᠭ᠎ᠠ ᠠᠳᠬᠤᠵᠤ᠂ ᠰᠠᠬᠢᠯᠭ᠎ᠠ ᠪᠠᠲᠤ ᠵᠢ ᠴᠢᠩᠳᠠᠯᠠᠵᠤ᠂ ᠬᠢᠨᠠᠨ ᠲᠣᠭᠲᠠᠭ᠋ᠠᠬᠤ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
ᠬᠢᠨᠠᠨ ᠲᠤᠭᠲᠠᠭ᠋ᠠᠬᠤ ᠠᠵᠢᠯ᠎ᠤᠨ ᠳᠤᠮᠳᠠ᠂ ᠬᠤᠷᠠᠯ᠎ᠳᠤ ᠣᠷᠣᠯᠴᠠᠭᠰᠠᠨ ᠬᠢᠨᠠᠨ ᠲᠤᠭᠲᠠᠭ᠋ᠠᠬᠤ ᠺᠣᠮᠢᠰ᠎ᠤᠨ ᠭᠡᠰᠢᠭᠦᠳ ᠮᠡᠷᠭᠡᠵᠢᠯ᠎ᠤᠨ ᠴᠣᠯᠠ ᠬᠢᠨᠠᠨ ᠲᠤᠭᠲᠠᠭ᠋ᠠᠬᠤ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠬᠡᠷᠡᠭ᠎ᠤᠨ ᠡᠪᠬᠡᠮᠡᠯ᠎ᠤᠨ ᠮᠠᠲ᠋ᠧᠷᠢᠶᠠᠯ᠎ᠢ ᠨᠢᠭᠡᠳ ᠨᠢᠭᠡ᠎ᠪᠠᠷ ᠬᠢᠨᠠᠨ ᠪᠠᠶ᠋ᠢᠴᠠᠭ᠋ᠠᠵᠤ᠂ ᠨᠠᠷᠢᠨ ᠬᠢᠨᠠᠮᠠᠭ᠋ᠠᠶ ᠬᠢᠨᠠᠨ ᠶᠠᠷᠢᠯᠴᠠᠭᠰᠠᠨ ᠪᠥᠭᠡᠳ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠢᠯᠡᠳᠬᠡᠪᠡ᠃ ᠪᠥᠬᠥ ᠬᠢᠨᠠᠨ ᠲᠤᠭᠲᠠᠭ᠋ᠠᠬᠤ ᠺᠣᠮᠢᠰ᠎ᠤᠨ ᠭᠡᠰᠢᠭᠦᠨ ᠨᠡᠷ᠎ᠡ ᠲᠡᠮᠳᠡᠭᠯᠡᠬᠦ ᠥᠬᠡᠶ᠎ᠪᠠᠷ ᠪᠢᠯᠧᠲ ᠥᠭᠭᠦᠭᠰᠡᠨ ᠪᠥᠭᠡᠳ ᠲᠤᠬᠠᠶ ᠵᠢᠨ ᠲᠠᠯᠠᠪᠤᠷ᠎ᠲᠤ ᠪᠢᠯᠧᠲ ᠬᠢᠨᠠᠬᠤ᠂ ᠪᠢᠯᠧᠲ ᠪᠦᠷᠢᠳᠬᠡᠬᠦ᠎ᠪᠠᠷ ᠳᠡᠮᠵᠢᠨ᠂ ᠡᠴᠦᠰ᠎ᠲᠤ᠎ᠪᠠᠨ ᠨᠥᠬᠥᠴᠡᠯ᠎ᠳᠤ ᠨᠡᠶ᠋ᠢᠴᠡᠭᠰᠡᠨ ᠬᠥᠮᠦᠰ᠎ᠢ ᠪᠠᠲᠤᠯᠠᠨ ᠬᠢᠨᠠᠨ ᠲᠤᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠠᠯᠪᠠᠨ ᠭᠡᠷᠡᠴᠢᠯᠡᠭᠡ ᠵᠢᠨ ᠡᠩᠨᠡᠭᠡᠨ᠎ᠤ ᠲᠤᠰᠬᠠᠶ᠋ᠢᠵᠢᠭᠰᠠᠨ ᠬᠢᠷᠢ ᠲᠦᠪᠰᠢᠨ᠎ᠤ ᠳᠡᠭᠡᠭᠰᠢᠯᠡᠯᠲᠡ ᠵᠢ ᠤᠯᠠᠮ ᠨᠢᠭᠡ ᠠᠯᠬᠤᠮ ᠠᠬᠢᠭᠤᠯᠪᠠ᠃ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ ᠵᠶ᠋ᠠᠷ᠂ ᠬᠢᠨᠠᠨ ᠲᠣᠭᠲᠠᠭ᠋ᠠᠬᠤ ᠺᠣᠮᠢᠰ ᠪᠠᠰᠠ ᠬᠢᠨᠠᠨ ᠪᠠᠲᠤᠯᠠᠭᠰᠠᠨ ᠪᠠᠶ᠋ᠢᠳᠠᠯ ᠵᠶ᠋ᠠᠨ ᠭᠤᠶᠤᠴᠢᠯᠠᠭᠴᠢ ᠵᠢᠨ ᠪᠠᠶ᠋ᠢᠭ᠎ᠠ ᠨᠢᠭᠡᠴᠢ᠎ᠳᠤ ᠬᠠᠷᠢᠭᠤ ᠲᠤᠰᠬᠠᠵᠤ᠂ 5 ᠠᠵᠢᠯᠯᠠᠬᠤ ᠡᠳᠦᠷ᠎ᠤᠨ ᠳᠤᠲᠤᠷ᠎ᠠ ᠢᠯᠡ᠎ᠪᠠᠷ ᠨᠡᠢ᠌ᠲᠡᠯᠡᠵᠦ᠂ ᠢᠯᠡ᠎ᠪᠠᠷ ᠨᠡᠢ᠌ᠲᠡᠯᠡᠭᠡᠳ ᠣᠨᠳᠣᠣ ᠰᠠᠨᠠᠯ ᠦᠭᠡᠶ ᠪᠣᠯ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠵᠦ ᠳᠠᠩᠰᠠᠯᠠᠭᠤᠯᠬᠤ ᠬᠡᠷᠡᠭᠲᠡᠶ᠃