ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠵᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2020-10-12

     2020 ᠣᠨ᠎ᠤ 9 ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠣᠷᠣᠨ᠎ᠤ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠵᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠬᠡᠯᠲᠡᠰ᠎ᠤᠨ ᠡᠷᠬᠢᠯᠡᠭᠴᠢ ᠰᠦᠨ ᠵᠢᠨ ᠶᠠᠨ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠵᠥᠪᠯᠡᠯ᠎ᠤᠨ ᠠᠯᠪᠠᠨ ᠬᠡᠷ᠎ᠤᠨ ᠡᠷᠬᠢᠯᠡᠭᠴᠢ ᠴᠢᠨ ᠵᠢᠶᠠᠨ ᠹᠸᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠬᠠᠮᠢᠶᠠᠷᠤᠯᠲᠠ ᠵᠢᠨ ᠲᠣᠪᠴᠢᠶ᠎ᠠ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠶᠠᠮᠤᠨ᠎ᠤ ᠠᠵᠢᠯᠲᠠᠨ᠎ᠤ ᠶᠠᠪᠤᠳᠠᠯ᠎ᠤᠨ ᠭᠠᠵᠠᠷ᠂ ᠴᠠᠭᠳᠠᠭ᠋ᠠᠨ᠎ᠤ ᠶᠠᠪᠤᠳᠠᠯ᠎ᠤᠨ ᠰᠢᠮᠳᠠᠭᠤᠯᠤᠨ ᠪᠠᠶ᠋ᠢᠴᠠᠭ᠋ᠠᠬᠤ ᠭᠠᠵᠠᠷ᠂ ᠠᠷᠠᠳ ᠲᠦᠮᠡᠨ᠎ᠤ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ ᠵᠡᠷᠭᠡ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠨᠠᠷ ᠬᠤᠷᠠᠯ᠎ᠳᠤ ᠣᠷᠣᠯᠴᠠᠪᠠ᠃
      ᠬᠤᠷᠠᠯ᠎ᠠᠴᠠ ᠪᠥᠬᠥ ᠣᠷᠣᠨ᠎ᠤ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠵᠢ ᠨᠢᠭᠡ ᠴᠣᠭᠴᠠᠵᠢᠭᠤᠯᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠪᠠ ᠭᠢᠨᠳᠠᠨ᠎ᠤ ᠬᠣᠤᠷ ᠲᠠᠲᠠᠬᠤ ᠵᠢ ᠵᠣᠭᠰᠣᠭ᠋ᠠᠬᠤ ᠴᠠᠭᠳᠠᠭ᠎ᠠ ᠵᠢᠨ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠠᠵᠢᠯ᠎ᠳᠤ ᠣᠷᠣᠯᠴᠠᠬᠤ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ᠎ᠢ ᠰᠤᠳᠤᠯᠪᠠ᠃ ᠨᠠᠷᠢᠨ ᠬᠢᠨᠠᠮᠠᠭ᠋ᠠᠶ ᠰᠤᠳᠤᠯᠤᠨ ᠶᠠᠷᠢᠯᠴᠠᠬᠤ᠎ᠪᠠᠷ ᠳᠡᠮᠵᠢᠨ᠂ ᠬᠤᠷᠠᠯ᠎ᠠᠴᠠ ᠪᠥᠬᠥ ᠣᠷᠣᠨ᠎ᠤ ᠭᠢᠨᠳᠠᠨ᠂ ᠬᠣᠤᠷ ᠲᠠᠲᠠᠬᠤ ᠵᠢ ᠵᠣᠭᠰᠣᠭ᠋ᠠᠬᠤ ᠴᠠᠭᠳᠠᠭ᠎ᠠ ᠵᠢᠨ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠠᠵᠢᠯ᠎ᠳᠤ ᠣᠷᠣᠯᠴᠠᠬᠤ ᠠᠷᠭ᠎ᠠ ᠬᠡᠯᠪᠡᠷᠢ᠂ ᠨᠥᠬᠥᠴᠡᠯ᠂ ᠡᠭᠦᠷᠭᠡ ᠬᠠᠷᠢᠭᠤᠴᠠᠯᠭ᠎ᠠ᠂ ᠬᠠᠷᠠᠭ᠋ᠠᠯᠵᠠᠯ᠂ ᠲᠣᠮᠢᠯᠠᠨ ᠰᠠᠭᠤᠯᠭ᠋ᠠᠭᠰᠠᠨ ᠲᠣᠭ᠎ᠠ ᠬᠡᠮᠵᠢᠶ᠎ᠡ ᠵᠡᠷᠭᠡ ᠲᠠᠯ᠎ᠠ᠎ᠪᠠᠷ ᠰᠠᠨᠠᠯ ᠨᠢᠭᠡᠲᠡᠶ ᠪᠣᠯᠪᠠ᠃


      ᠴᠢᠨ ᠵᠢᠶᠠᠨ ᠹᠸᠩ ᠡᠷᠬᠢᠯᠡᠭᠴᠢ ᠬᠡᠯᠡᠭᠰᠡᠨ᠎ᠨᠢ᠂ ᠨᠡᠶ᠋ᠢᠭᠡᠮ ᠲᠣᠭᠣᠷᠢᠭ᠎ᠤᠨ ᠵᠠᠰᠠᠯᠲᠠ ᠪᠣᠯ ᠨᠢᠭᠡᠨ ᠭᠡᠷᠡᠯ ᠰᠠᠴᠤᠷᠠᠩᠭᠤᠢ ᠦᠢ᠍ᠯᠡᠰ ᠪᠣᠯᠤᠨ᠎ᠠ᠃ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠵᠢ ᠨᠢᠭᠡ ᠴᠤᠭᠴᠠᠵᠢᠭᠤᠯᠬᠤ ᠲᠦᠯᠬᠢᠨ ᠠᠬᠢᠭᠤᠯᠵᠤ᠂ ᠭᠢᠨᠳᠠᠨ᠎ᠳᠤ ᠰᠠᠭᠤᠬᠤ ᠬᠣᠣᠷ ᠲᠠᠲᠠᠬᠤ ᠵᠢ ᠵᠣᠭᠰᠣᠭ᠋ᠠᠬᠤ ᠴᠠᠭᠳᠠᠭ᠎ᠠ ᠵᠢ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ᠎ᠳᠤ ᠲᠣᠮᠢᠯᠠᠨ ᠣᠷᠣᠯᠴᠠᠭᠤᠯᠬᠤ ᠪᠣᠯ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠬᠠᠤᠯᠢ ᠪᠠ ᠬᠠᠤᠯᠢ ᠴᠠᠭ᠋ᠠᠵᠠ ᠵᠢᠨ ᠶᠠᠮᠤᠨ᠎ᠤ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ᠎ᠨᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠺᠠᠳ᠋ᠷ ᠴᠠᠭᠳᠠᠭ᠎ᠠ ᠵᠢᠨ ᠬᠠᠷᠢᠯᠴᠠᠨ ᠰᠣᠯᠢᠯᠴᠠᠬᠤ᠂ ᠰᠤᠷᠤᠯᠴᠠᠨ ᠯᠠᠪᠯᠠᠯᠲᠠ ᠪᠣᠯᠭ᠋ᠠᠬᠤ᠂ ᠥᠩᠭᠡᠷᠡᠯᠲᠡ᠎ᠪᠠᠨ ᠪᠠᠶᠠᠯᠢᠭᠵᠢᠭᠤᠯᠬᠤ᠂ ᠠᠵᠢᠯ ᠮᠡᠷᠭᠡᠵᠢᠯ᠎ᠤᠨ ᠬᠥᠭᠵᠢᠯᠲᠡ ᠵᠢᠨ ᠣᠷᠣᠨ ᠵᠠᠢ᠎ᠪᠠᠨ ᠥᠷᠭᠡᠳᠬᠡᠬᠦ᠂ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠎ᠳᠤ ᠮᠠᠰᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠭᠢᠨᠳᠠᠨ᠎ᠤ ᠬᠠᠮᠢᠶᠠᠷᠤᠯᠲᠠ ᠵᠢᠨ ᠲᠤᠪᠴᠢᠶ᠎ᠠ᠂ ᠬᠣᠣᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠤᠪᠴᠢᠶ᠎ᠠ ᠵᠢᠨ ᠨᠥᠬᠥᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ 《ᠨᠢᠭᠡ ᠬᠥᠯᠭᠡ ᠰᠢᠳᠠᠷ᠎ᠠ》 ᠵᠢᠨ ᠦᠵᠡᠯ ᠰᠠᠨᠠᠭ᠎ᠠ ᠵᠢ ᠪᠤᠢ ᠪᠣᠯᠭ᠋ᠠᠵᠤ᠂ ᠵᠣᠭᠰᠣᠴᠠ ᠥᠨᠳᠥᠷ ᠪᠠᠶ᠋ᠢᠵᠤ᠂ ᠶᠡᠬᠡ ᠲᠠᠯ᠎ᠠ ᠵᠢ ᠡᠷᠬᠢᠮᠯᠡᠨ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠬᠡᠪ ᠰᠤᠷᠲᠠᠯ ᠵᠶ᠋ᠠᠨ ᠪᠠᠳᠠᠷᠠᠭᠤᠯᠤᠨ᠂ ᠲᠣᠮᠢᠯᠠᠨ ᠰᠠᠭᠤᠯᠭ᠋ᠠᠭᠰᠠᠨ ᠴᠠᠭᠳᠠᠭ᠎ᠠ ᠵᠢᠨ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠠᠵᠢᠯ᠎ᠳᠤ ᠣᠷᠣᠯᠴᠠᠬᠤ ᠵᠢ ᠢᠳᠡᠪᠬᠢᠲᠡᠢ ᠳᠡᠮᠵᠢᠭᠰᠡᠨ᠎ᠢ ᠭᠦᠢ᠍ᠴᠡᠳ ᠨᠤᠲᠠᠯᠠᠭᠤᠰᠢᠲᠠᠢ ᠪᠥᠭᠡᠳ ᠮᠠᠭᠲᠠᠨ ᠰᠠᠶ᠋ᠢᠰᠢᠶᠠᠭᠤᠰᠢᠲᠠᠢ ᠶᠤᠮ ᠭᠡᠪᠡ᠃


      ᠰᠦᠨ ᠵᠢᠨ ᠶᠠᠨ ᠡᠷᠬᠢᠯᠡᠭᠴᠢ ᠵᠢᠭ᠋ᠠᠭᠰᠠᠨ᠎ᠨᠢ᠂ ᠡᠯ᠎ᠡ ᠨᠢᠭᠡᠴᠢ ᠵᠢᠨ᠎ᠬᠢᠨ ᠨᠡᠶ᠋ᠢᠭᠡᠮ ᠲᠣᠭᠣᠷᠢᠭ᠎ᠲᠤ ᠲᠣᠮᠢᠯᠠᠨ ᠰᠠᠭᠤᠯᠭ᠋ᠠᠵᠤ ᠵᠠᠰᠠᠮᠵᠢᠯᠠᠬᠤ ᠠᠵᠢᠯ᠎ᠳᠤ ᠣᠷᠣᠯᠴᠠᠭᠤᠯᠬᠤ ᠠᠷᠠᠳ᠎ᠤᠨ ᠴᠠᠭᠳᠠᠭ᠎ᠠ ᠵᠢᠨ ᠪᠣᠭᠣᠮᠲᠠ ᠵᠢ ᠰᠠᠬᠢᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠨᠢᠭᠡ᠎ᠳᠤ ᠪᠡᠶ᠎ᠡ ᠮᠠᠬᠠᠪᠣᠳ᠎ᠤᠨ ᠨᠥᠬᠥᠴᠡᠯ ᠵᠶ᠋ᠠᠷ ᠰᠠᠶ᠋ᠢᠨ᠂ ᠤᠯᠤᠰ ᠲᠥᠷᠥ ᠵᠢᠨ ᠬᠡᠪ ᠴᠢᠨᠠᠷ ᠵᠶ᠋ᠠᠷ ᠥᠨᠳᠥᠷ᠂ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠣᠪᠣᠷ ᠰᠤᠷᠲᠠᠯ ᠵᠶ᠋ᠠᠷ ᠯᠠᠪᠳᠠᠭᠤᠨ ᠠᠷᠠᠳ᠎ᠤᠨ ᠴᠠᠭᠳᠠᠭ᠎ᠠ ᠵᠢ ᠰᠣᠩᠭᠣᠨ ᠲᠤᠮᠢᠯᠠᠵᠤ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠠᠵᠢᠯ᠎ᠳᠤ ᠣᠷᠣᠯᠴᠠᠭᠤᠯᠵᠤ᠂ ᠡᠭᠦᠨ ᠵᠶ᠋ᠠᠷ ᠲᠣᠬᠢᠶᠠᠯ ᠪᠣᠯᠭ᠋ᠠᠨ ᠠᠷᠠᠳ᠎ᠤᠨ ᠴᠠᠭᠳᠠᠭ᠎ᠠ ᠵᠢᠨ ᠡᠩᠨᠡᠭᠡᠨ᠎ᠤ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠬᠣᠶᠠᠷ᠎ᠲᠤ ᠠᠷᠠᠳ᠎ᠤᠨ ᠴᠠᠭᠳᠠᠭ᠎ᠠ ᠲᠣᠮᠢᠯᠠᠨ ᠰᠠᠭᠤᠯᠭ᠋ᠠᠬᠤ ᠡᠯ᠎ᠡ ᠵᠦᠢ᠍ᠯ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠲᠡᠳᠡᠨ᠎ᠤ ᠤᠤᠯ᠎ᠤᠨ ᠨᠢᠭᠡᠴᠢ᠂ ᠤᠤᠯ᠎ᠤᠨ ᠠᠵᠢᠯ᠎ᠤᠨ ᠪᠠᠶ᠋ᠢᠷᠢ ᠵᠢᠨ ᠣᠯᠭᠣᠮᠵᠢ᠎ᠪᠠᠨ ᠦᠷᠭᠦᠯᠵᠢᠯᠡᠨ ᠬᠦᠷᠲᠡᠬᠦ ᠵᠢ ᠪᠠᠲᠤᠯᠠᠬᠤ ᠵᠢᠨ ᠬᠠᠮᠲᠤ ᠪᠠᠰᠠ ᠲᠡᠳᠡᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ᠎ᠠᠴᠠ ᠲᠣᠭᠲᠠᠭ᠋ᠠᠭᠰᠠᠨ ᠲᠤᠰᠢᠶᠠᠯ ᠡᠭᠦᠷᠭᠡᠯᠡᠬᠦ ᠺᠠᠳ᠋ᠷ᠎ᠤᠨ ᠬᠠᠮᠢᠶ᠎ᠠ ᠪᠦᠬᠦᠢ ᠣᠯᠭᠣᠮᠵᠢ ᠬᠦᠷᠲᠡᠬᠦ ᠵᠢ ᠪᠠᠲᠤᠯᠠᠬᠤ ᠬᠡᠷᠡᠭᠲᠡᠶ᠃ ᠭᠤᠷᠪᠠ᠎ᠳᠤ ᠭᠢᠨᠳᠠᠨ᠎ᠤ ᠬᠣᠤᠷ ᠲᠠᠲᠠᠬᠤ ᠵᠢ ᠵᠣᠭᠰᠣᠭ᠋ᠠᠬᠤ ᠠᠷᠠᠳ᠎ᠤᠨ ᠴᠠᠭᠳᠠᠭ᠎ᠠ ᠵᠢᠨ ᠨᠡᠶ᠋ᠢᠭᠡᠮ ᠲᠣᠭᠣᠷᠢᠭ᠎ᠤᠨ ᠵᠠᠰᠠᠮᠵᠢᠯᠠᠬᠤ ᠠᠵᠢᠯ᠎ᠳᠤ ᠣᠷᠣᠯᠴᠠᠬᠤ ᠡᠯ᠎ᠡ ᠵᠦᠢ᠍ᠯ᠎ᠤᠨ ᠠᠵᠢᠯ᠎ᠤᠨ ᠲᠦᠷᠢᠮ᠎ᠢ ᠲᠣᠭᠲᠠᠭ᠋ᠠᠨ ᠲᠡᠭᠦᠯᠳᠡᠷᠵᠢᠭᠦᠯᠵᠦ᠂ ᠠᠵᠢᠯ ᠥᠷᠨᠢᠭᠦᠯᠦᠭᠰᠡᠨ ᠪᠠᠶ᠋ᠢᠳᠠᠯ᠎ᠢ ᠬᠢᠨᠠᠨ ᠵᠢᠯᠣᠭᠣᠳᠴᠤ᠂ ᠡᠷᠡᠭᠦᠦ ᠰᠢᠢ᠍ᠳᠬᠡᠯ᠎ᠢ ᠭᠦᠢ᠍ᠴᠡᠳᠬᠡᠬᠦ ᠵᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠡᠭᠦᠷᠭᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠪᠡ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
                 
ᠤᠯᠤᠰ᠎ᠤᠨ ᠲᠡᠷᠢᠭᠦᠯᠡᠭᠴᠢ ᠰᠢ ᠵᠢᠨ ᠫᠢᠩ 2021 ᠣᠨ᠎ᠤ ᠰᠢᠨ᠎ᠠ ᠵᠢᠯ᠎ᠤᠨ ᠪᠠᠶᠠᠷ᠎ᠤᠨ ᠦᠭᠡ ᠨᠡᠶ᠋ᠢᠳᠡᠯᠡᠪᠡ
ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ 《ᠬᠣᠶᠠᠷ ᠵᠢᠯ᠎ᠤᠨ ᠭᠤᠷᠪᠠ ᠤᠳᠠᠭ᠎ᠠ ᠵᠢᠨ ᠰᠢᠯᠭ᠋ᠠᠯᠲᠠ》 ᠵᠢᠨ ᠨᠢᠭᠡᠳᠦᠭᠡᠷ ᠤᠯᠠᠷᠢᠯ᠎ᠤᠨ ᠰᠢᠯᠭ᠋ᠠᠯᠲᠠ ᠵᠢ ᠵᠣᠬᠢᠶᠠᠨ ᠪᠠᠶ᠋ᠢᠭᠤᠯᠪᠠ
ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠡᠯ᠎ᠡ ᠨᠢᠭᠡᠴᠢ 2020 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠶᠡᠬᠡ ᠬᠤᠷᠠᠯ ᠬᠤᠷᠠᠯᠳᠤᠭᠤᠯᠪᠠ
ᠴᠠᠭᠳᠠᠭ᠋ᠠᠨ᠎ᠤ ᠲᠠᠯ᠎ᠠ ᠵᠢᠨ᠎ᠬᠢᠨ ᠤᠷᠠᠨ ᠠᠪᠢᠶᠠᠰ ᠵᠶ᠋ᠠᠨ ᠭᠠᠢ᠌ᠬᠠᠭᠤᠯᠵᠤ ᠴᠠᠭ᠋ᠠᠨ ᠰᠠᠷ᠎ᠠ ᠵᠢᠨ ᠪᠠᠶᠠᠷ ᠬᠦᠷᠭᠡᠵᠦ ᠪᠠᠢ᠌ᠨ᠎ᠠ
 
            