ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠡᠯ᠎ᠡ ᠨᠢᠭᠡᠴᠢ 2020 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠶᠡᠬᠡ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-01-29

      ᠣᠶ᠋ᠢᠷ᠎ᠠ᠎ᠳᠤ᠂ 2020 ᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠬᠠᠶ ᠥᠪᠥᠷ ᠮᠣᠩᠭᠣᠯ᠎ᠤᠨ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠬᠣᠷᠢᠶᠠᠨ᠎ᠤ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠰᠢᠯᠭ᠋ᠠᠬᠤ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠡᠯ᠎ᠡ ᠨᠢᠭᠡᠴᠢ ᠵᠢᠨ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ 2020 ᠣᠨ᠎ᠤ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ᠎ᠢ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠰᠢᠯᠭ᠋ᠠᠬᠤ ᠶᠡᠬᠡ ᠬᠤᠷᠠᠯ᠎ᠢ ᠬᠤᠷᠠᠯᠳᠤᠭᠤᠯᠵᠤ᠂ ᠡᠯ᠎ᠡ ᠨᠠᠮ᠎ᠤᠨ ᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠠᠮᠲᠤ᠎ᠪᠠᠷ ᠦᠨᠡᠯᠡᠨ ᠶᠠᠷᠢᠯᠴᠠᠪᠠ᠃ ᠡᠯ᠎ᠡ ᠨᠢᠭᠡᠴᠢ ᠵᠢᠨ ᠨᠠᠮ᠎ᠤᠨ ᠬᠣᠷᠢᠶᠠᠨ᠎ᠤ ᠱᠦᠵᠢ ᠦᠨᠡᠯᠡᠨ ᠶᠠᠷᠢᠯᠴᠠᠬᠤ ᠬᠤᠷᠠᠯ᠎ᠢ ᠡᠷᠬᠢᠯᠡᠵᠦ᠂ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠨᠠᠮ᠎ᠤᠨ ᠡᠭᠦᠷ᠎ᠤᠨ ᠱᠦᠵᠢ᠂ ᠨᠠᠮ᠎ᠤᠨ ᠭᠡᠰᠢᠭᠦᠨ ᠠᠷᠠᠳ᠎ᠤᠨ ᠴᠠᠭᠳᠠᠭ᠎ᠠ ᠵᠢᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠡᠯ᠎ᠡ ᠨᠠᠮ᠎ᠤᠨ ᠡᠭᠦᠷ᠎ᠤᠨ ᠱᠦᠵᠢ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠰᠢᠯᠭ᠋ᠠᠬᠤ ᠭᠣᠤᠯ ᠠᠭᠤᠯᠭ᠎ᠠ᠎ᠲᠠᠢ ᠬᠠᠷᠭᠤᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠥᠪᠡᠷ᠎ᠢ᠎ᠪᠠᠨ ᠪᠠᠭᠲᠠᠭ᠋ᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠭᠲᠠᠭ᠋ᠠᠨ ᠣᠷᠣᠭᠤᠯᠵᠤ᠂ ᠠᠵᠢᠯ ᠵᠶ᠋ᠠᠨ ᠪᠠᠭᠲᠠᠭ᠋ᠠᠨ ᠣᠷᠣᠭᠤᠯᠵᠤ᠂ 2020 ᠣᠨ᠎ᠤ ᠨᠠᠮ᠎ᠤᠨ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠢ ᠬᠠᠷᠢᠭᠤ ᠮᠡᠳᠡᠭᠦᠯᠵᠦ᠂ ᠠᠮᠵᠢᠯᠲᠠ ᠪᠦᠲᠦᠮᠵᠢ ᠪᠠ ᠲᠤᠷᠰᠢᠯᠭ᠎ᠠ᠎ᠪᠠᠨ ᠪᠥᠬᠥ ᠲᠠᠯ᠎ᠠ᠎ᠪᠠᠷ ᠳ᠋ᠦᠩᠨᠡᠵᠦ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠰᠢᠯᠲᠠᠭ᠋ᠠᠨ᠎ᠢ ᠵᠠᠳᠠᠯᠵᠤ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠰᠡᠳᠬᠢᠴᠡ ᠪᠠ ᠲᠥᠯᠥᠪᠯᠡᠭᠡ᠎ᠪᠠᠨ ᠳᠤᠷᠠᠳᠪᠠ᠃
      ᠡᠯ᠎ᠡ ᠨᠢᠭᠡᠴᠢ ᠵᠢᠨ ᠨᠠᠮ᠎ᠤᠨ ᠬᠣᠷᠢᠶᠠᠨ᠎ᠤ ᠱᠦᠵᠢ ᠲᠤᠬᠠᠢ ᠵᠢᠨ ᠭᠠᠵᠠᠷ᠎ᠲᠤ᠎ᠨᠢ ᠪᠠᠶ᠋ᠢᠴᠠᠭ᠋ᠠᠨ ᠰᠤᠳᠤᠯᠤᠯᠲᠠ ᠬᠢᠬᠦ᠂ ᠡᠩ᠎ᠤᠨ ᠦᠶ᠎ᠡ᠎ᠳᠤ ᠤᠢ᠌ᠯᠠᠭ᠋ᠠᠭᠰᠠᠨ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠬᠠᠢ ᠲᠤᠰᠢᠶᠠᠯ᠎ᠤᠨ ᠮᠡᠳᠡᠭᠦᠯᠦᠯᠲᠡ᠎ᠳᠤ ᠦᠨᠡᠯᠡᠯᠲᠡ ᠬᠢᠵᠦ᠂ ᠠᠮᠵᠢᠯᠲᠠ ᠵᠢ᠎ᠨᠢ ᠭᠦᠢ᠍ᠴᠡᠳ ᠨᠤᠲᠠᠯᠠᠬᠤ ᠵᠢᠨ ᠬᠠᠮᠲᠤ ᠣᠷᠣᠰᠢᠵᠤ ᠪᠠᠶ᠋ᠢᠭ᠎ᠠ ᠬᠦᠷᠦᠯᠴᠡᠬᠦ ᠦᠭᠡᠢ ᠲᠠᠯ᠎ᠠ ᠵᠢ ᠵᠢᠭ᠋ᠠᠵᠤ ᠭᠠᠷᠭ᠋ᠠᠭᠰᠠᠨ ᠪᠥᠭᠡᠳ ᠦᠵᠡᠯ ᠰᠠᠨᠠᠭ᠋ᠠᠨ᠎ᠤ ᠪᠠᠶ᠋ᠢᠭᠤᠯᠤᠯᠲᠠ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ᠂ ᠰᠤᠷᠲᠠᠯ᠎ᠤᠨ ᠪᠠᠶ᠋ᠢᠭᠤᠯᠤᠯᠲᠠ᠂ ᠴᠢᠬᠡᠴᠢ ᠵᠠᠰᠠᠭ ᠪᠠᠷᠢᠬᠤ ᠪᠠᠶ᠋ᠢᠭᠤᠯᠤᠯᠲᠠ ᠵᠡᠷᠭᠡ ᠲᠠᠯ᠎ᠠ᠎ᠪᠠᠷ ᠤᠯᠠᠮ ᠨᠢᠭᠡ ᠠᠯᠬᠤᠮ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠪᠠᠭ᠎ᠤᠨ ᠪᠤᠰᠤᠳ ᠪᠦᠷᠢᠯᠳᠦᠬᠦᠨ ᠴᠦ᠍ ᠠᠵᠢᠯ᠎ᠤᠨ ᠬᠤᠪᠢᠶᠠᠷᠢᠯᠠᠯ᠎ᠲᠠᠢ᠎ᠪᠠᠨ ᠤᠶᠠᠯᠳᠤᠭᠤᠯᠤᠨ ᠦᠨᠡᠯᠡᠯᠲᠡ ᠬᠢᠭᠰᠡᠨ ᠪᠠᠶ᠋ᠢᠨ᠎ᠠ᠃
      ᠲᠠᠷᠠᠭ᠎ᠠ᠎ᠨᠢ᠂ ᠬᠤᠷᠠᠯ᠎ᠳᠤ ᠣᠷᠣᠯᠴᠠᠭᠰᠠᠳ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠳᠬᠤᠭᠰᠠᠨ ᠲᠤᠬᠠᠢ ᠠᠷᠠᠳᠴᠢᠯᠠᠯ ᠵᠶ᠋ᠠᠷ ᠰᠢᠯᠭ᠋ᠠᠨ ᠦᠨᠡᠯᠡᠪᠡ᠃
      ᠬᠤᠷᠠᠯ᠎ᠤᠨ ᠡᠴᠦᠰ᠎ᠲᠤ᠂ ᠬᠥᠬᠡᠬᠣᠲᠠ ᠵᠢᠨ ᠬᠣᠶᠠᠳᠤᠭ᠋ᠠᠷ ᠭᠢᠨᠳᠠᠨ᠎ᠤ ᠨᠠᠮ᠎ᠤᠨ ᠬᠣᠷᠢᠶ᠎ᠠ᠂ ᠵᠠᠯᠠᠨ ᠠᠶ᠋ᠢᠯ᠎ᠤᠨ ᠭᠢᠨᠳᠠᠨ᠎ᠤ ᠨᠠᠮ᠎ᠤᠨ ᠬᠣᠷᠢᠶ᠎ᠠ᠂ ᠳᠠᠯᠠᠩ ᠬᠠᠰᠢᠯᠭ᠎ᠠ ᠤᠰᠤ ᠴᠠᠬᠢᠯᠭ᠋ᠠᠨ᠎ᠤ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠬᠣᠷᠢᠶ᠎ᠠ ᠪᠠᠰᠠ ᠲᠣᠰ ᠲᠣᠰ ᠨᠠᠮ᠎ᠤᠨ ᠡᠭᠦᠷ᠎ᠤᠨ ᠱᠦᠵᠢ᠎ᠲᠠᠢ 《2021 ᠣᠨ᠎ᠤ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠠᠯᠲᠠᠲᠤ ᠬᠠᠷᠢᠭᠤᠴᠠᠯᠭ᠎ᠠ ᠵᠢᠨ ᠪᠢᠴᠢᠭ》᠂ 《ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠪᠢᠴᠢᠭ》 ᠲᠣᠭᠲᠠᠵᠤ᠂ ᠨᠠᠮ᠎ᠤᠨ ᠪᠠᠶ᠋ᠢᠭᠤᠯᠤᠯᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ ᠨᠠᠮ᠎ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠤᠬᠠᠮᠰᠠᠷ ᠵᠶ᠋ᠠᠨ ᠪᠥᠬᠥ ᠲᠠᠯ᠎ᠠ᠎ᠪᠠᠷ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠥᠬᠥ ᠲᠠᠯ᠎ᠠ᠎ᠪᠠᠷ ᠳᠠᠪᠰᠢᠬᠤ᠂ ᠪᠥᠬᠥ ᠲᠠᠯ᠎ᠠ᠎ᠪᠠᠷ ᠴᠠᠭ᠋ᠠᠷᠠᠬᠤ ᠵᠢ ᠠᠬᠢᠭᠤᠯᠪᠠ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠴᠠᠭᠳᠠᠭ᠋ᠠᠨ᠎ᠤ ᠲᠠᠯ᠎ᠠ ᠵᠢᠨ᠎ᠬᠢᠨ ᠤᠷᠠᠨ ᠠᠪᠢᠶᠠᠰ ᠵᠶ᠋ᠠᠨ ᠭᠠᠢ᠌ᠬᠠᠭᠤᠯᠵᠤ ᠴᠠᠭ᠋ᠠᠨ ᠰᠠᠷ᠎ᠠ ᠵᠢᠨ ᠪᠠᠶᠠᠷ ᠬᠦᠷᠭᠡᠵᠦ ᠪᠠᠢ᠌ᠨ᠎ᠠ
ᠲᠦᠩᠯᠢᠶᠣᠤ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲᠸᠮ᠎ᠤᠨ ᠥᠷᠭᠡᠨ ᠣᠯᠠᠨ ᠡᠮᠡᠭᠲᠡᠶ ᠺᠠᠳ᠋ᠷ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠤᠰᠬᠠᠶ ᠰᠡᠳᠦᠪᠲᠦ ᠲᠠᠢ᠌ᠯᠤᠮᠵᠢ ᠵᠢ ᠰᠤᠨᠢᠷᠬᠠᠪᠠ
ᠪᠥᠬᠥ ᠤᠯᠤᠰ᠎ᠤᠨ ᠬᠣᠶᠠᠷ ᠬᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠶ᠎ᠠ
ᠬᠠᠢ᠌ᠯᠠᠷ ᠲᠣᠭᠣᠷᠢᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠰᠠᠭᠤᠷᠢᠨ ᠭᠠᠵᠠᠷ᠎ᠢ ᠲᠣᠭᠣᠷᠢᠨ ᠦᠵᠡᠵᠦ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠰᠡᠷᠡᠮᠵᠢ ᠵᠢᠨ ᠳᠣᠬᠢᠶ᠎ᠠ ᠵᠢ ᠳᠤᠤᠭ᠋ᠠᠷᠭ᠋ᠠᠪᠠ
ᠤᠯᠠᠭ᠋ᠠᠨᠬᠠᠳᠠ ᠵᠢᠨ ᠭᠢᠨᠳᠠᠨ ᠨᠠᠷᠢᠨ ᠨᠢᠭᠲᠠ ᠪᠠᠢ᠌ᠷᠢᠯᠠᠭᠤᠯᠤᠯᠲᠠ ᠬᠢᠵᠦ ᠬᠥᠮᠦᠵᠢᠯ ᠴᠡᠭᠴᠡᠯᠡᠯᠲᠡ ᠵᠢᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ ᠵᠢ ᠠᠬᠢᠭᠤᠯᠵᠤ ᠪᠤᠢ
 
            