ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠎ᠤᠨ ᠨᠠᠮ᠎ᠤᠨ ᠡᠭᠦᠷ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠦᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-11-23

      ᠬᠠᠤᠯᠢ ᠴᠠᠭ᠋ᠠᠵᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ 《ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠰᠠᠢ᠌ᠲᠤᠷ ᠥᠷᠨᠢᠭᠦᠯᠬᠦ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ 10 ᠰᠠᠷ᠎ᠠ ᠵᠢᠨ 19᠎ᠤ ᠡᠳᠦᠷ᠂ ᠬᠠᠤᠯᠢ ᠴᠠᠭ᠋ᠠᠵᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠎ᠤᠨ ᠨᠠᠮ᠎ᠤᠨ ᠡᠭᠦᠷ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠡᠩ᠎ᠤᠨ ᠨᠠᠮ᠎ᠤᠨ ᠭᠡᠰᠢᠭᠦᠨ᠎ᠤ ᠬᠤᠪᠢ᠎ᠪᠠᠷ ᠲᠣᠰ ᠤᠳᠠᠭ᠋ᠠᠨ᠎ᠤ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠣᠷᠣᠯᠴᠠᠪᠠ᠃



      ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠭᠠᠵᠠᠷ᠎ᠤᠨ ᠨᠠᠮ᠎ᠤᠨ ᠡᠭᠦᠷ ᠡᠨᠡ ᠤᠳᠠᠭ᠎ᠠ ᠵᠢᠨ ᠲᠤᠰᠬᠠᠶ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠷᠠᠯ᠎ᠠᠴᠠ ᠡᠮᠦᠨ᠎ᠡ ᠨᠠᠷᠢᠨ ᠬᠢᠨᠠᠮᠠᠭ᠋ᠠᠶ ᠪᠡᠯᠡᠳᠬᠡᠵᠦ᠂ ᠲᠥᠯᠥᠪᠯᠡᠭᠡ ᠵᠢ ᠨᠠᠷᠢᠨ ᠬᠢᠨᠠᠮᠠᠭ᠋ᠠᠶ ᠲᠣᠭᠲᠠᠭ᠋ᠠᠵᠤ᠂ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠵᠤ᠂ ᠭᠦᠨᠵᠡᠭᠡᠶ ᠶᠠᠷᠢᠯᠴᠠᠵᠤ᠂ ᠥᠷᠭᠡᠨ ᠵᠶ᠋ᠡᠷ ᠰᠠᠨᠠᠯ ᠬᠤᠷᠢᠶᠠᠵᠤ᠂ ᠠᠰᠠᠭᠤᠳᠠᠯ᠎ᠢ ᠭᠦᠨᠵᠡᠭᠡᠶ ᠪᠠᠢ᠌ᠴᠠᠭ᠋ᠠᠨ ᠳᠡᠯᠭᠡᠬᠦ ᠵᠢ ᠪᠡᠶᠡᠯᠡᠭᠦᠯᠪᠡ᠃ ᠬᠤᠷᠠᠯ ᠳᠡᠭᠡᠷ᠎ᠡ ᠨᠠᠮ᠎ᠤᠨ ᠡᠭᠦᠷ᠎ᠤᠨ ᠱᠦᠵᠢ ᠨᠠᠮ᠎ᠤᠨ ᠡᠭᠦᠷ᠎ᠢ ᠲᠥᠯᠥᠭᠡᠯᠡᠨ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠥᠷᠨᠢᠭᠦᠯᠦᠭᠰᠡᠨ ᠪᠠᠢ᠌ᠳᠠᠯ᠎ᠤᠨ ᠲᠤᠬᠠᠶ ᠮᠡᠳᠡᠭᠦᠯᠦᠯᠲᠡ ᠬᠢᠭᠰᠡᠨ ᠪᠥᠭᠡᠳ ᠨᠠᠮ᠎ᠤᠨ ᠡᠭᠦᠷ᠎ᠤᠨ ᠪᠠᠢ᠌ᠴᠠᠭ᠋ᠠᠨ ᠦᠵᠡᠭᠰᠡᠨ ᠠᠰᠠᠭᠤᠳᠠᠯ ᠪᠠ ᠲᠠᠷᠠᠭ᠋ᠠᠴᠢ ᠵᠢᠨ ᠠᠯᠬᠤᠮ᠎ᠤᠨ ᠴᠡᠭᠴᠡᠯᠡᠨ ᠥᠭᠡᠷᠡᠴᠢᠯᠡᠬᠦ ᠴᠢᠭᠯᠡᠯ᠎ᠢ ᠮᠡᠳᠡᠭᠳᠡᠵᠦ᠂ ᠡᠯ᠎ᠡ ᠨᠠᠮ᠎ᠤᠨ ᠡᠭᠦᠷ᠎ᠤᠨ ᠪᠦᠷᠢᠯᠳᠦᠬᠦᠨ ᠦᠵᠡᠯ ᠰᠠᠨᠠᠭ᠎ᠠ᠂ ᠠᠵᠢᠯ ᠪᠠ ᠰᠤᠷᠲᠠᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠵᠢᠷᠭᠤᠭ᠋ᠠᠨ ᠲᠠᠯ᠎ᠠ ᠵᠢᠨ ᠲᠣᠭᠣᠷᠢᠨ᠎ᠳᠤ ᠭᠦᠨᠵᠡᠭᠡᠶ ᠵᠠᠳᠠᠯᠤᠯᠲᠠ ᠬᠢᠵᠦ᠂ ᠬᠠᠷᠢᠯᠴᠠᠨ ᠦᠨᠡᠨᠴᠢ᠎ᠪᠠᠷ ᠬᠠᠨᠳᠤᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠦᠨᠡᠨᠴᠢ᠎ᠪᠠᠷ ᠥᠷᠨᠢᠭᠦᠯᠵᠦ᠂ ᠨᠢᠭᠤᠷ ᠤᠯᠠᠢ᠌ᠨ ᠬᠥᠯᠥᠰᠥ ᠭᠠᠷᠭ᠋ᠠᠬᠤ ᠮᠥᠷᠲᠡᠭᠡᠨ ᠪᠠᠰᠠ ᠪᠦᠯᠬᠦᠮᠳᠡᠨ ᠡᠷᠴᠢ ᠵᠣᠷᠢᠭ ᠵᠶ᠋ᠠᠨ ᠬᠥᠪᠴᠢᠯᠡᠪᠡ᠃



      ᠳ᠋ᠠᠢ ᠶᠠᠨ ᠨᠠᠮ᠎ᠤᠨ ᠡᠭᠦᠷ᠎ᠤᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠳᠤ ᠵᠢᠯᠤᠭᠤᠳᠤᠯᠭ᠎ᠠ ᠬᠢᠵᠦ ᠦᠨᠡᠯᠡᠯᠲᠡ ᠬᠢᠵᠦ᠂ ᠨᠠᠮ᠎ᠤᠨ ᠡᠭᠦᠷ᠎ᠤᠨ ᠡᠯ᠎ᠡ ᠵᠦᠢ᠍ᠯ᠎ᠤᠨ ᠠᠵᠢᠯ᠎ᠢ ᠭᠦᠢ᠍ᠴᠡᠳ ᠨᠤᠲᠠᠯᠠᠵᠤ᠂ ᠲᠤᠰ ᠤᠳᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠦᠵᠡᠯ ᠰᠠᠨᠠᠭ᠎ᠠ ᠵᠢ ᠳᠠᠢ᠌ᠴᠢᠯᠠᠭᠰᠠᠨ᠎ᠨᠢ ᠭᠦᠢ᠍ᠴᠡᠳ᠂ ᠬᠤᠷᠠᠯ᠎ᠠᠴᠠ ᠡᠮᠦᠨᠡᠬᠢ ᠪᠡᠯᠡᠳᠬᠡᠯ᠎ᠨᠢ ᠭᠦᠢ᠍ᠴᠡᠳ᠂ ᠪᠠᠢ᠌ᠴᠠᠭ᠋ᠠᠨ ᠳᠡᠯᠭᠡᠭᠰᠡᠨ ᠠᠰᠠᠭᠤᠳᠠᠯ᠎ᠨᠢ ᠭᠦᠨᠵᠡᠭᠡᠢ᠂ ᠴᠡᠭᠴᠡᠯᠡᠨ ᠰᠠᠢ᠌ᠵᠢᠷᠠᠭᠤᠯᠬᠤ ᠴᠢᠭᠯᠡᠯ᠎ᠨᠢ ᠲᠣᠳᠣᠷᠬᠠᠢ ᠭᠡᠵᠦ ᠦᠵᠡᠪᠡ᠃ ᠡᠭᠦᠨ᠎ᠤ ᠬᠠᠮᠲᠤ᠂ ᠪᠣᠳᠠᠲᠠᠶ ᠠᠵᠢᠯ᠎ᠤᠨ ᠱᠠᠭ᠋ᠠᠷᠳᠠᠯᠭ᠎ᠠ ᠳᠤᠷᠠᠳᠪᠠ᠃ ᠨᠢᠭᠡ᠎ᠳᠤ ᠤᠯᠤᠰ ᠲᠦᠷᠦ ᠵᠢᠨ ᠵᠣᠭᠰᠣᠴᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠵᠢᠨ ᠦᠨᠡᠨᠴᠢ ᠰᠢᠳᠤᠷᠭᠤ ᠪᠠᠢ᠌ᠬᠤ᠎ᠪᠠᠨ ᠪᠡᠬᠢᠵᠢᠭᠦᠯᠬᠦ ᠬᠡᠷᠡᠭᠲᠡᠢ᠃ ᠨᠠᠮᠴᠢ ᠴᠢᠨᠠᠷ ᠪᠠ ᠠᠷᠠᠳᠴᠢ ᠴᠢᠨᠠᠷ ᠪᠣᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ 《ᠦᠨᠳᠦᠰᠦ》 ᠪᠠ 《ᠰᠦᠭ ᠰᠦᠨᠡᠰᠦ》 ᠮᠥᠨ ᠭᠡᠳᠡᠭ᠎ᠢ ᠭᠦᠨᠵᠡᠭᠡᠢ ᠲᠠᠨᠢᠵᠤ᠂ 《ᠲᠦᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠬᠣᠶᠠᠷ᠎ᠲᠤ ᠡᠪᠳᠡᠬᠦ ᠪᠠᠢ᠌ᠭᠤᠯᠬᠤ ᠵᠢ ᠵᠡᠷᠭᠡᠪᠡᠷ ᠠᠳᠬᠤᠬᠤ ᠵᠢ ᠪᠠᠷᠢᠮᠲᠠᠯᠠᠵᠤ᠂ ᠬᠥᠮᠦᠵᠢᠯ ᠴᠡᠭᠴᠡᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠬᠡᠷᠡᠭᠲᠡᠢ᠃ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠪᠠ ᠲᠦᠷᠢᠮ ᠲᠣᠭᠲᠠᠭ᠋ᠠᠯ ᠲᠣᠭᠲᠠᠭ᠋ᠠᠬᠤ ᠬᠣᠶᠠᠷ ᠵᠠᠩᠭᠢᠯᠠᠭ᠎ᠠ ᠵᠢᠨ ᠭᠣᠭᠴᠣᠭ᠎ᠠ ᠵᠢ ᠦᠨᠡᠨ ᠬᠦ᠌ ᠰᠠᠢ᠌ᠲᠤᠷ ᠠᠳᠬᠤᠵᠤ᠂ ᠠᠷᠬᠠᠭ ᠬᠡᠮ᠎ᠢ ᠪᠦᠲᠦᠮᠵᠢᠲᠡᠶ ᠴᠡᠭᠴᠡᠯᠡᠨ ᠵᠠᠰᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠢ᠌ᠭᠤᠯᠤᠯᠲᠠ ᠵᠢ ᠠᠬᠢᠭᠤᠯᠵᠤ᠂ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ ᠠᠷᠠᠳ ᠲᠦᠮᠡᠨ᠎ᠳᠤ ᠦᠢ᠍ᠯᠡᠴᠢᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠠᠷᠠᠳ᠎ᠤᠨ ᠲᠥᠯᠥᠭᠡ ᠪᠣᠳᠠᠲᠠᠢ ᠠᠵᠢᠯ ᠬᠢᠬᠦ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ᠃ ᠲᠤᠰᠬᠠᠶ ᠮᠡᠷᠭᠡᠵᠢᠯ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠵᠶ᠋ᠠᠨ ᠦᠨᠡᠨ ᠬᠦ᠌ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠶ ᠰᠢᠢᠳᠪᠦᠷᠢᠯᠡᠵᠦ᠂ ᠠᠷᠠᠳ ᠣᠯᠠᠨ᠎ᠤ ᠪᠠᠴᠢᠮ ᠬᠦᠴᠢᠷᠳᠡᠯ ᠵᠣᠪᠠᠭᠤᠷᠢ ᠬᠦᠰᠡᠯ ᠡᠷᠡᠮᠡᠯᠵᠡᠯ᠎ᠤᠨ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠶ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠠᠷᠤᠭ᠎ᠠ ᠪᠠᠶ ᠶᠦᠩ ᠫᠢᠩ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠶ ᠶᠠᠷᠢᠪᠠ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠤᠯᠪᠠᠰᠤᠷᠠᠭᠤᠯᠤᠯ᠎ᠤᠨ ᠠᠩᠭᠢ ᠡᠬᠢᠯᠡᠵᠦ ᠬᠠᠤᠯᠢ ᠬᠡᠷᠡᠭᠵᠢᠭᠦᠯᠬᠦ ᠰᠢᠯᠭ᠋ᠠᠷᠠᠭᠰᠠᠨ ᠡᠩᠨᠡᠭᠡ ᠵᠢ ᠪᠠᠢ᠌ᠭᠤᠯᠪᠠ
ᠢᠯᠡ᠎ᠪᠠᠷ ᠰᠠᠨᠠᠯ ᠵᠥᠪᠯᠡᠯᠭᠡ ᠬᠤᠷᠢᠶᠠᠵᠤ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯᠲᠠ ᠵᠢᠨ ᠢᠯᠡ ᠲᠣᠳᠣ ᠵᠢᠨ ᠬᠡᠮᠵᠢᠶ᠎ᠡ ᠪᠠ ᠠᠷᠠᠳ ᠲᠦᠮᠡᠨ᠎ᠤ ᠣᠷᠣᠯᠴᠠᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠥᠬᠥ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠪᠠ
ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠦᠨᠳᠦᠰᠦᠨ ᠱᠠᠲᠤᠨ᠎ᠤ ᠠᠵᠢᠯ᠎ᠤᠨ ᠲᠤᠬᠠᠶ 《ᠢᠯᠡ᠎ᠪᠠᠷ ᠰᠠᠨᠠᠯ ᠵᠥᠪᠯᠡᠯᠭᠡ ᠬᠤᠷᠢᠶᠠᠬᠤ》 ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ
 
            