2021 ᠣᠨ᠎ᠤ 10 ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠬᠣᠶᠠᠳᠤᠭ᠋ᠠᠷ ᠪᠦᠯᠦᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠦᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ᠂ ᠬᠤᠷᠠᠯ᠎ᠠᠴᠠ ᠬᠣᠶᠠᠳᠤᠭ᠋ᠠᠷ ᠪᠦᠯᠦᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠭᠦᠨᠵᠡᠭᠡᠢ ᠠᠬᠢᠭᠤᠯᠬᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠲᠡᠮᠦᠷ ᠴᠡᠷᠢᠭ᠎ᠢ ᠪᠠᠢ᠌ᠭᠤᠯᠬᠤ ᠡᠨᠡ ᠬᠦ᠌ ᠭᠣᠤᠯ ᠰᠡᠳᠦᠪ᠎ᠲᠠᠢ ᠤᠶᠠᠯᠳᠤᠭᠤᠯᠵᠤ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠭᠦᠨᠵᠡᠭᠡᠢ ᠦᠷᠨᠢᠭᠦᠯᠵᠦ᠂ ᠤᠯᠤᠰ ᠲᠥᠷᠥ ᠵᠢᠨ ᠲᠠᠯ᠎ᠠ᠎ᠪᠠᠷ ᠵᠥᠷᠢᠶ᠎ᠡ ᠭᠠᠷᠭ᠋ᠠᠬᠤ᠂ ᠤᠳᠤᠷᠢᠳᠤᠯᠭ᠎ᠠ᠎ᠠᠴᠠ ᠬᠠᠷᠢᠭᠤᠴᠠᠯᠭ᠎ᠠ ᠡᠷᠢᠬᠦ᠂ ᠦᠵᠡᠯ ᠰᠠᠨᠠᠭ᠎ᠠ᠎ᠠᠴᠠ ᠦᠨᠳᠦᠰᠦ ᠰᠤᠷᠪᠤᠯᠵᠢ ᠵᠢ ᠡᠷᠢᠬᠦ᠂ ᠨᠠᠢ᠌ᠳᠠᠪᠤᠷᠢᠵᠢᠭᠤᠯᠬᠤ ᠲᠠᠯ᠎ᠠ᠎ᠠᠴᠠ ᠵᠥᠷᠢᠶ᠎ᠡ᠎ᠪᠠᠨ ᠡᠷᠢᠬᠦ ᠵᠢ ᠪᠠᠷᠢᠮᠲᠠᠯᠠᠵᠤ᠂ ᠠᠰᠠᠭᠤᠳᠠᠯ᠎ᠤᠨ ᠰᠢᠯᠲᠠᠭ᠋ᠠᠨ᠎ᠢ ᠵᠠᠳᠠᠯᠵᠤ᠂ ᠴᠡᠭᠴᠡᠯᠡᠨ ᠰᠠᠢ᠌ᠵᠢᠷᠠᠭᠤᠯᠬᠤ ᠴᠢᠭᠯᠡᠯ᠎ᠢ ᠲᠤᠳᠤᠷᠬᠠᠢ᠌ᠯᠠᠨ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠲᠤᠭᠲᠠᠭ᠋ᠠᠵᠤ᠂ ᠬᠣᠶᠠᠳᠤᠭ᠋ᠠᠷ ᠪᠦᠯᠦᠭ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠭᠦᠨᠵᠡᠭᠡᠶ ᠠᠬᠢᠭᠤᠯᠬᠤ ᠵᠢᠨ ᠲᠥᠯᠥᠭᠡ ᠠᠵᠢᠯ᠎ᠤᠨ ᠴᠢᠭᠯᠡᠯ᠎ᠢ ᠲᠣᠳᠣᠷᠬᠠᠢ᠌ᠯᠠᠪᠠ᠃

ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠪᠠᠶ ᠶᠦᠩ ᠫᠢᠩ ᠡᠷᠭᠢᠯᠡᠵᠦ᠂ ᠬᠠᠤᠯᠢ ᠴᠠᠭ᠋ᠠᠵᠠ ᠵᠢᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠵᠢᠶᠠ ᠯᠢ᠂ ᠰᠦᠨ ᠵᠢᠨ ᠶᠠᠨ᠂ ᠬᠣᠩ ᠴᠧᠩ ᠬᠤᠤ᠂ ᠵᠠᠩ ᠱᠣᠤ ᠬᠤᠸᠠ᠂ ᠳ᠋ᠠᠶ ᠶᠠᠨ᠂ ᠵᠠᠩ ᠷᠦᠢ ᠾᠧ᠂ ᠴᠢᠨ ᠵᠢᠶᠠᠨ ᠹᠸᠩ ᠬᠤᠷᠠᠯ᠎ᠳᠤ ᠣᠷᠣᠯᠴᠠᠪᠠ᠃ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠳᠤᠭᠤᠢ᠌ᠯᠠᠩ᠎ᠤᠨ ᠳᠡᠳ᠋ ᠳᠠᠷᠤᠭ᠎ᠠ ᠵᠠᠩ ᠬᠤᠸᠠ᠂ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠳᠤᠭᠤᠢ᠌ᠯᠠᠩ᠎ᠤᠨ ᠪᠦᠷᠢᠯᠳᠦᠬᠦᠨ ᠶᠣᠣ ᠽᠢ ᠹᠸᠩ᠂ ᠫᠸᠩ ᠶᠣᠣ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶᠠᠨ᠎ᠤ ᠳᠡᠳ᠋ ᠱᠦᠵᠢ ᠸᠠᠩ ᠰᠢᠤᠢ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠎ᠤᠨ ᠺᠠᠳ᠋ᠷ᠎ᠤᠨ ᠭᠤᠷᠪᠠᠳᠤᠭ᠋ᠠᠷ ᠭᠠᠵᠠᠷ᠎ᠤᠨ ᠬᠣᠶᠠᠳᠤᠭ᠋ᠠᠷ ᠳᠡᠰ᠎ᠤᠨ ᠡᠷᠬᠢᠯᠡᠭᠴᠢ ᠭᠡᠰᠢᠭᠦᠴᠢ ᠪᠠᠢ ᡁᠢ ᠫᠸᠩ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃

ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠷᠠᠯ᠎ᠠᠴᠠ ᠡᠮᠦᠨ᠎ᠡ ᠬᠤᠷᠠᠯ᠎ᠤᠨ ᠲᠥᠰᠦᠯ᠎ᠢ ᠨᠠᠷᠢᠨ ᠬᠢᠨᠠᠮᠠᠭ᠋ᠠᠶ ᠰᠤᠳᠤᠯᠤᠨ ᠲᠣᠭᠲᠠᠭ᠋ᠠᠵᠤ᠂ ᠤᠳᠤᠷᠢᠳᠬᠤ ᠺᠠᠳ᠋ᠷᠴᠤᠳ᠎ᠢ ᠵᠣᠬᠢᠶᠠᠨ ᠪᠠᠢ᠌ᠭᠤᠯᠤᠨ ᠶᠡᠷᠦᠩᠬᠡᠶ ᠱᠦᠵᠢ ᠰᠢ ᠵᠢᠨ ᠫᠢᠩ᠎ᠤᠨ 《ᠲᠤᠯᠤᠭ᠋ᠠᠨ ᠰᠠᠷ᠎ᠠ ᠵᠢᠨ ᠨᠢᠭᠡᠨ》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠤᠯᠤᠰ ᠲᠥᠷᠥ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠲᠤᠬᠠᠶ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠰᠤᠷᠤᠯᠴᠠᠪᠠ᠃ ᠪᠢᠴᠢᠭ ᠵᠶ᠋ᠡᠷ ᠰᠠᠨᠠᠯ ᠬᠤᠷᠢᠶᠠᠬᠤ᠂ ᠰᠠᠨᠠᠯ ᠬᠤᠷᠢᠶᠠᠬᠤ ᠬᠠᠢ᠌ᠷᠴᠠᠭ ᠭᠠᠷᠭ᠋ᠠᠬᠤ ᠵᠡᠷᠭᠡ ᠬᠡᠯᠪᠡᠷᠢ ᠵᠢ ᠠᠪᠴᠤ᠂ ᠳᠤᠤᠷᠠᠳᠤ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠰᠣᠨᠣᠰᠤᠨ᠎ᠠ᠃ ᠤᠳᠤᠷᠢᠳᠬᠤ ᠪᠠᠭ᠎ᠤᠨ ᠪᠦᠷᠢᠯᠳᠦᠬᠦᠨ ᠭᠣᠣᠯ ᠰᠡᠳᠦᠪ᠎ᠲᠠᠢ ᠨᠢᠭᠲᠠ ᠤᠶᠠᠯᠳᠤᠭᠤᠯᠤᠨ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠭᠦᠨᠵᠡᠭᠡᠢ ᠥᠷᠨᠢᠭᠦᠯᠵᠦ᠂ ᠥᠪᠡᠰᠦᠪᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠵᠤ ᠡᠷᠢᠭᠰᠡᠨ ᠠᠰᠠᠭᠤᠳᠠᠯ᠂ ᠠᠷᠬᠠᠭ ᠭᠡᠮ᠎ᠢ ᠳᠠᠷᠠᠭ᠋ᠠᠯᠠᠨ ᠪᠠᠢ᠌ᠴᠠᠭ᠋ᠠᠵᠤ ᠴᠡᠭᠴᠡᠯᠡᠨ ᠵᠠᠰᠠᠭᠰᠠᠨ ᠠᠰᠠᠭᠤᠳᠠᠯ᠂ ᠲᠥᠪ᠎ᠤᠨ ᠱᠠᠯᠠᠪᠳᠠᠭᠤᠯᠤᠨ ᠵᠢᠯᠣᠭᠣᠳᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠂ ᠡᠭᠦᠳᠡ᠎ᠪᠠᠨ ᠨᠡᠭᠡᠭᠡᠵᠦ ᠰᠠᠨᠠᠯ ᠰᠠᠨᠠᠭᠤᠯᠭ᠎ᠠ ᠬᠤᠷᠢᠶᠠᠵᠤ ᠴᠤᠭᠯᠠᠭᠤᠯᠤᠭᠰᠠᠨ ᠠᠰᠠᠭᠤᠳᠠᠯ᠂ ᠰᠡᠳᠬᠢᠯ᠎ᠤᠨ ᠦᠭᠡ᠎ᠪᠠᠨ ᠶᠠᠷᠢᠯᠴᠠᠵᠤ ᠬᠦᠨᠳᠡᠭᠰᠡᠨ ᠠᠰᠠᠭᠤᠳᠠᠯ᠎ᠲᠠᠢ ᠬᠠᠷᠢᠴᠠᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠰᠠᠭᠤᠳᠠᠯ᠎ᠤᠨ ᠲᠤᠬᠠᠢ ᠤᠬᠠᠮᠰᠠᠷ ᠵᠶ᠋ᠠᠨ ᠴᠢᠩᠭ᠋ᠠᠳᠬᠠᠵᠤ᠂ ᠤᠳᠤᠷᠢᠳᠬᠤ ᠪᠠᠭ᠎ᠤᠨ ᠬᠠᠷᠭᠤᠭᠤᠯᠤᠨ ᠪᠠᠢ᠌ᠴᠠᠭ᠋ᠠᠭᠰᠠᠨ ᠮᠠᠲ᠋ᠧᠷᠢᠶᠠᠯ ᠪᠠ ᠬᠤᠪᠢ ᠬᠥᠮᠦᠨ᠎ᠤ ᠶᠠᠷᠢᠶᠠᠨ᠎ᠤ ᠲᠣᠪᠴᠢ ᠵᠢ ᠨᠠᠷᠢᠨ ᠬᠢᠨᠠᠮᠠᠭ᠋ᠠᠢ ᠲᠤᠭᠤᠷᠪᠢᠨ ᠪᠢᠴᠢᠵᠦ᠂ ᠲᠤᠪᠤᠢ᠍ᠢ᠍ᠮ᠎ᠠ ᠠᠰᠠᠭᠤᠳᠠᠯ᠎ᠢ ᠭᠦᠨᠵᠡᠭᠡᠢ ᠪᠠᠢ᠌ᠴᠠᠭ᠋ᠠᠨ ᠳᠡᠯᠭᠡᠨ᠎ᠡ᠃
ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷ᠎ᠡ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠪᠠᠶ ᠶᠦᠩ ᠫᠢᠩ ᠡᠩ ᠲᠡᠷᠢᠭᠦᠨ᠎ᠳᠤ ᠲᠢᠩᠬᠢᠮ᠎ᠤᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠢ ᠲᠥᠯᠥᠭᠡᠯᠡᠨ ᠬᠠᠷᠭᠤᠭᠤᠯᠤᠨ ᠪᠠᠢ᠌ᠴᠠᠭ᠋ᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ ᠪᠠ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠵᠢᠷᠭᠤᠭ᠋ᠠᠨ ᠲᠠᠯ᠎ᠠ ᠵᠢᠨ ᠠᠷᠬᠠᠭ ᠭᠡᠮ᠎ᠤᠨ ᠲᠣᠭᠣᠷᠢᠨ᠎ᠳᠤ ᠣᠷᠣᠰᠢᠵᠤ ᠪᠠᠢ᠌ᠭ᠎ᠠ ᠠᠰᠠᠭᠤᠳᠠᠯ ᠵᠢᠴᠢ ᠰᠢᠯᠲᠠᠭ᠋ᠠᠨ᠎ᠢ ᠭᠦᠨᠵᠡᠭᠡᠶ ᠵᠠᠳᠠᠯᠵᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠲᠣᠳᠣᠷᠬᠠᠢ᠌ᠯᠠᠭᠰᠠᠨ ᠪᠥᠭᠡᠳ ᠲᠦᠷᠦᠭᠦᠯᠡᠨ ᠬᠤᠪᠢ ᠬᠥᠮᠦᠨ᠎ᠤ ᠬᠠᠷᠭᠤᠭᠤᠯᠤᠨ ᠪᠠᠢ᠌ᠴᠠᠭ᠋ᠠᠯᠲᠠ ᠬᠢᠪᠡ; ᠲᠢᠩᠬᠢᠮ᠎ᠤᠨ ᠨᠠᠮ᠎ᠤᠨ ᠬᠣᠷᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠨᠡᠷ ᠲᠣᠰ ᠲᠣᠰ᠎ᠤᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠬᠠᠷᠭᠤᠭᠤᠯᠤᠨ ᠪᠠᠢ᠌ᠴᠠᠭ᠋ᠠᠵᠤ᠂ ᠥᠪᠡᠷ᠎ᠤᠨ ᠰᠢᠭᠦᠮᠵᠢᠯᠡᠯ ᠪᠠ ᠬᠠᠷᠢᠯᠴᠠᠨ ᠰᠢᠭᠦᠮᠵᠢᠯᠡᠯ ᠬᠢᠪᠠ᠃
ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶᠠᠨ᠎ᠤ ᠤᠳᠤᠷᠢᠳᠬᠤ ᠪᠠᠭ ᠵᠢᠴᠢ ᠤᠳᠤᠷᠢᠳᠬᠤ ᠪᠠᠭ᠎ᠤᠨ ᠪᠦᠷᠢᠯᠳᠦᠬᠦᠨ᠎ᠤ ᠬᠠᠷᠭᠤᠭᠤᠯᠤᠨ ᠪᠠᠢ᠌ᠴᠠᠭ᠋ᠠᠬᠤ ᠵᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠳᠡᠳ᠋ ᠱᠦᠵᠢ ᠸᠠᠩ ᠰᠢᠤᠢ ᠵᠢᠶᠦ᠋ᠨ ᠦᠨᠡᠯᠡᠯᠲᠡ ᠬᠢᠪᠠ᠂ ᠲᠡᠷᠡ᠂ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠲᠤᠰᠬᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠪᠣᠷ ᠨᠠᠷᠢᠨ ᠬᠢᠨᠠᠮᠠᠭ᠋ᠠᠶ ᠪᠠᠢ᠌ᠵᠤ᠂ ᠨᠠᠮ᠎ᠤᠨ ᠬᠣᠷᠢᠶᠠᠨ᠎ᠤ ᠤᠳᠤᠷᠢᠳᠬᠤ ᠪᠠᠭ ᠵᠢᠴᠢ ᠤᠳᠤᠷᠢᠳᠬᠤ ᠪᠠᠭ᠎ᠤᠨ ᠪᠦᠷᠢᠯᠳᠦᠬᠦᠨ᠎ᠤ ᠪᠠᠢ᠌ᠴᠠᠭ᠋ᠠᠯᠲᠠ ᠵᠠᠳᠠᠯᠤᠯᠲᠠ ᠭᠦᠨᠵᠡᠭᠡᠶ ᠪᠠᠢ᠌ᠵᠤ᠂ ᠠᠰᠠᠭᠤᠳᠠᠯ᠎ᠢ ᠣᠨᠣᠪᠴᠢᠲᠠᠶ ᠪᠠᠢ᠌ᠴᠠᠭ᠋ᠠᠨ ᠡᠷᠢᠵᠦ᠂ ᠴᠡᠭᠴᠡᠯᠡᠨ ᠰᠠᠢ᠌ᠵᠢᠷᠠᠭᠤᠯᠬᠤ ᠴᠢᠭᠯᠡᠯ ᠲᠣᠳᠣᠷᠬᠠᠶ ᠪᠠᠢ᠌ᠨ᠎ᠠ᠃ ᠲᠠᠷᠠᠭ᠋ᠠᠴᠢ ᠵᠢᠨ ᠠᠵᠢᠯ᠎ᠤᠨ ᠳᠤᠮᠳᠠ ᠲᠠᠪᠤᠨ 《ᠤᠯᠠᠮ ᠨᠢᠭᠡ ᠠᠯᠬᠤᠮ ᠴᠢᠩᠭ᠋ᠠᠳᠬᠠᠬᠤ》 ᠵᠢ ᠪᠡᠶᠡᠯᠡᠭᠦᠯᠬᠦ ᠬᠡᠷᠡᠭᠲᠡᠶ᠄ ᠨᠢᠭᠡ᠎ᠳᠤ ᠠᠰᠠᠭᠤᠳᠠᠯ᠎ᠢ ᠪᠠᠢ᠌ᠴᠠᠭ᠋ᠠᠨ ᠵᠠᠯᠠᠷᠠᠭᠤᠯᠬᠤ ᠵᠢᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠂ ᠬᠣᠶᠠᠷ᠎ᠲᠤ ᠭᠣᠤᠯᠳᠠᠯᠭ᠎ᠠ᠎ᠲᠠᠢ ᠠᠵᠢᠯ ᠲᠥᠷᠥᠯ᠂ ᠭᠣᠤᠯᠳᠠᠯᠭ᠎ᠠ᠎ᠲᠠᠢ ᠬᠦᠷᠢᠶ᠎ᠡ᠂ ᠭᠣᠤᠯᠳᠠᠯᠭ᠎ᠠ᠎ᠲᠠᠢ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠳᠬᠠᠨ᠎ᠠ᠂ ᠭᠤᠷᠪᠠ᠎ᠳᠤ ᠳᠣᠷᠣᠭᠰᠢ ᠵᠢᠯᠣᠭᠣᠳᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠎ᠠ᠂ ᠳᠥᠷᠪᠡ᠎ᠳᠤ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ ᠪᠠ ᠦᠨᠳᠦᠰᠦᠨ ᠱᠠᠲᠤᠨ᠎ᠳᠤ ᠬᠦᠴᠢᠷ ᠠᠰᠠᠭᠤᠳᠠᠯ᠎ᠢ ᠰᠢᠢᠳᠪᠦᠷᠢᠯᠡᠵᠦ ᠥᠭᠬᠦ ᠠᠵᠢᠯ᠎ᠤᠨ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠳᠬᠠᠨ᠎ᠠ᠂ ᠲᠠᠪᠤ᠎ᠳᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
ᠲᠢᠩᠬᠢᠮ᠎ᠤᠨ ᠳᠠᠷᠤᠭ᠎ᠠ ᠪᠠᠶ ᠶᠦᠩ ᠫᠢᠩ ᠬᠤᠷᠠᠯ᠎ᠤᠨ ᠪᠠᠢ᠌ᠳᠠᠯ᠎ᠢ ᠳ᠋ᠦᠩᠨᠡᠪᠡ᠃ ᠲᠡᠷᠡ ᠵᠢᠭ᠋ᠠᠭᠰᠠᠨ᠎ᠨᠢ᠂ ᠡᠨᠡ ᠤᠳᠠᠭ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠬᠣᠶᠠᠳᠤᠭ᠋ᠠᠷ ᠪᠦᠯᠦᠭ᠎ᠤᠨ ᠡᠩᠨᠡᠭᠡ ᠵᠢᠨ ᠬᠥᠮᠦᠵᠢᠯ ᠴᠡᠭᠴᠡᠯᠡᠯᠲᠡ ᠵᠢ ᠰᠠᠢ᠌ᠲᠤᠷ ᠥᠷᠨᠢᠭᠦᠯᠬᠦ ᠵᠢ 《ᠬᠣᠶᠠᠷ᠎ᠢ ᠬᠠᠮᠠᠭ᠋ᠠᠯᠠᠬᠤ》 ᠵᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠪᠣᠯᠭ᠋ᠠᠵᠤ᠂ 《ᠡᠮᠦᠨ᠎ᠡ᠎ᠨᠢ ᠶᠠᠪᠤᠵᠤ᠂ ᠲᠤᠷᠰᠢᠯᠭ᠎ᠠ ᠡᠭᠦᠳᠴᠦ᠂ ᠥᠯᠢᠭᠡᠷ ᠳᠠᠭᠤᠷᠢᠶᠠᠯ ᠪᠣᠯᠬᠤ》 ᠬᠠᠷᠢᠭᠤᠴᠠᠯᠭ᠎ᠠ ᠡᠭᠦᠷᠭᠡᠯᠡᠯ ᠵᠶ᠋ᠡᠷ᠂ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠪᠠ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠪᠥᠬᠥ ᠬᠦᠴᠦᠨ ᠵᠶ᠋ᠡᠷ ᠠᠬᠢᠭᠤᠯᠵᠤ᠂ ᠴᠠᠭ᠋ᠠᠷᠠᠭᠰᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢ ᠪᠠᠢ᠌ᠭᠤᠯᠵᠤ᠂ ᠵᠢᠱ᠌ᠢᠶᠡᠴᠢ ᠪᠠᠢ᠌ᠭᠤᠯᠭ᠎ᠠ ᠵᠢ ᠪᠠᠢ᠌ᠭᠤᠯᠵᠤ᠂ ᠨᠠᠮ ᠪᠣᠯᠤᠨ ᠠᠷᠠᠳ ᠲᠦᠮᠡᠨ᠎ᠳᠤ ᠬᠠᠨᠤᠮᠵᠢᠲᠠᠶ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠬᠡᠷᠡᠭᠲᠡᠶ ᠭᠡᠪᠡ᠃ ᠨᠢᠭᠡ᠎ᠳᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠦ᠂ ᠤᠯᠤᠰ ᠲᠥᠷᠥ ᠵᠢᠨ ᠵᠣᠭᠰᠣᠴᠠ᠎ᠪᠠᠨ ᠳᠠᠬᠢᠨ ᠳᠡᠭᠡᠭᠰᠢᠯᠡᠭᠦᠯᠦᠨ᠎ᠡ᠃ ᠥᠷᠭᠡᠨ ᠣᠯᠠᠨ ᠺᠠᠳ᠋ᠷ ᠴᠠᠭᠳᠠᠭ᠎ᠠ ᠪᠣᠯᠤᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠠᠵᠢᠯᠲᠠᠨ᠎ᠢ ᠬᠥᠮᠦᠵᠢᠭᠦᠯᠦᠨ ᠵᠢᠯᠣᠭᠣᠳᠴᠤ ᠪᠠᠢ᠌ᠭ᠋ᠠᠳ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃ ᠬᠣᠶᠠᠷ᠎ᠲᠤ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠵᠤ᠂ ᠠᠷᠬᠠᠭ ᠬᠡᠮ᠎ᠢ ᠴᠡᠭᠴᠡᠯᠡᠨ ᠵᠠᠰᠠᠬᠤ ᠵᠢ ᠳᠠᠬᠢᠨᠲᠠ ᠭᠦᠨᠵᠡᠭᠡᠢ᠌ᠷᠡᠭᠦᠯᠦᠨ᠎ᠡ᠃ ᠪᠠᠢ᠌ᠴᠠᠭ᠋ᠠᠨ ᠵᠠᠯᠠᠷᠠᠭᠤᠯᠵᠤ ᠴᠡᠭᠴᠡᠯᠡᠨ ᠰᠠᠢ᠌ᠵᠢᠷᠠᠭᠤᠯᠬᠤ ᠵᠠᠩᠭᠢᠯᠠᠭ᠎ᠠ ᠵᠢᠨ ᠭᠣᠭᠴᠣᠭ᠎ᠠ ᠵᠢ ᠪᠠᠲᠤ ᠡᠵᠡᠮᠳᠡᠵᠦ᠂ ᠦᠵᠡᠯ ᠰᠠᠨᠠᠭ᠎ᠠ ᠵᠢ ᠳᠠᠢ᠌ᠴᠢᠯᠠᠬᠤ᠂ ᠲᠥᠷᠥ ᠵᠢᠨ ᠪᠣᠳᠣᠯᠭ᠎ᠠ ᠵᠢ ᠬᠡᠷᠡᠭᠯᠡᠬᠦ᠂ ᠰᠦᠪᠡᠭᠴᠢ ᠵᠢ ᠬᠠᠷᠭᠤᠭᠤᠯᠤᠨ ᠪᠠᠢ᠌ᠴᠠᠭ᠋ᠠᠬᠤ᠂ ᠰᠠᠯᠠᠭ᠎ᠠ ᠮᠥᠴᠢᠷ ᠬᠠᠮᠵᠢᠯᠴᠠᠬᠤ ᠵᠢ ᠴᠢᠩᠭ᠋ᠠᠳᠬᠠᠵᠤ᠂ ᠬᠠᠮᠲᠤ ᠨᠡᠢ᠌ᠲᠡ ᠵᠢ ᠲᠦᠢ᠍ᠪᠡᠭᠡᠭᠴᠢ ᠵᠢ ᠡᠷᠡᠰ ᠠᠷᠢᠯᠭ᠋ᠠᠵᠤ᠂ ᠠᠷᠬᠠᠭ ᠬᠡᠮ᠎ᠢ ᠪᠦᠲᠦᠮᠵᠢᠲᠡᠶ ᠴᠡᠭᠴᠡᠯᠡᠨ ᠵᠠᠰᠠᠬᠤ ᠬᠡᠷᠡᠭᠲᠡᠢ᠃ ᠭᠤᠷᠪᠠ᠎ᠳᠤ ᠴᠡᠭᠴᠡᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠲᠦᠷᠢᠮ ᠲᠣᠭᠲᠠᠭ᠋ᠠᠯ᠎ᠢ ᠲᠠᠬᠢᠨ ᠴᠢᠩᠭ᠋ᠠᠳᠬᠠᠨ᠎ᠠ᠃ ᠲᠦᠷᠢᠮ ᠲᠣᠭᠲᠠᠭ᠋ᠠᠯ ᠲᠣᠭᠲᠠᠭ᠋ᠠᠬᠤ ᠵᠢ ᠰᠤᠷᠭ᠋ᠠᠨ ᠬᠥᠮᠦᠵᠢᠯ᠎ᠤᠨ ᠴᠡᠭᠴᠡᠯᠡᠯᠲᠡ ᠵᠢᠨ ᠡᠯ᠎ᠡ ᠭᠣᠭᠴᠣᠭ᠎ᠠ᠎ᠳᠤ ᠲᠤᠭᠤᠰᠢᠯᠠᠭᠤᠯᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠴᠡᠭᠴᠡᠯᠡᠯᠲᠡ ᠵᠢᠨ ᠠᠮᠵᠢᠯᠲᠠ᠎ᠲᠠᠢ ᠲᠤᠷᠰᠢᠯᠭ᠎ᠠ ᠵᠢ ᠰᠢᠰᠲ᠋ᠧᠮ᠎ᠲᠠᠢ ᠬᠤᠷᠠᠮᠳᠤᠭᠤᠯᠵᠤ᠂ ᠲᠦᠷᠢᠮ᠎ᠤᠨ ᠬᠡᠯᠪᠡᠷᠢ᠎ᠪᠠᠷ ᠰᠤᠷᠭ᠋ᠠᠨ ᠬᠥᠮᠦᠵᠢᠯ᠎ᠤᠨ ᠴᠡᠭᠴᠡᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠲᠦᠷᠢᠮ ᠵᠶ᠋ᠡᠷ ᠬᠥᠮᠦᠨ᠎ᠢ ᠬᠠᠮᠢᠶᠠᠷᠴᠤ ᠤᠴᠢᠷ ᠶᠠᠪᠤᠳᠠᠯ᠎ᠢ ᠬᠠᠮᠢᠶᠠᠷᠬᠤ ᠵᠢ ᠪᠡᠶᠡᠯᠡᠭᠦᠯᠵᠦ᠂ ᠪᠠᠢ᠌ᠩᠭᠤ ᠵᠠᠰᠠᠬᠤ ᠵᠢ ᠠᠬᠢᠭᠤᠯᠬᠤ᠎ᠳᠤ ᠲᠦᠷᠢᠮ᠎ᠤᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠲᠦᠷᠪᠡ᠎ᠳᠤ ᠰᠠᠢ᠍ᠢ᠍ᠨ ᠰᠠᠢ᠌ᠬᠠᠨ ᠲᠦᠷᠢ ᠲᠥᠷᠬᠦ ᠵᠢ ᠲᠠᠬᠢᠨ ᠱᠤᠭᠤᠵᠤ᠂ ᠵᠢᠱ᠌ᠢᠶᠡᠴᠢ ᠪᠠᠢ᠌ᠭᠤᠯᠭ᠎ᠠ ᠵᠢ ᠡᠭᠦᠳᠦᠨ ᠪᠠᠢ᠌ᠭᠤᠯᠵᠤ ᠲᠠᠬᠢᠨ ᠳᠡᠭᠡᠭᠰᠢᠯᠡᠭᠦᠯᠦᠨ᠎ᠡ᠃ ᠤᠯᠤᠰ ᠲᠦᠷᠦ ᠵᠢᠨ ᠪᠠᠢ᠌ᠭᠤᠯᠭ᠎ᠠ᠂ ᠤᠳᠤᠷᠢᠳᠬᠤ ᠪᠠᠢ᠌ᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠪᠠᠢ᠌ᠭᠤᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠳᠠᠭ᠋ᠠᠭᠤᠯᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ᠌ᠷᠡᠭᠦᠯᠦᠨ᠂ ᠠᠷᠠᠳ᠎ᠲᠤ ᠠᠰᠢᠭ ᠬᠦᠷᠲᠡᠭᠡᠬᠦ ᠨᠢᠭᠡ ᠪᠦᠯᠦᠭ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠤᠯᠠᠨ ᠲᠦᠮᠡᠨ᠎ᠤ ᠲᠤᠢ᠌ᠯ ᠵᠶ᠋ᠠᠷ ᠬᠣᠷᠣᠰᠤᠨ ᠵᠠᠨᠤᠵᠤ ᠪᠠᠢ᠌ᠭ᠎ᠠ ᠶᠠᠪᠤᠳᠠᠯ᠎ᠳᠤ ᠥᠴᠦᠬᠡᠨ ᠴᠦ᠍ ᠢᠯᠳᠠᠷ ᠬᠠᠶᠠᠬᠤ ᠦᠭᠡᠢ᠂ ᠤᠯᠠᠨ ᠲᠦᠮᠡᠨ᠎ᠤ ᠪᠠᠴᠢᠮᠳᠠᠨ ᠰᠠᠨᠳᠤᠷᠴᠤ ᠵᠣᠪᠠᠨᠢᠵᠤ ᠬᠦᠰᠡᠵᠦ ᠪᠠᠢ᠌ᠭ᠎ᠠ ᠶᠠᠪᠤᠳᠠᠯ᠎ᠳᠤ ᠥᠴᠦᠬᠡᠨ ᠴᠦ᠍ ᠴᠠᠯᠠᠭ᠋ᠠᠢ᠌ᠷᠠᠬᠤ ᠦᠭᠡᠢ ᠪᠠᠢ᠌ᠬᠤ ᠵᠢ ᠪᠡᠶᠡᠯᠡᠭᠦᠯᠵᠦ᠂ ᠤᠯᠠᠨ ᠲᠦᠮᠡᠨ᠎ᠳᠤ ᠡᠩᠨᠡᠭᠡᠨ᠎ᠤ ᠬᠥᠮᠦᠵᠢᠯ ᠴᠡᠭᠴᠡᠯᠡᠯᠲᠡ ᠵᠢᠨ ᠠᠪᠴᠢᠷᠠᠭᠰᠠᠨ ᠰᠢᠨ᠎ᠡ ᠬᠤᠪᠢᠷᠠᠯᠲᠠ ᠵᠢ ᠦᠨᠡᠨ ᠬᠦ᠌ ᠮᠡᠳᠡᠷᠡᠭᠦᠯᠬᠦ ᠬᠡᠷᠡᠭᠲᠡᠢ᠃

ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠬᠠᠤᠯᠢ ᠴᠠᠭ᠋ᠠᠵᠠ ᠵᠢᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠡᠳ᠋ ᠳᠠᠷᠤᠭ᠎ᠠ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ᠎ᠤᠨ ᠪᠠᠢ᠌ᠭᠤᠯᠭ᠎ᠠ ᠵᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠶ᠃